ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠠᠶᠠᠨᠨᠠᠭᠤᠷ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ︵ᠪᠡᠯᠡᠳᠬᠡᠬᠦ︶ ᠵᠥᠪᠯᠡᠯ ᠤᠨ ᠠᠯᠪᠠᠨ ᠬᠡᠷ᠂ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠬᠤᠯᠪᠣᠭᠳᠠᠯ ᠪᠥᠬᠦᠶ ᠲᠣᠰᠣ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠵᠤ ᠠᠬᠤᠶᠢᠯᠠᠯ ᠳᠤ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠠᠶᠠᠨᠨᠠᠭᠤᠷ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠎ ᠪᠠᠷ  ᠳᠠᠮᠵᠢᠭᠤᠯᠬᠤ  ᠬᠤᠭᠤᠯᠠᠶ ᠎ ᠶᠢᠨ  ᠠᠮᠤᠷ  ᠲᠦᠪᠰᠢᠨ ᠤ ᠠᠳᠡᠯ ᠤᠨ ᠪᠠᠴᠢᠮ ᠪᠠᠶᠢᠳᠠᠯ ᠎ ᠢ  ᠠᠷᠭᠠᠴᠠᠬᠤ  ᠪᠡᠯᠡᠳᠬᠡᠯ  ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                        ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2023 ᠣᠨ ᠤ 7 ᠰᠠᠷ᠎ᠠ ᠶᠢᠨ 31᠎ ᠤ ᠡᠳᠦᠷ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶      ᠪᠠᠶᠠᠨᠨᠠᠭᠤᠷ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠠᠶᠤᠯ ᠦᠭᠡᠢ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯᠭᠠᠷᠴᠠᠭ1 ᠶᠡᠷᠦᠩᠭᠡᠢ ᠳᠥᠷᠢᠮ1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ1.3 ᠬᠡᠷᠡᠭᠯᠡᠬᠦ ᠬᠡᠪᠴᠢᠶ᠎ᠡ1.4 ᠠᠵᠢᠯ ᠤᠨ ᠵᠠᠷᠴᠢᠮ1.5 ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ2 ᠵᠤᠬᠢᠶᠡᠨ ᠪᠠᠢᠭᠤᠯᠵᠤ ᠵᠢᠯᠥᠭᠤᠳᠬᠤ ᠰᠢᠰᠲ᠋ᠧᠮᠵᠢ ᠪᠠ ᠡᠬᠦᠷᠭᠡ ᠬᠠᠷᠢᠭᠤᠴᠠᠯᠭ᠎ᠠ2.1 ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ2.2 ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ2.3 ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ2.4 ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ2.5 ᠲᠣᠰᠬᠠᠢ ᠮᠡᠷᠭᠡᠵᠢᠯᠳᠡᠨ ᠤ ᠲᠤᠭᠤᠶᠢᠯᠡᠩ2.6 ᠬᠠᠮᠢᠶ᠎ᠠ ᠪᠦᠬᠦᠢ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ3 ᠳᠥᠭᠰᠢᠬᠦᠷᠢ ᠪᠠ ᠬᠤᠤᠷ ᠬᠥᠨᠥᠭᠡᠯ ᠤᠨ ᠵᠠᠳᠠᠯᠤᠯᠲᠠ3.1 ᠳᠥᠭᠰᠢᠬᠦᠷᠢ ᠶᠢᠨ ᠵᠠᠳᠠᠯᠥᠯᠳᠡ3.2 ᠬᠤᠤᠷ ᠬᠥᠨᠥᠭᠡᠯ ᠤᠨ ᠵᠠᠳᠠᠯᠤᠯᠲᠠ4. ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ5 ᠬᠢᠨᠠᠨ ᠬᠡᠮᠵᠢᠯᠲᠡ ᠶᠢᠨ ᠰᠡᠷᠡᠮᠵᠢᠯᠡᠭᠦᠯᠬᠦ ᠪᠠ ᠰᠡᠷᠡᠮᠵᠢᠯᠡᠭᠦᠯᠦᠯ ᠨᠡᠶᠢᠲᠡᠯᠡᠬᠦ5.1 ᠬᠢᠨᠠᠨ ᠰᠢᠨᠵᠢᠬᠦ ᠤᠷᠢᠳᠴᠢᠯᠠᠨ ᠮᠡᠳᠡᠭᠡᠯᠡᠬᠦ5.2 ᠰᠡᠷᠡᠮᠵᠢᠯᠡᠬᠦᠯᠬᠦ ᠳᠡᠰ5.3 ᠰᠡᠷᠡᠮᠵᠢᠯᠡᠬᠦᠯᠦᠯ5.3.1 ᠨᠡᠶᠢᠲᠡᠯᠡᠬᠦ ᠡᠷᠬᠡ ᠮᠡᠳᠡᠯ5.3.2 ᠰᠡᠷᠡᠮᠵᠢᠯᠡᠬᠦᠯᠬᠦ ᠲᠤᠬᠢᠷᠠᠭᠤᠯᠤᠯᠳᠠ5.3.3 ᠨᠡᠶᠢᠲᠡᠯᠡᠬᠦ ᠠᠷᠭ᠎ᠠ ᠵᠠᠮ5.4 ᠰᠡᠷᠡᠮᠵᠢᠯᠡᠬᠦᠯᠬᠦ ᠠᠵᠢᠯᠯᠠᠭ᠎ᠠ6᠃ ᠮᠡᠲᠡᠭᠡ ᠵᠠᠩᠭᠢ ᠶᠢᠨ ᠮᠡᠲᠡᠭᠦᠯᠦᠯᠲᠡ ᠪᠠ ᠤᠷᠢᠲᠠᠪᠠᠷ ᠰᠶᠢᠳᠪᠦᠷᠢᠯᠡᠭᠦ6.1 ᠮᠡᠳᠡᠭᠡ ᠵᠠᠩᠭᠢ ᠶᠢᠨ ᠮᠡᠳᠡᠭᠦᠯᠦᠯᠲᠡ6.2 ᠤᠷᠢᠳᠠᠪᠠᠷ ᠰᠢᠢᠳᠪᠦᠷᠢᠯᠡᠬᠦ6.2  ᠠᠳᠡᠯ ᠤᠨ ᠠᠵᠤ ᠠᠬᠤᠶᠢᠯᠠᠯ6.2 ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠠᠷᠠᠳ ᠤᠨ ᠵᠠᠰᠠᠭ ᠤᠨ ᠣᠷᠳᠣᠨ7 ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ7.1 ᠱᠠᠲᠤ ᠬᠤᠪᠢᠶᠠᠨ ᠠᠷᠭᠠᠴᠠᠬᠤ7.2 ᠱᠠᠲᠤ ᠬᠤᠪᠢᠶᠠᠨ ᠳᠠᠭᠠᠬᠤ7.3 ᠱᠠᠲᠤ ᠬᠤᠪᠢᠶᠠᠨ ᠰᠢᠢᠳᠪᠦᠷᠢᠯᠡᠬᠦ7.3.1 Ⅳ ᠲᠠᠰ ᠤᠨ ᠳᠠᠭᠠᠵᠤ ᠬᠢᠵᠦ ᠰᠢᠢᠳᠪᠦᠷᠢᠯᠡᠪᠡ7.3.2 Ⅲ ᠲᠠᠰ ᠤᠨ ᠳᠠᠭᠠᠵᠤ ᠰᠢᠢᠳᠪᠦᠷᠢᠯᠡᠬᠦ7.3.3 Ⅱ ᠳᠡᠰ ᠤᠨ ᠳᠠᠭᠠᠵᠤ ᠬᠢᠵᠦ ᠰᠢᠢᠳᠪᠦᠷᠢᠯᠡᠬᠦ7.3.4 Ⅰ ᠳᠡᠰ ᠤᠨ ᠳᠠᠭᠠᠵᠤ ᠰᠢᠢᠳᠪᠦᠷᠢᠯᠡᠬᠦ7.4 ᠮᠡᠳᠡᠭᠡ ᠵᠠᠩᠭᠢ ᠨᠡᠶᠢᠲᠡᠯᠡᠬᠦ7.5 ᠲᠠᠭᠠᠵᠤ ᠬᠢᠬᠦ ᠶᠢ ᠵᠣᠭᠰᠤᠭᠠᠬᠤ8 ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ8.1 ᠬᠤᠢᠨᠠᠬᠢ ᠠᠵᠢᠯ ᠬᠡᠷᠡᠭ ᠢ ᠰᠢᠢᠳᠪᠦᠷᠢᠯᠡᠬᠦ8.2 ᠠᠳᠡᠯ ᠤᠨ ᠪᠠᠶᠢᠴᠠᠭᠠᠯᠲᠠ8.3 ᠳ᠋ᠦᠩᠨᠡᠯᠲᠡ ᠦᠨᠡᠯᠡᠯᠲᠡ9 ᠪᠠᠳᠣᠯᠠᠭ᠎ᠠ ᠶᠢᠨ ᠠᠷᠭ᠎ᠠ ᠭᠡᠮᠵᠢᠶ᠎ᠠ9.1 ᠡᠩᠨᠡᠭᠡ ᠶᠢᠨ ᠪᠠᠲᠤᠯᠠᠭ᠎ᠠ9.2 ᠡᠳ᠋ ᠪᠣᠳᠠᠰ ᠲᠣᠨᠣᠭᠯᠠᠯ ᠤᠨ ᠪᠠᠲᠤᠯᠠᠭ᠎ᠠ9.3 ᠪᠡᠯᠡ ᠮᠦᠡᠭᠬᠦ ᠶᠢᠨ ᠪᠠᠳᠣᠯᠠᠭ᠎ᠠ9.4 ᠮᠡᠷᠭᠡᠵᠢᠯ ᠤᠨ ᠪᠠᠳᠣᠯᠠᠭ᠎ᠠ9.5 ᠤᠬᠠᠭᠤᠯᠭ᠎ᠠ ᠬᠢᠭᠡᠳ ᠪᠣᠯᠪᠠᠰᠤᠷᠠᠭᠤᠯᠤᠯ9.5.1 ᠣᠬᠠᠭᠤᠯᠭ᠎ᠠ9.5.2 ᠪᠣᠯᠪᠠᠰᠤᠷᠠᠯ10 ᠳᠠᠭᠠᠯᠲᠠ ᠳᠦᠷᠢᠮ10.1 ᠪᠡᠯᠡᠳᠭᠡᠯ ᠲᠦᠰᠦᠯ ᠤᠨ ᠬᠠᠮᠢᠶᠠᠷᠤᠯᠲᠠ10.2 ᠪᠡᠯᠡᠳᠬᠡᠯ ᠲᠥᠰᠦᠯ ᠢ ᠬᠡᠷᠡᠭᠵᠢᠭᠦᠯᠪᠡ᠃      1 ᠶᠡᠷᠦᠩᠭᠡᠢ ᠳᠥᠷᠢᠮ      1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ      ᠴᠢᠯᠠᠭᠤᠨ ᠲᠣᠰᠣ᠂  ᠪᠠᠶᠢᠭᠠᠯᠢ ᠎ ᠶᠢᠨ ᠰᠢᠲᠠᠮᠠᠬᠠᠶ ᠬᠡᠢ  ᠳᠤ ᠣᠷᠳᠣ  ᠬᠤᠭᠤᠴᠠᠭ᠎ᠠ  ᠪᠠᠷ ᠳᠠᠮᠵᠢᠭᠤᠯᠬᠤ  ᠬᠤᠭᠤᠯᠠᠶ ︵ᠳᠣᠷᠣᠭᠰᠢ ᠬᠤᠭᠤᠯᠠᠶ ᠭᠡᠵᠦ ᠲᠣᠪᠴᠢᠯᠠᠨ᠎ᠠ︶᠎ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ ᠤᠬᠠᠭᠠᠨᠴᠢ ᠪᠠᠷ᠂ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠪᠦᠲᠦᠮᠵᠢᠲᠡᠶ ᠡᠵᠡᠮᠳᠡᠬᠦ ᠪᠠ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃      1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽  ᠦᠢᠯᠡᠳᠪᠦᠷᠢᠯᠡᠯ  ᠤᠨ  ᠠᠮᠤᠷ  ᠲᠦᠪᠰᠢᠨ ᠤ ᠠᠳᠡᠯ  ᠤᠨ ᠪᠠᠴᠢᠮ  ᠪᠠᠶᠢᠳᠠᠯ ᠎ ᠢ ᠠᠷᠭᠠᠴᠠᠭᠠᠬᠤ ᠳᠦᠷᠢᠮ︾᠂  ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠂ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃      1.3 ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾᠎ ᠳᠤ ᠲᠣᠭᠲᠠᠭᠠᠭᠰᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠳᠣᠭᠢᠷᠠᠨ᠎ᠠ᠃ ᠰᠢᠲᠠᠮᠠᠬᠠᠶ ᠬᠡᠢ ᠶᠢᠨ ᠠᠶ ᠰᠠᠪᠠ ᠶᠢᠨ ᠳᠣᠲᠣᠭᠠᠳᠤ ᠶᠢᠨ ᠲᠥᠪᠯᠡᠷᠡᠭᠦᠯᠦᠨ ᠳᠠᠮᠵᠢᠭᠤᠯᠬᠤ ᠭᠤᠤᠷᠰᠤ ᠬᠤᠭᠤᠯᠠᠶ ᠶᠢᠨ ᠲᠣᠤᠷ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠬᠤᠭᠤᠯᠠᠶ ᠪᠣᠯᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠣᠷᠣᠨ ᠤ ᠳᠣᠲᠣᠷᠠᠬᠢ ᠬᠤᠭᠤᠯᠠᠶ ᠶᠢᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠳᠤ ᠲᠤᠰ ᠪᠡᠯᠡᠳᠬᠡᠯ ᠲᠥᠰᠦᠯ ᠢ ᠬᠡᠷᠡᠭᠯᠡᠬᠦ ᠦᠭᠡᠶ᠂ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠦᠬᠦᠢ ᠪᠡᠯᠡᠳᠬᠡᠯ ᠲᠥᠰᠦᠯ ᠢ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ᠎ᠠ᠃      ᠲᠤᠰ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠡᠳᠡᠭ ᠪᠣᠯ ᠬᠤᠭᠤᠯᠠᠶ ᠭᠤᠣᠷᠰᠤ ᠶᠢ ᠠᠵᠢᠯᠯᠠᠭᠤᠯᠬᠤ᠂ ᠠᠵᠢᠯᠯᠠᠭᠤᠯᠬᠤ ᠶᠢ ᠵᠣᠭᠰᠣᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ ᠵᠡᠷᠭᠡ ᠶᠠᠪᠤᠴᠠ ᠳᠤ ᠭᠠᠷᠤᠭᠰᠠᠨ ᠭᠤᠭᠤᠵᠢᠭᠳᠠᠬᠤ᠂ ᠭᠠᠯ ᠤᠨ ᠭᠠᠮᠰᠢᠭ᠂ ᠳᠡᠯᠪᠡᠷᠡᠬᠦ ᠵᠡᠷᠭᠡ ᠠᠮᠦᠷ ᠲᠦᠪᠰᠢᠨ ᠤ ᠠᠳᠡᠯ ᠢ ᠵᠢᠭᠠᠵᠤ ᠪᠠᠶᠢᠨ᠎ᠠ᠃      1.4 ᠠᠵᠢᠯ ᠤᠨ ᠵᠠᠷᠴᠢᠮ      ︵1︶ ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠬᠡᠷᠡᠭᠲᠡᠶ᠃ ᠠᠷᠠᠳ ᠤᠯᠠᠨ ᠤ ᠠᠮᠢ ᠨᠠᠰᠤ ᠪᠠ ᠡᠷᠡᠭᠦᠯ ᠮᠡᠨᠳᠤ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠶᠢ ᠴᠢᠩᠭᠠᠳᠬᠠᠵᠤ᠂ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠡᠵᠡᠮᠳᠡᠵᠦ᠂ ᠬᠥᠮᠦᠨ ᠬᠠᠷ᠎ᠠ᠂ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠬᠤ ᠬᠡᠷᠡᠭᠲᠡᠢ᠃      ︵2︶ ᠨᠢᠭᠡᠳᠦᠯᠲᠡᠶ ᠵᠢᠯᠣᠭᠤᠳᠴᠤ᠂ ᠱᠠᠲᠤ ᠬᠤᠪᠢᠶᠠᠨ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ︵ᠲᠣᠭᠤᠷᠢᠭ︶ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠢ ᠪᠦᠲᠦᠮᠵᠢᠲᠡᠢ ᠰᠢᠢᠳᠪᠦᠷᠢᠯᠡᠪᠡ᠃      ︵3︶ ᠪᠡᠯᠡᠳᠬᠡᠯ ᠪᠠ ᠬᠡᠷᠡᠭᠯᠡᠯᠲᠡ ᠶᠢ ᠤᠶᠠᠯᠳᠤᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠠᠵᠤ ᠠᠬᠤᠶᠢᠯᠠᠯ ᠤᠳ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠲᠥᠷᠥᠯ ᠤᠨ ᠲᠤᠰᠬᠠᠶ ᠮᠡᠷᠭᠡᠵᠢᠯ ᠪᠠ ᠲᠤᠰᠢᠶᠠᠯ ᠬᠠᠪᠰᠤᠷᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃      ︵4︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠬᠠᠮᠢᠶᠠᠷᠤᠯᠲᠠ ᠶᠢ ᠴᠢᠩᠭᠠᠳᠬᠠᠵᠤ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠳᠤ ᠲᠦᠰᠢᠭᠯᠡᠨ᠂ ᠲᠤᠰᠬᠠᠶ ᠮᠡᠷᠭᠡᠵᠢᠯᠲᠡᠨ ᠤ ᠡᠩᠨᠡᠭᠡ ᠪᠠ ᠲᠤᠰᠬᠠᠶ ᠮᠡᠷᠭᠡᠵᠢᠯ᠂ ᠲᠤᠰᠬᠠᠶ ᠬᠡᠷᠡᠭᠯᠡᠭᠡᠨ ᠤ ᠲᠣᠨᠣᠭᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵5︶ ᠣᠷᠣᠨ ᠪᠦᠰᠡ ᠪᠠᠷ ᠢᠶᠠᠨ ᠬᠠᠮᠵᠢᠯᠴᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠨ᠎ᠡ᠃ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠬᠠᠮᠵᠢᠯᠴᠠᠨ ᠴᠢᠳᠠᠪᠤᠷᠢ ᠶᠢ ᠴᠢᠩᠭᠠᠷᠠᠭᠤᠯᠤᠨ᠂ ᠮᠡᠳᠡᠭᠡ ᠵᠠᠩᠭᠢ ᠨᠡᠪᠲᠡᠷᠡᠯᠴᠡᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠪᠠ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠠᠮᠲᠤᠷᠠᠨ ᠥᠷᠨᠢᠭᠦᠯᠵᠦ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠡᠶᠡᠯᠡᠭᠦᠯᠦᠨ᠎ᠡ᠃      1.5 ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠵᠢᠴᠢ ᠡᠳ᠋ ᠬᠦᠷᠦᠩᠭᠡ ᠶᠢᠨ ᠬᠤᠬᠢᠷᠠᠯ ᠵᠡᠷᠭᠡ ᠬᠦᠨᠳᠦ ᠨᠣᠴᠢᠲᠠᠶ  ᠬᠡᠮᠵᠢᠶ᠎ᠡ  ᠶᠣᠰᠣᠭᠠᠷ᠂  ᠬᠤᠭᠤᠯᠠᠶ  ᠭᠤᠣᠷᠰᠤ  ᠶᠢᠨ ᠠᠮᠦᠷ  ᠲᠦᠪᠰᠢᠨ ᠤ ᠠᠳᠡᠯ  ᠢ ᠣᠨᠴᠠ ᠬᠦᠨᠳᠦ ᠶᠡᠭᠡ ︵Ⅰ ᠲᠠᠰ︶᠂ ᠬᠦᠨᠳᠦ ᠶᠡᠭᠡ ︵Ⅱ ᠲᠠᠰ︶᠂ ᠨᠡᠯᠢᠶᠡᠳ ᠶᠡᠭᠡ ︵Ⅲ ᠲᠠᠰ︶᠂ ᠡᠩ ᠤᠨ ︵Ⅳ ᠳᠡᠰ︶ ᠭᠡᠵᠦ ᠳᠥᠷᠪᠡᠨ ᠳᠡᠰ ᠬᠤᠪᠢᠶᠠᠨ᠎ᠠ᠃ ︵ᠳᠡᠰ ᠬᠤᠪᠢᠶᠠᠬᠤ ᠪᠠᠷᠢᠮᠵᠢᠶ᠎ᠠ ᠶᠢ ᠳᠠᠭᠠᠯᠳᠤᠭᠤᠯᠤᠯ 1᠎ ᠳᠤ ᠦᠵᠡ︶      2 ᠵᠤᠬᠢᠶᠡᠨ ᠪᠠᠢᠭᠤᠯᠵᠤ ᠵᠢᠯᠥᠭᠤᠳᠬᠤ ᠰᠢᠰᠲ᠋ᠧᠮᠵᠢ ᠪᠠ ᠡᠬᠦᠷᠭᠡ ᠬᠠᠷᠢᠭᠤᠴᠠᠯᠭ᠎ᠠ      2.1 ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ      ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠠᠶᠠᠨᠨᠠᠭᠤᠷ ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶᠎ ᠢ ᠪᠠᠶᠢᠭᠤᠯᠵᠤ᠂ ᠶᠡᠷᠦᠩᠬᠡᠶ ᠵᠢᠯᠣᠭᠤᠳᠣᠭᠴᠢ ᠶᠢ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ ᠵᠢᠴᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠡᠭᠦᠷᠭᠡᠯᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄      ︵1︶ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃      ︵2︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠠᠳᠡᠯ ᠤᠨ ᠮᠡᠳᠡᠭᠡ ᠵᠠᠩᠭᠢ ᠶᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠪᠠ ᠴᠣᠬᠤᠯᠠᠪᠤᠷᠢ ᠶᠢ ᠭᠥᠯᠢᠶᠡᠨ ᠠᠪᠴᠤ ᠤᠯᠠᠮᠵᠢᠯᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔      ︵3︶ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠤᠭᠤᠯᠠᠶ ᠭᠤᠣᠷᠰᠤ ᠶᠢᠨ ᠠᠮᠦᠷ ᠲᠥᠪᠰᠢᠨ ᠤ ᠠᠳᠡᠯ ᠢ ᠬᠤᠯᠪᠣᠭᠳᠠᠯ ᠪᠦᠬᠦᠢ ᠬᠤᠲᠠ ᠯᠤᠭ᠎ᠠ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ︔      ︵4︶ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠪᠣᠯᠤᠨ ᠬᠥᠷᠰᠢ ᠵᠡᠷᠭᠡᠯᠡᠳᠡᠭᠡ ᠠᠬ᠎ᠠ ᠳᠡᠭᠦᠦ ᠬᠤᠲᠠ ᠳᠤ ᠳᠡᠮᠵᠢᠯᠭᠡ  ᠭᠤᠶᠤᠪᠠ᠃      2.2 ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠨ᠎ᠡ︔ ᠴᠢᠬᠤᠯᠠᠲᠠᠶ ᠦᠶ᠎ᠡ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠠᠭ ᠲᠤᠬᠠᠶ ᠳᠤᠨᠢ ᠰᠡᠵᠢᠭ ᠢ ᠲᠠᠶᠢᠯᠵᠤ᠂ ᠪᠣᠳᠠᠲᠤ ᠬᠡᠷᠡᠭ ᠢ ᠲᠣᠳᠣᠷᠬᠠᠶᠢᠯᠠᠨ᠂ ᠴᠤᠤᠷᠬᠠᠯ ᠢ ᠨᠢᠴᠤᠭᠠᠨ᠎ᠠ᠃      ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ︔ ᠵᠠᠭᠤᠴᠢᠯᠠᠭᠤᠷ ᠤᠨ ᠮᠡᠳᠡᠭᠡᠯᠡᠯ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ︔ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠭᠠᠮᠰᠢᠭᠳᠠᠭᠰᠠᠨ ᠬᠥᠮᠦᠰ ᠪᠤᠶᠤ ᠰᠦᠷᠳᠡᠭᠦᠯᠦᠯ ᠳᠤ ᠤᠴᠠᠷᠠᠭᠰᠠᠨ ᠬᠥᠮᠦᠰ ᠢ ᠰᠢᠯᠵᠢᠭᠦᠯᠬᠦ ᠪᠠ ᠲᠦᠷ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠠ︔ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠪᠠᠷ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠭᠠᠵᠠᠷ ᠲᠤ ᠵᠠᠮ ᠤᠨ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠥᠮᠦᠰ ᠢ ᠲᠠᠷᠬᠠᠭᠠᠬᠤ᠂ ᠭᠤᠤᠯᠳᠠᠯᠭ᠎ᠠ ᠲᠠᠢ ᠬᠠᠷᠠᠯᠲᠠ ᠶᠢᠨ ᠠᠮᠤᠷ ᠲᠦᠪᠰᠢᠨ ᠤ ᠬᠠᠮᠠᠭᠠᠯᠠᠯᠲᠠ ᠪᠠ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠬᠦ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠪᠥᠬᠦ ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠬᠠᠮᠵᠢᠯᠴᠠᠨ ᠵᠢᠯᠣᠭᠤᠳᠬᠤ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠭᠠᠵᠠᠷ ᠣᠷᠣᠨ ᠪᠠ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠲᠣᠨᠤᠭ ᠲᠥᠬᠦᠭᠡᠷᠦᠮᠵᠢ ᠪᠠ ᠡᠳ᠋ ᠪᠣᠳᠠᠰ ᠨᠥᠭᠡᠴᠡᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠬᠠᠮᠵᠢᠯᠴᠠᠨ᠎ᠠ︔ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠰᠣᠷᠢᠯᠲᠠ ᠬᠢᠬᠦ ᠵᠡᠷᠭᠡ ᠠᠵᠢᠯ ᠢ ᠰᠠᠶᠢᠲᠤᠷ ᠬᠢᠨ᠎ᠠ︔ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠎ᠠ︔ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ ᠦᠢᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠦᠢᠯᠡᠳᠪᠦᠷᠢᠯᠡᠯ᠂ ᠲᠠᠲᠠᠪᠤᠷᠢᠯᠠᠨ ᠬᠤᠳᠠᠯᠳᠤᠨ ᠠᠪᠬᠤ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠬᠦ ᠶᠢ ᠬᠠᠷᠢᠭᠤᠴᠠᠨ᠎ᠠ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠡᠯ᠎ᠡ ᠭᠠᠵᠠᠷ ᠣᠷᠣᠨ ᠢ ᠵᠢᠯᠣᠭᠤᠳᠤᠨ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠲᠠᠢ ᠬᠠᠮᠵᠢᠯᠴᠠᠨ ᠠᠳᠡᠭᠰᠡᠨ ᠬᠥᠮᠦᠰ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠬᠡᠷᠡᠭ ᠶᠠᠪᠤᠳᠠᠯ ᠢ ᠰᠠᠶᠢᠲᠤᠷ ᠬᠢᠨ᠎ᠡ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠪᠤᠷᠠᠨ ᠲᠤᠰᠠᠯᠠᠬᠤ ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠳᠠᠭᠠᠯᠠᠵᠤ ᠪᠠᠶᠢᠭ᠎ᠠ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ᠂ ᠭᠠᠵᠠᠷ ᠤᠨ ᠵᠢᠷᠤᠭ ᠤᠨ ᠮᠠᠲ᠋ᠧᠷᠢᠶᠠᠯ ᠪᠠ ᠰᠠᠭᠤᠷᠢ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠢ ᠬᠠᠩᠭᠠᠬᠤ ᠶᠢ ᠬᠠᠷᠢᠭᠤᠴᠠᠵᠤ᠂ ᠳᠠᠭᠠᠭᠤᠯᠢ ᠣᠳᠣᠨ ᠤ ᠠᠶᠠᠯᠠᠯ ᠵᠠᠯᠠᠵᠤ ᠣᠷᠣᠨ ᠲᠣᠭᠲᠠᠭᠠᠬᠤ ᠦᠨᠳᠦᠰᠦᠨ ᠪᠠᠷᠢᠮᠵᠢᠶᠠᠲᠤ ᠥᠷᠲᠡᠭᠡ ᠶᠢᠨ ᠪᠠᠶᠢᠷᠢ ᠲᠣᠭᠲᠠᠭᠠᠬᠤ ᠦᠢᠯᠡᠴᠢᠯᠡᠭᠡ ᠬᠠᠩᠭᠠᠨ᠎ᠠ︔ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ ᠵᠡᠷᠭᠡ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠠᠳᠡᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠨᠵᠢᠯᠡᠭᠡᠨ ᠤ ᠭᠠᠮᠰᠢᠭ ᠭᠠᠷᠤᠭᠰᠠᠨ ᠰᠢᠯᠲᠠᠭᠠᠨ᠂ ᠨᠥᠯᠥᠭᠡᠯᠡᠬᠦ ᠬᠡᠪᠴᠢᠶ᠎ᠡ ᠵᠡᠷᠭᠡ ᠪᠠᠶᠢᠳᠠᠯ ᠢ ᠲᠦᠷᠭᠡᠬᠡᠨ ᠪᠠᠶᠢᠴᠠᠭᠠᠨ ᠲᠣᠳᠣᠯᠠᠵᠤ᠂ ᠪᠠᠴᠢᠮ ᠪᠠᠶᠢᠳᠠᠯ ᠢ ᠠᠷᠭᠠᠴᠠᠨ ᠵᠠᠰᠠᠬᠤ ᠠᠷᠭ᠎ᠠ ᠬᠡᠮᠵᠢᠶ᠎ᠡ ᠳᠤᠷᠠᠳᠴᠤ᠂ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠪᠠᠶᠢᠳᠠᠯ ᠢ ᠪᠠᠭᠠᠰᠬᠠᠬᠤ ᠪᠠ ᠡᠵᠡᠮᠳᠡᠬᠦ ᠬᠡᠷᠡᠭᠲᠡᠶ᠃      ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠭᠠᠵᠠᠷ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠵᠤ᠂ ᠠᠳᠡᠯ ᠤᠨ ᠲᠤᠬᠠᠶ ᠶᠢᠨ ᠲᠠᠯᠠᠪᠤᠷ ᠤᠨ ᠪᠣᠬᠢᠷᠲᠤᠯ ᠤᠨ ᠪᠠᠶᠢᠳᠠᠯ ᠵᠢᠴᠢ ᠬᠠᠨᠳᠤᠰᠢ ᠶᠢᠨ ᠬᠤᠪᠢᠷᠠᠯᠲᠠ ᠶᠢ ᠵᠠᠳᠠᠯᠤᠨ ᠰᠤᠳᠤᠯᠵᠤ ᠮᠠᠭᠠᠳᠯᠠᠵᠤ᠂ ᠠᠳᠡᠯ ᠠᠴᠠ ᠪᠣᠯᠵᠣ ᠣᠷᠴᠢᠨ ᠲᠣᠭᠤᠷᠢᠨ ᠤ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠣᠬᠢᠷᠲᠤᠯ ᠲᠠᠢ ᠣᠷᠣᠨ ᠪᠦᠰᠡ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ᠎ᠠ᠃      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠠᠳᠡᠯ ᠤᠨ ᠬᠤᠬᠢᠷᠠᠯ ᠪᠤᠶᠤ ᠰᠦᠷᠳᠡᠭᠦᠯᠦᠯ ᠳᠤ ᠤᠴᠠᠷᠠᠭᠰᠠᠨ ᠪᠠᠷᠢᠯᠭ᠎ᠠ ᠶᠢᠨ ᠪᠠᠷᠢᠯᠭ᠎ᠠ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠵᠡᠷᠭᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠮᠵᠢᠯᠴᠠᠬᠤ ᠪᠠ ᠵᠢᠯᠣᠭᠤᠳᠬᠤ ᠶᠢ ᠬᠠᠷᠢᠭᠤᠴᠠᠵᠤ᠂ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠤᠰᠤᠨ ᠴᠥᠭᠦᠷᠥᠮ᠂ ᠭᠤᠤᠯ ᠤᠨ ᠵᠠᠮ ᠵᠡᠷᠭᠡ ᠤᠰᠤᠨ ᠠᠰᠢᠭᠯᠠᠯᠲᠠ ᠶᠢᠨ ᠬᠦᠨᠳᠦ ᠶᠡᠭᠡ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠬᠤᠭᠤᠴᠠᠭᠠᠨ ᠳᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠠ ᠵᠠᠳᠠᠯᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠣᠷᠣᠨ ᠨᠤᠲᠤᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ ᠨᠥᠬᠦᠴᠡᠯ ᠵᠥᠪᠰᠢᠶᠡᠷᠡᠭᠰᠡᠨ ᠪᠠᠶᠢᠳᠠᠯ ᠳᠣᠤᠷ᠎ᠠ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠵᠢᠭᠠᠪᠤᠷᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠴᠠᠭ ᠲᠤᠬᠠᠶ ᠳᠤᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠨᠡᠪᠲᠡᠷᠡᠭᠦᠯᠦᠨ᠎ᠡ᠃      ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠣᠷᠣᠨ ᠪᠦᠰᠡ ᠶᠢᠨ ᠳᠣᠲᠣᠷᠠᠬᠢ ᠣᠶ ᠰᠢᠭᠤᠶ ᠡᠪᠡᠰᠦ ᠪᠡᠯᠴᠢᠭᠡᠷ ᠢ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠳᠤᠮᠳᠠᠬᠢ ᠣᠨᠴᠠ ᠲᠥᠷᠥᠯ ᠤᠨ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ ᠳᠤ ᠣᠷᠣᠯᠴᠠᠵᠤ᠂ ᠡᠭᠦᠰᠦᠮᠡᠯ ᠠᠳᠡᠯ ᠭᠠᠷᠬᠤ ᠶᠢ ᠰᠡᠷᠭᠡᠶᠢᠯᠡᠨ᠎ᠡ᠃      ᠬᠤᠲᠠ ᠶᠢᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠢ ᠬᠢᠨᠠᠨ ᠬᠡᠮᠵᠢᠬᠦ᠂ ᠲᠥᠰᠦᠭᠡᠯᠡᠬᠦ᠂ ᠤᠷᠢᠳᠴᠢᠯᠠᠨ ᠮᠡᠳᠡᠭᠡᠯᠡᠬᠦ ᠶᠢ ᠬᠠᠷᠢᠭᠤᠴᠠᠵᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠨ᠎ᠠ︔ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠵᠢᠴᠢ ᠴᠠᠭ ᠠᠭᠤᠷ ᠢ ᠵᠠᠳᠠᠯᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃      ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠄ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠭᠠᠯ ᠤᠨ ᠠᠶᠤᠯ ᠤᠨ ᠪᠠᠶᠢᠳᠠᠯ ᠢ ᠡᠵᠡᠮᠳᠡᠬᠦ ᠪᠠ ᠠᠷᠢᠯᠭᠠᠬᠤ ᠵᠡᠷᠭᠡ ᠲᠤᠰᠬᠠᠶ ᠮᠡᠷᠭᠡᠵᠢᠯ ᠤᠨ ᠠᠵᠢᠯ ᠢ ᠬᠠᠷᠢᠭᠤᠴᠠᠨ᠎ᠠ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ᠄ ᠬᠤᠭᠤᠯᠠᠶ ᠭᠤᠣᠷᠰᠤ ᠶᠢᠨ ᠠᠵᠢᠯ ᠤᠨ ᠠᠮᠤᠷ ᠲᠦᠪᠰᠢᠨ ᠤ ᠠᠳᠡᠯ ᠢ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ  ᠰᠢᠢᠳᠪᠦᠷᠢᠯᠡᠬᠦ  ᠭᠤᠤᠯ  ᠴᠣᠭᠴᠠ ᠶᠢᠨ ᠬᠠᠷᠢᠭᠤᠴᠠᠯᠭ᠎ᠠ ᠎ ᠶᠢ  ᠡᠭᠦᠷᠭᠡᠯᠡᠵᠦ᠂ ᠲᠣᠰ  ᠨᠢᠭᠡᠴᠢ  ᠶᠢᠨ  ᠎ ᠢᠶᠠᠨ  ︽ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠎ ᠢ ᠲᠣᠭᠲᠠᠭᠠᠬᠤ ᠶᠢᠨ ᠬᠠᠮᠲᠤ ᠲᠣᠰ ᠪᠡᠯᠡᠳᠬᠡᠯ ᠲᠥᠰᠦᠯ︾᠎ ᠲᠠᠢ ᠵᠣᠯᠭᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠪᠠ ᠲᠥᠬᠦᠭᠡᠷᠦᠮᠵᠢ ᠶᠢ ᠬᠠᠳᠠᠭᠠᠯᠠᠵᠤ ᠲᠣᠬᠢᠷᠠᠭᠤᠯᠬᠤ ᠶᠢ ᠬᠠᠷᠢᠭᠤᠴᠠᠨ᠎ᠠ᠃   ᠲᠣᠰ ᠨᠢᠭᠡᠴᠢ ᠎ ᠶᠢᠨ  ᠢᠶᠠᠨ ᠪᠠᠴᠢᠮ ᠪᠠᠶᠢᠳᠠᠯ ᠎ ᠢ ᠠᠷᠭᠠᠴᠠᠭᠠᠬᠤ  ᠪᠠᠶᠢᠳᠠᠯ ᠳᠣᠤᠷᠠᠬᠢ ᠠᠵᠢᠯᠯᠠᠭᠠᠨ  ᠢ ᠲᠣᠬᠢᠷᠠᠭᠤᠯᠬᠤ  ᠪᠠ  ᠪᠠᠴᠢᠮ ᠪᠠᠶᠢᠳᠠᠯ  ᠢ  ᠠᠷᠭᠠᠴᠠᠭᠠᠨ ᠰᠢᠢᠳᠪᠦᠷᠢᠯᠡᠬᠦ  ᠶᠢ ᠬᠠᠷᠢᠭᠤᠴᠠᠵᠤ᠂  ︽ᠬᠤᠭᠤᠯᠠᠶ ᠭᠤᠣᠷᠰᠤ ᠶᠢᠨ ᠠᠵᠢᠯᠯᠠᠭᠠᠨ︾᠎ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠤᠭᠤᠯᠠᠶ ᠭᠤᠣᠷᠰᠤ ᠶᠢᠨ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠶᠢ ᠡᠬᠢᠯᠡᠭᠦᠯᠬᠦ ᠴᠢᠳᠠᠪᠤᠷᠢ ᠪᠠ ᠠᠵᠢᠯᠯᠠᠭᠠᠨ ᠢ ᠠᠮᠤᠷ ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠭᠤᠯᠠᠶ ᠭᠤᠣᠷᠰᠤ ᠶᠢᠨ ᠠᠵᠢᠯ ᠤᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠩᠭᠠᠯᠭ᠎ᠠ ᠶᠢ ᠰᠠᠶᠢᠲᠤᠷ ᠬᠢᠵᠦ᠂ ᠬᠤᠭᠤᠯᠠᠶ ᠭᠤᠣᠷᠰᠤ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠢ ᠴᠠᠭ ᠲᠤᠬᠠᠶ ᠳᠤ ᠨᠢ ᠰᠡᠷᠭᠦᠭᠡᠵᠦ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠪᠠ ᠴᠢᠯᠠᠭᠤᠨ ᠲᠣᠰᠣ ᠬᠡᠢ ᠬᠠᠩᠭᠠᠬᠤ ᠪᠠᠲᠤᠯᠠᠭ᠎ᠠ ᠶᠢ ᠪᠠᠲᠤᠯᠠᠬᠤ ᠬᠡᠷᠡᠭᠲᠡᠢ᠃      ᠠᠷᠭᠠᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠢᠯᠣᠭᠤᠳᠬᠤ ᠭᠠᠵᠠᠷ ᠠᠴᠠ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠵᠦ ᠪᠣᠯᠤᠨ᠎ᠠ᠃      2.3 ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠬᠤᠲᠠ ᠶᠢᠨ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠡᠭᠦᠷᠭᠡᠯᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠠᠳᠡᠯ ᠤᠨ ᠮᠡᠳᠡᠭᠡ ᠵᠠᠩᠭᠢ ᠶᠢ ᠴᠤᠭᠯᠠᠭᠤᠯᠤᠨ ᠳᠡᠭᠡᠭᠰᠢ ᠮᠡᠳᠡᠭᠦᠯᠬᠦ ᠶᠢᠨ ᠬᠠᠮᠲᠤ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠡᠯᠡᠨ᠎ᠡ︔ ᠬᠤᠲᠠ ᠶᠢᠨ ᠵᠢᠯᠣᠭᠤᠳᠬᠤ ᠭᠠᠵᠠᠷ ᠤᠨ ᠵᠢᠭᠠᠪᠤᠷᠢ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠬᠤᠲᠠ ᠶᠢᠨ ᠵᠢᠯᠣᠭᠤᠳᠬᠤ ᠭᠠᠵᠠᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠡᠭᠦᠷᠭᠡᠯᠡᠨ᠎ᠡ᠃      2.4 ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ      ᠡᠯ᠎ᠡ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠢᠶᠠᠷ ᠯᠠᠪᠯᠠᠯᠲᠠ ᠪᠣᠯᠭᠠᠵᠤ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠤᠰᠢᠭᠤ ᠰᠢᠶᠠᠨ ︵ᠲᠣᠭᠤᠷᠢᠭ︶᠎ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠬᠤ ᠬᠡᠷᠡᠭᠲᠡᠶ᠃      2.5 ᠲᠣᠰᠬᠠᠢ ᠮᠡᠷᠭᠡᠵᠢᠯᠳᠡᠨ ᠤ ᠲᠤᠭᠤᠶᠢᠯᠡᠩ      ᠬᠤᠲᠠ ᠶᠢᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠦᠷᠦᠭᠦᠯᠡᠨ ᠵᠣᠬᠢᠶᠠᠨ ᠪᠠᠶᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄      ︵1︶ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠢ ᠬᠠᠮᠵᠢᠨ ᠠᠳᠡᠯ ᠤᠨ ᠰᠢᠯᠲᠠᠭᠠᠨ᠂ ᠬᠥᠭᠵᠢᠯᠲᠡ ᠶᠢᠨ ᠬᠠᠨᠳᠤᠰᠢ ᠪᠠ ᠬᠤᠤᠷ ᠬᠥᠨᠥᠭᠡᠯ ᠤᠨ ᠬᠡᠮᠵᠢᠶ᠎ᠡ ᠶᠢ ᠵᠠᠳᠠᠯᠤᠨ ᠰᠤᠳᠤᠯᠵᠤ ᠮᠠᠭᠠᠳᠯᠠᠨ᠎ᠠ︔      ︵2︶ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠥᠰᠦᠯ ᠤᠨ ᠰᠠᠨᠠᠭᠤᠯᠭ᠎ᠠ ᠳᠤᠷᠠᠳᠴᠤ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠰᠢᠭᠤ ᠰᠢᠶᠠᠨ ︵ᠲᠣᠭᠤᠷᠢᠭ︶᠎ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠴᠦ ᠬᠡᠷᠡᠭᠴᠡᠭᠡ ᠪᠠᠨ ᠦᠨᠳᠦᠰᠦᠯᠡᠨ ᠵᠣᠬᠢᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠬᠤ ᠬᠡᠷᠡᠭᠲᠡᠶ᠃      2.6 ᠬᠠᠮᠢᠶ᠎ᠠ ᠪᠦᠬᠦᠢ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ      ᠬᠠᠮᠢᠶ᠎ᠠ ᠪᠥᠬᠦᠶ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠨᠢᠭᠡᠳᠦᠭᠡᠷ ᠴᠤᠤᠷᠢᠶᠠᠲᠤᠨ ᠳᠠᠭᠠᠬᠤ ᠬᠥᠮᠦᠨ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠠᠷᠭᠠᠴᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠭᠤᠤᠯ ᠡᠭᠦᠷᠭᠡ ᠬᠠᠷᠢᠭᠤᠴᠠᠯᠭ᠎ᠠ᠄ ᠠᠵᠤ ᠠᠬᠤᠶᠢᠯᠠᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠨ᠎ᠠ︔ ᠠᠵᠤ ᠠᠬᠤᠶᠢᠯᠠᠯ ᠤᠨ ᠲᠤᠰᠬᠠᠶ ︵ᠬᠠᠪᠰᠤᠷᠭᠠᠭᠰᠠᠨ︶ ᠲᠤᠰᠢᠶᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ︔ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠎ᠠ︔ ᠮᠡᠳᠡᠭᠡ ᠵᠠᠩᠭᠢ ᠮᠡᠳᠡᠭᠦᠯᠬᠦ ᠪᠠ ᠤᠷᠢᠳᠠᠪᠠᠷ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ︔ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠠᠶᠤᠯ ᠠᠴᠠ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      3 ᠳᠥᠭᠰᠢᠬᠦᠷᠢ ᠪᠠ ᠬᠤᠤᠷ ᠬᠥᠨᠥᠭᠡᠯ ᠤᠨ ᠵᠠᠳᠠᠯᠤᠯᠲᠠ      3.1 ᠳᠥᠭᠰᠢᠬᠦᠷᠢ ᠶᠢᠨ ᠵᠠᠳᠠᠯᠥᠯᠳᠡ      ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠪᠣᠯ ᠠᠶᠤᠯᠲᠠᠶ ᠬᠢᠮᠢ ᠶᠢᠨ ᠪᠣᠳᠠᠰ ᠮᠥᠨ᠂ ᠬᠤᠭᠤᠯᠠᠶ ᠪᠠᠷ ᠳᠠᠮᠵᠢᠭᠤᠯᠤᠨ ᠬᠦᠷᠭᠡᠭᠰᠡᠨ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠳᠤ ᠥᠨᠳᠥᠷ ᠳᠠᠷᠤᠯᠲᠠ᠂ ᠨᠣᠴᠣᠮᠠᠲᠠᠭᠠᠶ᠂ ᠳᠡᠯᠪᠡᠷᠡᠮᠡᠲᠡᠭᠡᠶ ᠵᠡᠷᠭᠡ ᠣᠨᠴᠠᠯᠢᠭ ᠲᠠᠢ᠃ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠳᠤ ᠭᠤᠣᠯᠳᠠᠭᠤ᠄      ︵1︶ ᠬᠤᠭᠤᠯᠠᠢ ᠶᠢᠨ ᠠᠵᠢᠯᠯᠠᠭᠠᠨ ᠤ  ᠠᠶᠤᠯᠭᠦᠢ ᠶᠢᠨ ᠭᠡᠨᠡᠳᠡᠯ ᠡᠭᠦᠰᠬᠦ᠃ ᠲᠥᠬᠦᠭᠡᠷᠦᠮᠵᠢ ᠲᠥᠬᠦᠭᠡᠷᠦᠮᠵᠢ ᠶᠢᠨ ᠭᠡᠮᠲᠦᠯ᠂ ᠬᠤᠭᠤᠯᠠᠶ ᠢᠳᠡᠭᠳᠡᠭᠰᠡᠨ ᠪᠤᠶᠤ ᠠᠵᠢᠯᠯᠠᠬᠤ ᠳᠤ ᠠᠯᠳᠠᠰᠢ ᠭᠠᠷᠤᠭᠰᠠᠨ ᠵᠡᠷᠭᠡ ᠰᠢᠯᠲᠠᠭᠠᠨ ᠠᠴᠠ ᠪᠣᠯᠤᠭᠰᠠᠨ ᠳᠠᠮᠵᠢᠭᠤᠯᠬᠤ ᠬᠤᠭᠤᠯᠠᠢ ᠳᠤ ᠶᠡᠭᠡ ᠬᠡᠮᠵᠢᠶᠡᠨ ᠤ ᠲᠣᠰᠣ ᠬᠡᠢ ᠭᠤᠭᠤᠵᠢᠬᠤ᠂ ᠭᠠᠯ ᠭᠠᠷᠬᠤ᠂ ᠳᠡᠯᠪᠡᠷᠡᠯᠲᠡ ᠶᠢᠨ ᠠᠳᠡᠯ ᠭᠠᠷᠤᠭᠰᠠᠨ ᠪᠠᠶᠢᠨ᠎ᠠ᠃      ︵2︶ ᠬᠤᠭᠤᠯᠠᠢ ᠶᠢ ᠡᠪᠳᠡᠬᠦ᠃ ᠨᠦᠬᠡ ᠭᠠᠷᠭᠠᠵᠤ ᠲᠣᠰᠣ ᠬᠤᠯᠠᠭᠠᠶᠢᠯᠠᠭᠰᠠᠨ᠂ ᠭᠤᠷᠪᠠᠳᠠᠬᠢ ᠡᠲᠡᠭᠡᠳ ᠠᠴᠠ ᠪᠠᠷᠢᠯᠭ᠎ᠠ ᠶᠢᠨ ᠠᠵᠢᠯ ᠬᠢᠵᠦ᠂ ᠬᠤᠭᠤᠯᠠᠶ ᠭᠤᠣᠷᠰᠤ ᠶᠢᠨ ᠳᠦᠬᠦᠭᠡᠷᠦᠮᠵᠢ ᠶᠢ ᠵᠣᠷᠢᠭᠤᠳᠠ ᠡᠪᠳᠡᠭᠰᠡᠨ ᠠᠴᠠ ᠪᠣᠯᠵᠤ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠪᠠ ᠬᠥᠮᠦᠨ ᠬᠠᠷ᠎ᠠ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠪᠠᠶᠢᠨ᠎ᠠ᠃      ︵3︶  ᠪᠠᠶᠢᠭᠠᠯᠢ ᠶᠢᠨ ᠭᠠᠮᠰᠢᠭ ᠠᠴᠠ ᠪᠤᠯᠤᠭᠰᠠᠨ ᠠᠳᠡᠯ᠃ ᠦᠶᠡᠷ᠂ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠭᠤᠯᠠᠶ ᠶᠢᠨ ᠲᠠᠰᠤᠷᠠᠬᠤ᠂ ᠲᠣᠰᠣ ᠬᠡᠢ ᠶᠡᠭᠡ ᠬᠡᠮᠵᠢᠶ᠎ᠡ ᠪᠠᠷ ᠯᠡᠪᠡᠷᠡᠭᠰᠡᠨ ᠠᠴᠠ ᠣᠷᠴᠢᠨ ᠲᠣᠭᠤᠷᠢᠨ ᠤ ᠪᠣᠬᠢᠷᠲᠤᠯ᠂ ᠬᠥᠮᠦᠨ ᠬᠠᠷ᠎ᠠ ᠦᠬᠦᠵᠦ ᠰᠢᠷᠬᠠᠲᠤᠬᠤ᠂ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠨ ᠠᠳᠡᠯ ᠭᠠᠷᠪᠠ᠃      3.2 ᠬᠤᠤᠷ ᠬᠥᠨᠥᠭᠡᠯ ᠤᠨ ᠵᠠᠳᠠᠯᠤᠯᠲᠠ      ᠬᠤᠭᠤᠯᠠᠶ ᠭᠤᠣᠷᠰᠤ ᠳᠡᠪᠢᠰᠦᠭᠰᠡᠨ᠂ ᠭᠠᠯ ᠤᠨ ᠠᠶᠤᠯ ᠪᠤᠶᠤ ᠳᠡᠯᠪᠡᠷᠡᠬᠦ ᠵᠡᠷᠭᠡ ᠠᠮᠤᠷ ᠲᠦᠪᠰᠢᠨ ᠤ ᠠᠳᠡᠯ ᠭᠠᠷᠪᠠᠯ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠪᠠ ᠠᠵᠤ ᠠᠬᠤᠶ ᠶᠢᠨ ᠬᠤᠬᠢᠷᠠᠯ ᠤᠴᠠᠷᠠᠭᠤᠯᠵᠤ ᠮᠡᠳᠡᠬᠦ ᠠᠴᠠ ᠭᠠᠳᠠᠨ᠎ᠠ᠂ ᠪᠠᠰᠠ ᠬᠡᠰᠡᠭ ᠣᠷᠣᠨ ᠪᠦᠰᠡ ᠶᠢᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠵᠢᠴᠢ ᠴᠢᠬᠤᠯᠠ ᠰᠠᠭᠤᠷᠢ ᠪᠡᠯᠡᠳᠬᠡᠮᠵᠢ ᠶᠢ ᠡᠪᠳᠡᠬᠦ ᠪᠣᠯᠤᠯᠴᠠᠭ᠎ᠠ ᠲᠠᠢ᠃      ︵1︶ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠠᠵᠤ ᠠᠬᠤᠢ ᠶᠢᠨ ᠰᠢᠭᠤᠳ ᠬᠤᠬᠢᠷᠠᠯ ᠭᠠᠷᠤᠭᠰᠠᠨ ᠵᠢᠴᠢ ᠳᠡᠭᠡᠳᠦ ᠤᠷᠤᠰᠬᠠᠯ ᠤᠨ ᠲᠣᠰᠣ ᠰᠢᠲᠠᠭᠴᠢ ᠬᠡᠢ ᠶᠢᠨ ᠠᠭᠤᠷᠬᠠᠢ ᠪᠠ ᠳᠣᠣᠷᠠᠳᠤ ᠤᠷᠤᠰᠬᠠᠯ ᠤᠨ ᠦᠢᠯᠡᠳᠪᠦᠷᠢ ᠠᠭᠤᠷᠬᠠᠢ ᠶᠢᠨ ᠠᠵᠤ ᠠᠬᠤᠢᠯᠠᠯ ᠤᠨ ᠠᠵᠢᠯ ᠵᠣᠭᠰᠣᠵᠤ ᠭᠠᠷᠤᠯᠲᠠ ᠬᠠᠰᠤᠭᠳᠠᠭᠰᠠᠨ      ︵2︶ ᠳᠣᠣᠷᠠᠳᠤ ᠤᠷᠤᠰᠬᠠᠯ ᠤᠨ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠰᠠᠭᠤᠭᠠᠯᠢ ᠠᠷᠠᠳ ᠤᠨ ᠠᠮᠢᠳᠤᠷᠠᠯ ᠤᠨ ᠲᠣᠰᠣ ᠬᠡᠢ ᠶᠢᠨ ᠬᠠᠩᠭᠠᠯᠲᠠ ᠶᠢ ᠲᠠᠰᠤᠯᠳᠠᠭᠤᠯᠪᠠ︔      ︵3︶ ᠣᠷᠣᠨ ᠪᠦᠰᠡ ᠶᠢᠨ ᠴᠢᠨᠠᠷᠲᠠᠶ ᠤᠰᠤ᠂ ᠴᠠᠬᠢᠯᠭᠠᠨ᠂ ᠬᠡᠢ ᠶᠢᠨ ᠬᠠᠩᠭᠠᠮᠵᠢ ᠲᠠᠰᠤᠷᠠᠭᠰᠠᠨ ᠪᠤᠶᠤ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠳᠠᠮᠫᠤᠷᠠᠭᠰᠠᠨ ᠵᠡᠷᠭᠡ ᠠᠳᠡᠯ ᠳᠤ ᠤᠴᠠᠷᠠᠭᠰᠠᠨ ᠠᠴᠠ ᠣᠯᠠᠨ ᠲᠦᠮᠡᠨ ᠤ ᠭᠡᠯᠮᠡᠭᠳᠡᠯ ᠡᠭᠦᠰᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠪᠡ︔      ︵4︶ ᠣᠷᠴᠢᠨ ᠠᠬᠤᠢ ᠶᠢ ᠪᠣᠬᠢᠷᠳᠤᠭᠤᠯᠵᠤ᠂ ᠣᠯᠠᠨ ᠨᠡᠢᠲᠡ ᠶᠢᠨ ᠡᠷᠡᠭᠦᠯ ᠬᠠᠮᠠᠭᠠᠯᠠᠯ ᠪᠣᠯᠣᠨ ᠣᠷᠴᠢᠨ ᠠᠬᠤᠢ ᠶᠢ ᠬᠠᠮᠠᠭᠠᠯᠠᠬᠤ ᠳᠤ ᠨᠡᠯᠢᠶᠡᠳ ᠤᠷᠲᠤ ᠬᠤᠭᠤᠴᠠᠭᠠᠨ ᠤ ᠨᠠᠵᠠᠭᠠᠢ ᠨᠥᠯᠥᠭᠡ ᠦᠵᠡᠭᠦᠯᠵᠦ ᠪᠠᠢᠨ᠎ᠠ᠃      4. ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠶᠤᠯ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ ᠲᠣᠭᠤᠷᠢᠨ ᠬᠠᠮᠠᠭᠠᠯᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠰᠡᠯᠪᠢᠨ ᠵᠠᠰᠠᠵᠤ᠂ ᠰᠠᠶᠢᠨ ᠰᠠᠶᠢᠬᠠᠨ ᠠᠵᠢᠯᠯᠠᠭᠠᠨ ᠤ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠭᠤᠯᠠᠶ ᠭᠤᠣᠷᠰᠤ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯ᠎ᠠ ᠶᠢᠨ ᠲᠠᠯᠳᠠ ᠭᠡᠮ ᠢ ᠠᠵᠤ ᠠᠬᠤᠶᠢᠯᠠᠯ ᠥᠪᠡᠷ ᠢᠶᠠᠨ ᠠᠷᠢᠯᠭᠠᠬᠤ ᠳᠤ ᠪᠡᠷᠬᠡᠲᠡᠶ ᠪᠠᠶᠢᠪᠠᠯ᠂ ᠴᠠᠭ ᠲᠤᠬᠠᠶ ᠳᠤ ᠨᠢ ᠬᠤᠰᠢᠭᠤ ᠰᠢᠶᠠᠨ ︵ᠲᠣᠭᠤᠷᠢᠭ︶᠎ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ︔ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠲᠦᠭᠰᠢᠭᠦᠷᠢ ᠨᠡᠯᠢᠶᠡᠳ ᠶᠡᠭᠡ ᠪᠠᠶᠢᠭ᠎ᠠ ᠬᠡᠰᠡᠭ ᠪᠠ ᠲᠠᠯᠠᠪᠤᠷ ᠭᠠᠵᠠᠷ ᠲᠤ ᠭᠤᠣᠯᠳᠠᠯᠭ᠎ᠠ ᠲᠠᠢ ᠬᠢᠨᠠᠨ ᠰᠢᠨᠵᠢᠯᠡᠯᠲᠡ ᠬᠢᠵᠦ᠂ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃      ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠪᠠᠨ ᠬᠤᠭᠤᠯᠠᠶ ᠭᠤᠣᠷᠰᠤ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ ᠪᠡᠯᠡᠳᠬᠡᠮᠵᠢ ᠶᠢ ᠬᠠᠤᠯᠢ ᠠᠴᠠ ᠵᠥᠷᠢᠴᠡᠨ ᠡᠵᠡᠯᠡᠬᠦ᠂ ᠡᠪᠳᠡᠵᠦ ᠰᠦᠢᠳᠭᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠬᠤᠷᠢᠭᠯᠠᠨ ᠵᠣᠭᠰᠣᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠰ ᠲᠣᠰ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠭᠡᠬᠦ︔ ᠬᠤᠭᠤᠯᠠᠶ ᠭᠤᠣᠷᠰᠤ ᠶᠢᠨ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃      5 ᠬᠢᠨᠠᠨ ᠬᠡᠮᠵᠢᠯᠲᠡ ᠶᠢᠨ ᠰᠡᠷᠡᠮᠵᠢᠯᠡᠭᠦᠯᠬᠦ ᠪᠠ ᠰᠡᠷᠡᠮᠵᠢᠯᠡᠭᠦᠯᠦᠯ ᠨᠡᠶᠢᠲᠡᠯᠡᠬᠦ      5.1 ᠬᠢᠨᠠᠨ ᠰᠢᠨᠵᠢᠬᠦ ᠤᠷᠢᠳᠴᠢᠯᠠᠨ ᠮᠡᠳᠡᠭᠡᠯᠡᠬᠦ      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠢᠴᠢ ᠡᠯ᠎ᠡ ᠬᠤᠰᠢᠭᠤ ᠰᠢᠶᠠᠨ ︵ᠲᠣᠭᠤᠷᠢᠭ︶᠎ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠪᠠ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ ᠭᠤᠤᠯᠳᠠᠯᠭ᠎ᠠ ᠲᠠᠢ ᠪᠡᠯᠡᠳᠬᠡᠮᠵᠢ ᠲᠥᠬᠦᠭᠡᠷᠦᠮᠵᠢ᠂ ᠭᠤᠤᠯᠳᠠᠯᠭ᠎ᠠ ᠲᠠᠢ ᠣᠷᠣᠨ ᠪᠦᠰᠡ᠂ ᠴᠢᠬᠤᠯᠠ ᠠᠵᠢᠯ ᠤᠨ ᠪᠠᠶᠢᠷᠢ ᠵᠢᠴᠢ ᠦᠢᠯᠡᠳᠪᠦᠷᠢᠯᠡᠯ ᠤᠨ ᠠᠵᠢᠯ ᠤᠨ ᠠᠮᠤᠷ ᠲᠦᠪᠰᠢᠨ ᠢ ᠨᠥᠯᠥᠭᠡᠯᠡᠬᠦ ᠣᠷᠴᠢᠨ ᠲᠣᠭᠤᠷᠢᠨ ᠤ ᠪᠠᠶᠢᠳᠠᠯ ᠢ ᠬᠢᠨᠠᠨ ᠰᠢᠨᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠭᠠᠷᠴᠤ ᠮᠡᠳᠡᠬᠦ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠢ ᠶᠡᠷᠦᠩᠬᠡᠶᠢᠯᠡᠨ ᠦᠨᠡᠯᠡᠨ ᠵᠢᠱᠢᠬᠦ ᠪᠠ ᠬᠠᠨᠳᠤᠰᠢ ᠳᠤ ᠵᠠᠳᠠᠯᠤᠯᠲᠠ ᠬᠢᠵᠦ᠂ ᠲᠦᠭᠰᠢᠭᠦᠷᠢ ᠶᠢ ᠴᠠᠭ ᠲᠤᠬᠠᠶ ᠳᠤ ᠨᠢ ᠰᠠᠨᠠᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠳᠡᠮᠵᠢᠯᠭᠡ ᠬᠠᠩᠭᠠᠨ᠎ᠠ᠃      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠣᠯ ᠠᠳᠡᠯ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠸᠢᠳᠢᠣ᠋ ᠪᠠᠷ ᠬᠢᠨᠠᠨ ᠡᠵᠡᠮᠳᠡᠬᠦ᠂ ᠠᠯᠤᠰ ᠠᠴᠠ ᠬᠢᠨᠠᠨ ᠰᠢᠨᠵᠢᠬᠦ᠂ ᠠᠦ᠋ᠲ᠋ᠣ᠋ ᠪᠠᠷ ᠲᠦᠭᠰᠢᠭᠦᠷᠢ ᠮᠡᠳᠡᠭᠦᠯᠬᠦ᠂ ᠣᠶᠤᠨᠴᠢ ᠪᠠᠷ ᠢᠯᠭᠠᠨ ᠲᠠᠨᠢᠬᠤ ᠵᠡᠷᠭᠡ ᠤᠶᠤᠨᠴᠢᠯᠠᠭᠰᠠᠨ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠳᠡᠯ ᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠲᠤᠬᠠᠢ ᠶᠢᠨ ᠭᠠᠵᠠᠷ ᠤᠨ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠪᠠ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠬᠤᠳᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠪᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠶ᠃ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠭᠤᠤᠯ ᠠᠭᠤᠯᠭ᠎ᠠ ᠳᠤ᠄ ᠦᠨᠳᠦᠰᠦᠨ ᠪᠠᠶᠢᠳᠠᠯ᠂ ᠰᠤᠳᠤᠯᠤᠨ ᠮᠠᠭᠠᠳᠯᠠᠬᠤ ᠪᠠᠷ ᠳᠠᠮᠵᠢᠭᠠᠳ ᠡᠭᠦᠰᠴᠦ ᠮᠡᠳᠡᠬᠦ ᠬᠤᠤᠷ ᠬᠥᠨᠥᠭᠡᠯ ᠵᠢᠴᠢ ᠬᠡᠮᠵᠢᠶ᠎ᠡ᠂ ᠨᠦᠯᠦᠭᠡᠯᠡᠵᠦ ᠮᠡᠳᠡᠬᠦ ᠬᠡᠪᠴᠢᠶ᠎ᠡ ᠵᠢᠴᠢ ᠰᠠᠨᠠᠭᠤᠯᠭ᠎ᠠ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃      5.2 ᠰᠡᠷᠡᠮᠵᠢᠯᠡᠬᠦᠯᠬᠦ ᠳᠡᠰ      ᠬᠤᠭᠤᠯᠠᠶ ᠶᠢᠨ ᠠᠮᠤᠷ ᠲᠦᠪᠰᠢᠨ ᠤ ᠠᠳᠡᠯ ᠳᠤ ᠤᠴᠠᠷᠠᠭᠤᠯᠵᠤ ᠮᠡᠳᠡᠬᠦ ᠬᠤᠤᠷ ᠬᠥᠨᠥᠭᠡᠯ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠡᠭᠦᠰᠴᠦ ᠮᠡᠳᠡᠬᠦ ᠠᠳᠡᠯ ᠤᠨ ᠲᠠᠰ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠡᠩ ᠤᠨ ︵Ⅳ ᠲᠠᠰ︶᠂ ᠨᠡᠯᠢᠶᠡᠳ ᠶᠡᠭᠡ ︵Ⅲ ᠲᠠᠰ︶᠂ ᠬᠦᠨᠳᠦ ᠶᠡᠭᠡ ︵Ⅱ ᠲᠠᠰ︶᠂ ᠣᠨᠴᠠᠭᠠᠶ ᠬᠦᠨᠳᠦ ᠶᠡᠭᠡ ︵Ⅰ ᠲᠠᠰ︶ ᠭᠡᠵᠦ ᠬᠤᠪᠢᠶᠠᠨ᠎ᠠ᠂ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠥᠩᠭᠡ ᠲᠠᠢ ᠲᠡᠮᠳᠡᠭ ᠢ ᠬᠡᠷᠡᠭᠯᠡᠵᠦ᠂ Ⅰ ᠲᠠᠰ ᠢ ᠬᠠᠮᠤᠭ ᠤᠨ ᠳᠡᠭᠡᠳᠦ ᠲᠠᠰ ᠭᠡᠵᠦ ᠬᠤᠪᠢᠶᠠᠨ᠎ᠠ᠃      ᠬᠥᠬᠡ ᠥᠩᠭᠡ ᠶᠢᠨ ᠰᠡᠷᠡᠮᠵᠢᠯᠡᠭᠦᠯᠦᠯ ︵Ⅳ ᠲᠠᠰ︶᠄ ᠵᠢᠱᠢᠯᠲᠡ ᠪᠠᠷ ᠡᠩ ᠤᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠬᠤ ᠪᠣᠯᠤᠨ᠎ᠠ᠃      ᠰᠢᠷ᠎ᠠ ᠥᠩᠭᠡ ᠶᠢᠨ ᠰᠡᠷᠡᠮᠵᠢᠯᠡᠭᠦᠯᠦᠯ ︵Ⅲ ᠲᠠᠰ︶᠄ ᠵᠢᠱᠢᠯᠲᠡ ᠪᠠᠷ ᠨᠡᠯᠢᠶᠡᠳ ᠶᠡᠭᠡ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠴᠤ᠂ ᠠᠳᠡᠯ ᠨᠢᠭᠡᠨᠲᠡ ᠣᠶᠢᠷᠠᠳᠴᠤ᠂ ᠬᠡᠷᠡᠭ ᠤᠨ ᠪᠠᠶᠢᠳᠠᠯ ᠥᠷᠭᠡᠳᠬᠡᠬᠦ ᠬᠠᠨᠳᠤᠰᠢ ᠲᠠᠢ᠃      ᠤᠯᠠᠪᠤᠷ ᠥᠩᠭᠡ ᠶᠢᠨ ᠰᠡᠷᠡᠮᠵᠢᠯᠡᠭᠦᠯᠦᠯ ︵Ⅱ ᠲᠠᠰ︶᠄ ᠵᠢᠱᠢᠯᠲᠡ ᠪᠠᠷ ᠬᠦᠨᠳᠦ ᠶᠡᠭᠡ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠬᠤ ᠪᠣᠯᠤᠨ᠎ᠠ᠂ ᠠᠳᠡᠯ ᠤᠳᠠᠯ ᠥᠬᠡᠶ ᠡᠭᠦᠰᠬᠦ ᠭᠡᠵᠦ ᠪᠠᠶᠢᠨ᠎ᠠ᠂ ᠬᠡᠷᠡᠭ ᠤᠨ ᠪᠠᠶᠢᠳᠠᠯ ᠨᠢ ᠶᠠᠭ ᠠᠯᠬᠤᠮ ᠠᠯᠬᠤᠮ ᠢᠶᠠᠷ ᠥᠷᠭᠡᠳᠬᠡᠵᠦ ᠪᠠᠶᠢᠨ᠎ᠠ᠃      ᠤᠯᠠᠭᠠᠨ ᠥᠩᠭᠡ ᠶᠢᠨ ᠰᠡᠷᠡᠮᠵᠢᠯᠡᠭᠦᠯᠦᠯ ︵Ⅰ ᠲᠠᠰ︶᠄ ᠵᠢᠱᠢᠯᠲᠡ ᠪᠠᠷ ᠣᠨᠴᠠᠭᠠᠶ ᠬᠦᠨᠳᠦ ᠶᠡᠭᠡ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠴᠤ᠂ ᠠᠳᠡᠯ ᠴᠠᠭ ᠲᠤᠬᠠᠶ ᠳᠤᠨᠢ ᠭᠠᠷᠴᠤ᠂ ᠬᠡᠷᠡᠭ ᠤᠨ ᠪᠠᠶᠢᠳᠠᠯ ᠶᠠᠭ ᠲᠠᠰᠤᠷᠠᠯᠲᠠ ᠥᠬᠡᠶ ᠳᠡᠯᠭᠡᠷᠡᠵᠦ ᠪᠠᠶᠢᠨ᠎ᠠ᠃      5.3 ᠰᠡᠷᠡᠮᠵᠢᠯᠡᠬᠦᠯᠦᠯ      5.3.1 ᠨᠡᠶᠢᠲᠡᠯᠡᠬᠦ ᠡᠷᠬᠡ ᠮᠡᠳᠡᠯ      ᠡᠯ᠎ᠡ ᠱᠠᠲᠤᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠯᠦᠭᠡ ᠶᠢᠨ ᠵᠥᠪᠳᠡᠯᠴᠡᠭᠡ ᠪᠠᠨ ᠴᠢᠩᠭᠠᠳᠬᠠᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠠᠷᠬᠤ ᠭᠡᠵᠦ ᠪᠠᠶᠢᠭ᠎ᠠ ᠪᠤᠶᠤ ᠡᠭᠦᠰᠬᠦ ᠪᠣᠯᠤᠮᠵᠢ ᠶᠡᠭᠡᠰᠬᠦ ᠦᠶ᠎ᠡ ᠳᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠳᠠᠷᠦ᠋ᠢᠬᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ᠂ ᠴᠠᠭ ᠲᠤᠬᠠᠶ ᠳᠤ ᠨᠢ ᠳᠡᠭᠡᠷ᠎ᠡ ᠨᠢᠭᠡ ᠱᠠᠲᠤᠨ ᠳᠤ ᠮᠡᠳᠡᠭᠦᠯᠬᠦ ᠬᠡᠷᠡᠭᠲᠡᠶ᠃ ᠰᠢᠷ᠎ᠠ ᠪᠠ ᠬᠥᠬᠡ ᠥᠩᠭᠡ ᠶᠢᠨ ᠰᠡᠷᠡᠮᠵᠢ ᠶᠢᠨ ᠳᠡᠰ ᠲᠤ ᠬᠦᠷᠦᠭᠰᠡᠨ ᠪᠠᠶᠢᠪᠠᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠨᠢ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ︔ ᠤᠯᠠᠭᠠᠨ ᠪᠠ ᠤᠯᠠᠪᠤᠷ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠬᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠡᠯ᠎ᠡ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ︶᠎ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠨᠢ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ᠃ ᠠᠮᠤᠷ ᠲᠦᠪᠰᠢᠨ ᠤ ᠠᠳᠡᠯ ᠤᠨ ᠰᠦᠷᠳᠡᠭᠦᠯᠦᠯ ᠢ ᠨᠢᠭᠡᠨᠲᠡ ᠠᠷᠢᠯᠭᠠᠵᠤ᠂ ᠨᠡᠶᠢᠲᠡᠯᠡᠭᠰᠡᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠶ ᠳᠤᠨᠢ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭ᠎ᠠ ᠶᠢ ᠡᠴᠦᠰᠯᠡᠭᠦᠯᠬᠦ ᠬᠡᠷᠡᠭᠲᠡᠶ᠃      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠭᠤᠯᠭ᠎ᠠ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄ ᠨᠡᠶᠢᠲᠡᠯᠡᠬᠦ ᠨᠢᠭᠡᠴᠢ᠂ ᠨᠡᠶᠢᠲᠡᠯᠡᠬᠦ ᠴᠠᠭ᠂ ᠭᠠᠷᠴᠤ ᠮᠡᠳᠡᠬᠦ ᠠᠮᠦᠷ ᠲᠦᠪᠰᠢᠨ ᠤ ᠠᠳᠡᠯ ᠤᠨ ᠲᠦᠷᠦᠯ ᠢᠯᠭᠠᠯ᠂ ᠠᠮᠦᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠲᠠᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ᠃      ᠬᠤᠭᠤᠯᠠᠶ ᠶᠢᠨ ᠠᠮᠤᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠶᠢ ᠬᠦᠴᠦᠨ ᠥᠬᠡᠶ ᠪᠣᠯᠭᠠᠬᠤ ᠪᠣᠯᠪᠠᠴᠤ ᠬᠢᠵᠠᠭᠠᠷᠯᠠᠬᠳᠠᠬᠤ ᠥᠬᠡᠶ᠄ ᠨᠢᠭᠡᠴᠢ ᠶᠢᠨ ᠨᠡᠷᠡᠶᠢᠳᠦᠯ᠂ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠪᠠ ᠬᠦᠴᠦᠨ ᠥᠬᠡᠶ ᠪᠣᠯᠭᠠᠬᠤ ᠴᠠᠭ ᠢ ᠬᠦᠴᠦᠨ ᠥᠬᠡᠶ ᠪᠣᠯᠭᠠᠨ᠎ᠠ᠃      5.3.2 ᠰᠡᠷᠡᠮᠵᠢᠯᠡᠬᠦᠯᠬᠦ ᠲᠤᠬᠢᠷᠠᠭᠤᠯᠤᠯᠳᠠ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠥᠭᠵᠢᠯᠲᠡ ᠶᠢᠨ ᠪᠠᠶᠢᠳᠠᠯ ᠪᠠ ᠰᠢᠢᠳᠪᠦᠷᠢᠯᠡᠬᠦ ᠠᠬᠢᠴᠠ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠠᠯᠠᠭ᠎ᠠ ᠮᠥᠴᠢᠷ ᠤᠨ ᠰᠡᠷᠡᠮᠵᠢᠯᠡᠭᠦᠯᠬᠦ ᠳᠡᠰ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠬᠡᠷᠡᠭᠲᠡᠢ᠃      5.3.3 ᠨᠡᠶᠢᠲᠡᠯᠡᠬᠦ ᠠᠷᠭ᠎ᠠ ᠵᠠᠮ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠦᠯᠦᠭᠡᠯᠡᠵᠦ ᠮᠡᠳᠡᠬᠦ ᠬᠥᠮᠦᠰ ᠲᠤ ᠨᠡᠶᠢᠲᠡᠯᠡᠵᠦ᠂ ᠠᠮᠦᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ ᠤᠲᠠᠰᠤ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠰᠦᠯᠵᠢᠶ᠎ᠡ᠂ ᠰᠡᠷᠡᠮᠵᠢ ᠶᠢᠨ ᠳᠣᠬᠢᠶᠠᠨ ᠤ ᠮᠠᠰᠢᠨ᠂ ᠤᠬᠠᠭᠤᠯᠬᠤ ᠲᠡᠷᠭᠡ᠂ ᠪᠦᠷᠢᠶ᠎ᠡ ᠪᠤᠶᠤ ᠬᠥᠮᠦᠰ ᠢ ᠵᠣᠬᠢᠶᠠᠨ ᠪᠠᠶᠢᠭᠤᠯᠵᠤ ᠡᠷᠦᠬᠡ ᠳᠠᠷᠠᠭᠠᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ᠂ ᠨᠠᠰᠤᠲᠠᠨ᠂ ᠨᠢᠯᠬ᠎ᠠ ᠬᠡᠤᠬᠡᠳ᠂ ᠡᠪᠡᠳᠴᠢᠨ᠂ ᠵᠡᠮᠳᠡᠭ᠂ ᠵᠢᠷᠮᠦᠰᠦᠨ ᠵᠡᠷᠭᠡ ᠣᠨᠴᠠᠭᠠᠢ ᠬᠥᠮᠦᠰ ᠪᠠ ᠰᠤᠷᠭᠠᠭᠤᠯᠢ ᠵᠡᠷᠭᠡ ᠣᠨᠴᠠᠭᠠᠢ ᠲᠠᠯᠠᠪᠤᠷ ᠭᠠᠵᠠᠷ ᠵᠢᠴᠢ ᠰᠡᠷᠡᠮᠵᠢ ᠶᠢᠨ ᠲᠤᠬᠢᠶ᠎ᠠ ᠪᠠᠯᠠᠢ ᠣᠷᠣᠨ ᠳᠤ ᠬᠠᠨᠳᠤᠯᠭᠠᠲᠤ ᠴᠢᠨᠠᠷᠲᠠᠶ ᠮᠡᠳᠡᠭᠳᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃ ᠵᠠᠭᠤᠴᠢᠯᠠᠭᠤᠷ ᠤᠨ ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ ᠡᠩ ᠲᠡᠷᠢᠭᠦᠨ ᠳᠤ ᠰᠠᠶᠢᠲᠤᠷ ᠬᠢᠬᠦ ᠬᠡᠷᠡᠭᠲᠡᠶ᠃      5.4 ᠰᠡᠷᠡᠮᠵᠢᠯᠡᠬᠦᠯᠬᠦ ᠠᠵᠢᠯᠯᠠᠭ᠎ᠠ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠠᠷᠴᠤ ᠮᠡᠳᠡᠬᠦ ᠪᠦᠭᠡᠳ ᠰᠡᠷᠡᠮᠵᠢᠯᠡᠭᠦᠯᠬᠦ ᠲᠠᠰ ᠲᠤ ᠬᠦᠷᠴᠦ ᠮᠡᠳᠡᠨ᠎ᠡ᠂ ᠡᠯ᠎ᠡ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠪᠣᠯᠤᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠡᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠦᠨᠡᠯᠡᠨ ᠵᠢᠱᠢᠵᠦ ᠵᠠᠳᠠᠯᠤᠯᠲᠠ ᠬᠢᠵᠦ᠂ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠤᠴᠠᠷᠠᠭᠤᠯᠵᠤ ᠮᠡᠳᠡᠬᠦ ᠨᠥᠯᠥᠭᠡ ᠪᠠ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠠᠷᠭᠠᠴᠠᠬᠤ ᠲᠥᠰᠦᠯ ᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃      ︵1︶ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠬᠢᠨᠠᠨ ᠡᠵᠡᠮᠳᠡᠬᠦ᠂ ᠴᠤᠭᠯᠠᠭᠤᠯᠬᠤ ᠶᠢ ᠴᠢᠩᠭᠠᠳᠬᠠᠨ᠎ᠠ︔      ︵2︶ ᠨᠥᠯᠥᠭᠡᠯᠡᠭᠳᠡᠭᠰᠡᠨ ᠬᠡᠷᠡᠭᠯᠡᠭᠴᠢ ᠵᠢᠴᠢ ᠨᠢᠭᠡᠴᠡ ᠳᠤ ᠬᠤᠯᠪᠣᠭᠳᠠᠯ ᠪᠦᠬᠦᠢ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ᠃      ︵3︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠥᠮᠦᠰ ᠢ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠬᠤ ᠶᠢ ᠮᠡᠳᠡᠭᠳᠡᠨ᠎ᠡ᠃      ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠪᠠ ᠲᠥᠬᠦᠭᠡᠷᠦᠮᠵᠢ ᠶᠢ ᠪᠠᠶᠢᠴᠠᠭᠠᠬᠤ᠂ ᠰᠢᠯᠵᠢᠭᠦᠯᠦᠨ ᠲᠥᠪᠯᠡᠷᠡᠭᠦᠯᠬᠦ᠃      ︵5︶ ᠠᠳᠡᠯ ᠡᠭᠦᠰᠦᠭᠰᠡᠨ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠳᠡᠯ ᠤᠨ ᠨᠥᠯᠥᠭᠡᠯᠡᠬᠦ ᠬᠡᠪᠴᠢᠶ᠎ᠡ ᠪᠠ ᠬᠦᠴᠦᠯᠡᠴᠡ᠂ ᠠᠳᠡᠯ ᠤᠨ ᠳᠡᠰ ᠢ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ ᠪᠥᠬᠦᠶ ᠰᠠᠨᠠᠭᠤᠯᠭ᠎ᠠ ᠳᠤᠷᠠᠳᠤᠨ᠎ᠠ︔      ︵6︶ ᠲᠣᠭᠲᠠᠭᠠᠯ ᠶᠣᠰᠣᠭᠠᠷ ᠠᠳᠡᠯ ᠤᠨ ᠬᠤᠤᠷ ᠬᠥᠨᠥᠭᠡᠯ ᠳᠤ ᠤᠴᠠᠷᠠᠵᠤ ᠮᠡᠳᠡᠬᠦ ᠰᠡᠷᠡᠮᠵᠢ ᠥᠭᠬᠦ᠂ ᠣᠨᠴᠠ ᠲᠣᠭᠲᠠᠭᠰᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠤᠷ ᠬᠥᠨᠥᠭᠡᠯ ᠠᠴᠠ ᠵᠠᠶᠢᠯᠠᠬᠤ ᠪᠤᠶᠤ ᠬᠥᠩᠭᠡᠷᠡᠭᠦᠯᠬᠦ ᠰᠠᠨᠠᠭᠤᠯᠭ᠎ᠠ᠂ ᠢᠳᠬᠠᠯ᠃      ︵7︶ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ᠂ ᠨᠥᠯᠥᠭᠡᠯᠡᠭᠳᠡᠬᠦ ᠪᠤᠶᠤ ᠨᠥᠯᠥᠭᠡᠯᠡᠭᠳᠡᠬᠦ ᠪᠣᠯᠤᠯᠴᠠᠭ᠎ᠠ ᠲᠠᠢ ᠣᠷᠣᠨ ᠪᠦᠰᠡ ᠶᠢᠨ ᠨᠢᠭᠡᠴᠢ ᠪᠠ ᠰᠠᠭᠤᠭᠠᠯᠢ ᠠᠷᠠᠳ ᠢ ᠰᠠᠨᠠᠭᠤᠯᠵᠤ᠂ ᠰᠢᠲᠠᠮᠠᠬᠠᠶ ᠬᠡᠢ ᠶᠢᠨ ᠬᠠᠩᠭᠠᠯᠭ᠎ᠠ ᠲᠠᠰᠤᠯᠳᠠᠬᠤ ᠶᠢ ᠠᠷᠭᠠᠴᠠᠬᠤ ᠠᠵᠢᠯ ᠢ ᠰᠠᠶᠢᠲᠤᠷ ᠬᠢᠨ᠎ᠡ︔      ︵8︶ ᠵᠢᠭᠠᠪᠤᠷᠢᠯᠠᠭᠰᠠᠨ ᠬᠤᠰᠢᠭᠤ ᠰᠢᠶᠠᠨ ︵ᠲᠣᠭᠤᠷᠢᠭ︶᠎ ᠤ  ᠳᠡᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠬᠥᠮᠦᠰ ᠵᠠᠷᠯᠢᠭ ᠬᠦᠯᠢᠶᠡᠬᠦ ᠪᠠᠶᠢᠳᠠᠯ ᠳᠤ ᠤᠷᠤᠭᠰᠠᠨ ᠪᠥᠭᠡᠳ ᠪᠡᠯᠡᠳᠬᠡᠯ ᠬᠥᠮᠦᠰ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔      ︵9︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ ᠶᠢ ᠪᠡᠯᠡᠳᠬᠡᠬᠦ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ ᠲᠤᠬᠠᠶ ᠳᠤᠨᠢ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵10 ︶ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠬᠤ  ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠰ ᠤᠨ ᠡᠩᠨᠡᠭᠡ ᠶᠢ ᠬᠠᠮᠵᠢᠯᠴᠠᠨ ᠰᠢᠢᠳᠪᠦᠷᠢᠯᠡᠨ᠎ᠡ︔      ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠢᠬᠤᠯᠠ ᠪᠦᠬᠦᠢ ᠰᠡᠷᠭᠡᠶᠢᠯᠡᠬᠦ ᠴᠢᠨᠠᠷᠲᠠᠶ᠂ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ      6 ᠮᠡᠲᠡᠭᠡ ᠵᠠᠩᠭᠢ ᠶᠢᠨ ᠮᠡᠲᠡᠭᠦᠯᠦᠯᠲᠡ ᠪᠠ ᠤᠷᠢᠲᠠᠪᠠᠷ ᠰᠶᠢᠳᠪᠦᠷᠢᠯᠡᠭᠦ      6.1 ᠮᠡᠳᠡᠭᠡ ᠵᠠᠩᠭᠢ ᠶᠢᠨ ᠮᠡᠳᠡᠭᠦᠯᠦᠯᠲᠡ      ︵1︶ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠠᠳᠡᠯ ᠭᠠᠷᠤᠭᠰᠠᠨ ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠳᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠳᠠᠷᠦ᠋ᠢᠬᠠᠨ ᠮᠡᠳᠡᠭᠦᠯᠬᠦ ᠬᠡᠷᠡᠭᠲᠡᠶ᠂ ᠬᠠᠮᠤᠭ ᠤᠳᠠᠭᠠᠨ ᠳᠤ ᠪᠠᠨ 1 ᠴᠠᠭ ᠠᠴᠠ ᠬᠡᠲᠦᠷᠡᠭᠦᠯᠵᠦ ᠪᠣᠯᠬᠤ ᠦᠭᠡᠢ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠ ᠣᠷᠬᠢᠭᠳᠠᠭᠤᠯᠤᠨ ᠮᠡᠳᠡᠭᠦᠯᠵᠦ ᠪᠣᠯᠬᠤ ᠦᠭᠡᠢ᠂ ᠡᠭᠦᠨ ᠤ ᠬᠠᠮᠲᠤ᠂ ᠨᠥᠯᠥᠭᠡᠯᠡᠭᠳᠡᠵᠦ ᠮᠡᠳᠡᠬᠦ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠪᠠ ᠠᠵᠤ ᠠᠬᠤᠶᠢᠯᠠᠯ ᠵᠡᠷᠭᠡ ᠳᠤ ᠮᠡᠳᠡᠭᠡᠯᠡᠨ᠎ᠡ᠃ ᠣᠨᠴᠠᠭᠠᠢ ᠬᠦᠨᠳᠦ ᠶᠡᠭᠡ᠂ ᠬᠦᠨᠳᠦ ᠶᠡᠭᠡ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠱᠠᠲᠤ ᠳᠠᠷᠠᠭᠠᠯᠠᠨ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ︔ ᠨᠡᠯᠢᠶᠡᠳ ᠶᠡᠭᠡ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠴᠠᠭ ᠲᠤᠬᠠᠶ ᠳᠤ ᠨᠢ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠮᠡᠳᠡᠭᠦᠯᠦᠨ ᠬᠦᠷᠭᠡᠬᠦ ᠬᠡᠷᠡᠭᠲᠡᠢ︔ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠠᠶᠤᠯ ᠦᠭᠡᠶ ᠶᠢᠨ ᠠᠳᠡᠯ ᠤᠨ ᠪᠠᠶᠢᠳᠠᠯ ᠢ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠤᠨ᠎ᠠ᠃      ︵2︶ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠮᠡᠳᠡᠭᠦᠯᠬᠦ ᠠᠭᠤᠯᠭ᠎ᠠ ᠳᠤ ᠡᠩ ᠤᠨ ᠪᠠᠶᠢᠳᠠᠯ ᠳᠤ᠄ ᠠᠮᠤᠷ ᠲᠦᠪᠰᠢᠨ ᠤ ᠠᠳᠡᠯ ᠤᠨ ᠮᠡᠳᠡᠭᠡ ᠵᠠᠩᠭᠢ ᠶᠢᠨ ᠢᠷᠡᠯᠲᠡ᠂ ᠬᠡᠷᠡᠭ ᠭᠠᠷᠤᠭᠰᠠᠨ ᠨᠢᠭᠡᠴᠢ ᠶᠢᠨ ᠦᠨᠳᠦᠰᠦᠨ ᠮᠡᠳᠡᠭᠡ ᠵᠠᠩᠭᠢ᠂ ᠬᠡᠷᠡᠭ ᠭᠠᠷᠤᠭᠰᠠᠨ ᠴᠠᠭ᠂ ᠭᠠᠵᠠᠷ ᠣᠷᠣᠨ᠂ ᠬᠤᠤᠷ ᠬᠥᠨᠥᠭᠡᠯ ᠤᠨ ᠦᠷ᠎ᠡ ᠳ᠋ᠦᠩ ᠢ ᠨᠢᠭᠡᠨᠲᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠠᠳᠡᠯ ᠤᠨ ᠬᠥᠭᠵᠢᠯᠲᠡ ᠶᠢᠨ ᠬᠠᠨᠳᠤᠰᠢ ᠶᠢ ᠵᠠᠳᠠᠯᠤᠨ ᠰᠤᠳᠤᠯᠵᠤ ᠮᠠᠭᠠᠳᠯᠠᠬᠤ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠬᠠᠷᠢᠭᠤᠴᠠᠯᠭᠠᠲᠠᠨ ᠵᠢᠴᠢ ᠠᠪᠤᠷᠠᠨ ᠲᠤᠰᠠᠯᠠᠬᠤ ᠬᠦᠴᠦᠨ ᠢ ᠵᠢᠯᠣᠭᠤᠳᠬᠤ ᠬᠡᠷᠡᠭᠲᠡᠢ᠂ ᠮᠡᠳᠡᠭᠦᠯᠬᠦ ᠴᠢᠬᠤᠯᠠᠲᠠᠶ ᠪᠤᠰᠤᠳ ᠵᠦᠢᠯᠡᠰ ᠢ ᠪᠠᠭᠲᠠᠭᠠᠨ᠎ᠠ᠃ ᠲᠦᠢᠯ ᠤᠨ ᠪᠠᠶᠢᠳᠠᠯ ᠳᠣᠣᠷ᠎ᠠ᠂ ᠦᠨᠡᠬᠡᠷ ᠴᠠᠭ ᠲᠤᠬᠠᠶ ᠳᠤᠨᠢ ᠪᠦᠷᠢᠨ ᠪᠦᠲᠦᠨ ᠮᠡᠳᠡᠭᠡ ᠵᠠᠩᠭᠢ ᠣᠯᠵᠤ ᠳᠡᠶᠢᠯᠬᠦ ᠦᠭᠡᠢ ᠦᠶ᠎ᠡ ᠳᠤ᠂ ᠮᠡᠳᠡᠭᠦᠯᠦᠯᠲᠡ ᠶᠢᠨ ᠠᠭᠤᠯᠭ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ ᠴᠠᠭ ᠲᠤᠬᠠᠶ ᠳᠤᠨᠢ ᠮᠡᠳᠡᠭᠦᠯᠵᠦ ᠪᠣᠯᠤᠨ᠎ᠠ᠃      ︵3︶ ᠬᠡᠷᠡᠭ ᠤᠨ ᠪᠠᠶᠢᠳᠠᠯ ᠢ ᠦᠨᠳᠦᠰᠦᠯᠡᠨ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠴᠠᠭ ᠲᠤᠬᠠᠶ ᠳᠤ ᠨᠢ ᠦᠷᠭᠦᠯᠵᠢᠯᠡᠨ ᠮᠡᠳᠡᠭᠦᠯᠵᠦ᠂ ᠠᠳᠡᠯ ᠢ ᠮᠡᠳᠡᠭᠦᠯᠬᠦ ᠴᠠᠭᠴᠢ ᠴᠢᠨᠠᠷ ᠪᠠ ᠵᠢᠷᠤᠮᠵᠢᠯᠳᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠨᠥᠯᠥᠭᠡᠯᠡᠬᠦ ᠬᠡᠪᠴᠢᠶ᠎ᠡ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠠᠴᠠ ᠬᠡᠲᠦᠷᠡᠵᠦ ᠮᠡᠳᠡᠬᠦ ᠦᠶ᠎ᠡ ᠳᠤ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃      6.2 ᠤᠷᠢᠳᠠᠪᠠᠷ ᠰᠢᠢᠳᠪᠦᠷᠢᠯᠡᠬᠦ      6.2.1  ᠠᠳᠡᠯ ᠤᠨ ᠠᠵᠤ ᠠᠬᠤᠶᠢᠯᠠᠯ      ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠠᠮᠤᠷ ᠲᠦᠪᠰᠢᠨ ᠢᠶᠠᠷ  ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠠᠪᠴᠤ᠂ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠤᠨ᠂ ᠬᠤᠣᠷ ᠬᠥᠨᠥᠭᠡᠯ ᠤᠨ ᠬᠡᠪᠴᠢᠶᠡᠨ ᠳᠣᠲᠣᠷᠠᠬᠢ ᠨᠢᠭᠡᠴᠡ ᠪᠣᠯᠤᠨ ᠬᠥᠮᠦᠰ ᠲᠤ ᠦᠳᠲᠡᠷ ᠲᠦᠷᠭᠡᠨ ᠲᠠᠷᠬᠠᠭᠠᠨ ᠰᠢᠯᠵᠢᠭᠦᠯᠬᠦ ᠪᠠᠷ ᠮᠡᠳᠡᠭᠳᠡᠬᠦ ᠬᠡᠷᠡᠭᠲᠡᠶ︔ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠥᠷᠭᠡᠳᠬᠦ ᠪᠠ ᠡᠭᠦᠰᠦᠮᠡᠯ ᠭᠠᠮᠰᠢᠭ ᠡᠭᠦᠰᠬᠦ ᠶᠢ ᠰᠡᠷᠭᠡᠶᠢᠯᠡᠨ᠎ᠡ︔ ᠠᠵᠤ ᠠᠬᠤᠶᠢᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠲᠥᠬᠦᠭᠡᠷᠦᠮᠵᠢ ᠶᠢ ᠦᠳᠲᠡᠷ ᠲᠦᠷᠭᠡᠨ ᠰᠢᠯᠵᠢᠭᠦᠯᠦᠨ ᠴᠤᠭᠯᠠᠭᠤᠯᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠠᠶᠤᠯ ᠠᠴᠠ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃      6.2.2 ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ      ᠠᠳᠡᠯ ᠤᠨ ᠰᠢᠨᠵᠢ ᠴᠢᠨᠠᠷ᠂ ᠬᠤᠣᠷ ᠬᠥᠨᠥᠭᠡᠯ ᠤᠨ ᠬᠡᠮᠵᠢᠶ᠎ᠡ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠦᠴᠦᠨ ᠢᠶᠠᠨ ᠦᠳᠲᠡᠷ ᠲᠦᠷᠭᠡᠨ ᠲᠥᠪᠯᠡᠷᠡᠭᠦᠯᠵᠦ᠂ ᠠᠶᠤᠯ ᠠᠴᠠ ᠠᠪᠤᠷᠠᠨ ᠲᠤᠰᠠᠯᠠᠬᠤ ᠶᠢ ᠥᠷᠨᠢᠭᠦᠯᠦᠨ᠎ᠡ︔ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ ᠪᠠᠶᠢᠳᠠᠯ ᠤᠨ ᠬᠥᠭᠵᠢᠯᠲᠡ ᠶᠢ ᠡᠵᠡᠮᠳᠡᠨ᠎ᠡ︔ ᠠᠮᠤᠷ ᠲᠦᠪᠰᠢᠨ ᠤ ᠠᠳᠡᠯ ᠤᠨ ᠬᠤᠣᠷ ᠬᠥᠨᠥᠭᠡᠯ ᠪᠤᠶᠤ ᠰᠦᠷᠳᠡᠭᠦᠯᠦᠯ ᠳᠤ ᠤᠴᠠᠷᠠᠭᠰᠠᠨ ᠬᠥᠮᠦᠰ ᠢ ᠦᠳᠲᠡᠷ ᠲᠦᠷᠭᠡᠨ ᠰᠢᠯᠵᠢᠭᠦᠯᠵᠦ᠂ ᠲᠠᠷᠬᠠᠭᠠᠵᠤ᠂ ᠵᠠᠶᠢᠯᠠᠭᠤᠯᠬᠤ ᠶᠢᠨ ᠬᠠᠮᠲᠤ ᠲᠣᠬᠢᠲᠠᠶ ᠲᠥᠪᠬᠢᠨᠡᠭᠦᠯᠦᠨ᠎ᠡ︔ ᠡᠮᠴᠢᠯᠡᠭᠡᠨ ᠤ ᠠᠪᠤᠷᠠᠨ ᠵᠠᠰᠠᠬᠤ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      7 ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ      7.1 ᠱᠠᠲᠤ ᠬᠤᠪᠢᠶᠠᠨ ᠠᠷᠭᠠᠴᠠᠬᠤ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠠᠷᠭᠠᠴᠠᠬᠤ ᠳᠤ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠵᠠᠷᠴᠢᠮ ᠢ ᠵᠢᠷᠤᠮᠯᠠᠬᠤ ᠬᠡᠷᠡᠭᠲᠡᠢ᠃ ᠠᠳᠡᠯ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠭᠠᠴᠠᠨ  ᠰᠢᠢᠳᠪᠦᠷᠢᠯᠡᠬᠦ ᠴᠢᠳᠠᠪᠤᠷᠢ ᠠᠴᠠ ᠬᠡᠲᠦᠷᠡᠭᠰᠡᠨ  ᠦᠶ᠎ᠡ ᠳᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠮᠵᠢᠯᠭᠡ ᠬᠠᠩᠭᠠᠬᠤ ᠪᠤᠶᠤ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃ ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠠᠷᠭᠠᠴᠠᠨ᠎ᠠ᠃ ᠨᠡᠯᠢᠶᠡᠳ ᠶᠡᠭᠡ ᠠᠳᠡᠯ ᠢ ᠬᠤᠲᠠ ᠶᠢᠨ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ᠃ ᠡᠩ ᠤᠨ ᠠᠳᠡᠯ ᠢ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃      7.2 ᠱᠠᠲᠤ ᠬᠤᠪᠢᠶᠠᠨ ᠳᠠᠭᠠᠬᠤ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠡᠵᠡᠮᠳᠡᠵᠦ ᠪᠣᠯᠬᠤ ᠴᠢᠨᠠᠷ᠂ ᠬᠦᠨᠳᠦ ᠨᠣᠴᠢᠲᠠᠶ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠶᠣᠰᠣᠭᠠᠷ ᠂ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠳᠤᠨ ᠳᠠᠭᠠᠬᠤ ᠶᠢ Ⅰ ᠲᠠᠰ᠂ Ⅱ ᠲᠠᠰ᠂ Ⅲ ᠲᠠᠰ᠂ Ⅳ ᠲᠠᠰ ᠭᠡᠵᠦ ᠳᠥᠷᠪᠡᠨ ᠲᠠᠰ ᠬᠤᠪᠢᠶᠠᠵᠤ᠂ Ⅰ ᠲᠠᠰ ᠨᠢ ᠬᠠᠮᠤᠭ ᠤᠨ ᠳᠡᠭᠡᠳᠦ ᠲᠠᠰ ᠪᠣᠯᠤᠨ᠎ᠠ᠃ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠲᠠᠰ ᠬᠤᠪᠢᠶᠠᠬᠤ ᠪᠠᠷᠢᠮᠵᠢᠶ᠎ᠠ ᠶᠣᠰᠣᠭᠠᠷ᠂ Ⅰ ᠲᠠᠰ᠂ Ⅱ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠠᠷᠯᠢᠭ ᠢ ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠠᠷ ᠤᠨ ᠥᠰᠥᠭ ᠵᠢᠷᠤᠬᠤ ᠶᠢᠨ ᠬᠠᠮᠲᠤ ᠳᠠᠷᠤᠶ ᠲᠦᠷᠭᠡᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃      7.3 ᠱᠠᠲᠤ ᠬᠤᠪᠢᠶᠠᠨ ᠰᠢᠢᠳᠪᠦᠷᠢᠯᠡᠬᠦ      7.3.1 Ⅳ ᠲᠠᠰ ᠤᠨ ᠳᠠᠭᠠᠵᠤ ᠬᠢᠵᠦ ᠰᠢᠢᠳᠪᠦᠷᠢᠯᠡᠪᠡ      Ⅳ ᠲᠠᠰ ᠤᠨ ᠴᠤᠤᠷᠢᠶᠠᠳᠣᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠪᠠᠶᠢᠭ᠎ᠠ ᠪᠠᠶᠢᠳᠠᠯ ᠳᠤ ᠣᠷᠣᠵᠤ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠳᠤ ᠮᠡᠳᠡᠭᠳᠡᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠵᠣᠬᠢᠬᠤ ᠪᠠᠷᠢᠮᠵᠢᠶ᠎ᠠ ᠶᠢᠨ ᠲᠠᠰ ᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠶᠢᠨ ᠵᠢᠯᠣᠭᠤᠳᠬᠤ ᠭᠠᠵᠠᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠨ᠎ᠠ᠃      7.3.2 Ⅲ ᠲᠠᠰ ᠤᠨ ᠳᠠᠭᠠᠵᠤ ᠰᠢᠢᠳᠪᠦᠷᠢᠯᠡᠬᠦ      Ⅲ ᠲᠠᠰ ᠤᠨ ᠴᠤᠤᠷᠢᠶᠠᠳᠤᠨ ᠲᠠᠭᠠᠬᠤ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠣᠷᠣᠵᠤ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠳᠠᠯ ᠢ ᠨᠢ ᠦᠵᠡᠵᠦ ᠪᠠᠶᠢᠭᠠᠳ ᠬᠡᠷᠡᠭ ᠭᠠᠷᠤᠭᠰᠠᠨ ᠭᠠᠵᠠᠷ ᠲᠤ ᠲᠣᠮᠢᠯᠠᠨ ᠰᠠᠭᠤᠯᠭᠠᠭᠰᠠᠨ ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠳᠤ ᠠᠳᠡᠯ ᠤᠨ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠬᠤᠭᠤᠯᠠᠶ ᠭᠤᠣᠷᠰᠤ ᠶᠢᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠬᠡᠷᠡᠭᠲᠡᠶ᠃ ᠬᠤᠲᠠ ᠶᠢᠨ ᠵᠢᠯᠣᠭᠤᠳᠬᠤ ᠭᠠᠵᠠᠷ ᠨᠢ ᠲᠣᠰ ᠱᠠᠲᠤᠨ ᠤ ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      7.3.3 Ⅱ ᠳᠡᠰ ᠤᠨ ᠳᠠᠭᠠᠵᠤ ᠬᠢᠵᠦ ᠰᠢᠢᠳᠪᠦᠷᠢᠯᠡᠬᠦ      Ⅱ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠳᠡᠳ᠋ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠪᠠᠶᠢᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠃ ᠪᠠᠶᠢᠳᠠᠯ ᠢ ᠨᠢ ᠦᠵᠡᠵᠦ ᠪᠠᠶᠢᠭᠠᠳ ᠡᠯ᠎ᠡ ᠠᠵᠢᠯᠯᠠᠬᠤ ᠳᠤᠭᠤᠶᠢᠯᠠᠩ ︵ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠡᠭᠦᠷᠭᠡ ᠬᠠᠷᠢᠭᠤᠴᠠᠯᠭ᠎ᠠ ᠶᠢ ᠳᠠᠭᠠᠯᠳᠤᠭᠤᠯᠤᠯ 2᠎ ᠳᠤ ᠦᠵᠡ︶᠎ ᠢ ᠪᠠᠶᠢᠭᠤᠯᠵᠤ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠬᠤ ᠠᠵᠢᠯ ᠢ ᠦᠳᠲᠡᠷ ᠲᠦᠷᠭᠡᠨ ᠥᠷᠨᠢᠭᠦᠯᠦᠨ᠎ᠡ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃      7.3.4 Ⅰ ᠳᠡᠰ ᠤᠨ ᠳᠠᠭᠠᠵᠤ ᠰᠢᠢᠳᠪᠦᠷᠢᠯᠡᠬᠦ     Ⅰ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠦᠳᠲᠡᠷ ᠲᠦᠷᠭᠡᠨ ᠪᠣᠳᠠᠲᠠᠶᠢᠵᠢᠭᠤᠯᠵᠤ᠂ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠤᠷᠢᠳᠠᠪᠠᠷ ᠰᠢᠢᠳᠪᠦᠷᠢᠯᠡᠬᠦ ᠠᠵᠢᠯ ᠢ ᠢᠳᠡᠪᠬᠢᠲᠡᠶ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠂ ᠤᠯᠤᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ︔ ᠭᠠᠵᠠᠷ ᠣᠷᠣᠨ ᠠᠯᠤᠰᠯᠠᠨ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠬᠤ ᠲᠤᠰᠬᠠᠶ ᠲᠥᠬᠦᠭᠡᠷᠦᠮᠵᠢ ᠪᠠ ᠡᠳ᠋ ᠪᠣᠳᠠᠰ ᠢ ᠵᠣᠬᠢᠴᠠᠭᠤᠯᠤᠨ ᠲᠤᠰᠠᠯᠠᠨ᠎ᠠ︔ ᠲᠦᠭᠰᠢᠭᠦᠷᠢᠲᠦ ᠣᠷᠣᠨ ᠤ ᠳᠣᠲᠣᠷ᠎ᠠ ᠤᠯᠤᠰ ᠤᠨ ᠴᠢᠬᠤᠯᠠ ᠪᠡᠯᠡᠳᠬᠡᠮᠵᠢ ᠪᠠ ᠬᠠᠷᠠᠯᠲᠠ ᠳᠤ ᠴᠢᠬᠤᠯᠠ ᠪᠦᠬᠦᠢ ᠰᠡᠷᠭᠡᠶᠢᠯᠡᠨ ᠪᠠᠬᠢᠵᠢᠬᠦᠯᠬᠦ ᠵᠡᠷᠭᠡ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠤᠶᠠᠳᠠᠬᠢ ᠤᠳᠠᠭᠠᠨ ᠤ ᠠᠳᠡᠯ ᠪᠠ ᠡᠭᠦᠰᠦᠮᠡᠯ ᠭᠠᠮᠰᠢᠭ ᠢ ᠰᠡᠷᠭᠡᠶᠢᠯᠡᠨ᠎ᠡ︔ ᠬᠤᠲᠠ ᠶᠢᠨ ᠵᠢᠯᠣᠭᠤᠳᠬᠤ ᠭᠠᠵᠠᠷ ᠠᠴᠠ ᠬᠠᠷᠢᠶ᠎ᠠ ᠣᠷᠣᠨ ᠤ ᠪᠠᠨ ᠡᠬᠢ ᠪᠠᠶᠠᠯᠢᠭ ᠢ ᠰᠢᠯᠵᠢᠭᠦᠯᠦᠨ ᠲᠡᠭᠡᠭᠡᠪᠦᠷᠢᠯᠡᠬᠦ ᠶᠢ ᠰᠢᠭᠤᠳ ᠵᠣᠬᠢᠶᠠᠨ ᠪᠠᠶᠢᠭᠤᠯᠵᠤ᠂ ᠴᠢᠬᠤᠯᠠ ᠲᠠᠢ ᠦᠶ᠎ᠡ ᠳᠤ ᠳᠡᠭᠡᠳᠦ ᠱᠠᠲᠤᠨ ᠠᠴᠠ ᠲᠤᠰᠠᠯᠠᠬᠤ ᠪᠠᠷ ᠭᠤᠶᠤᠴᠢᠯᠠᠨ᠎ᠠ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃      ᠭᠠᠵᠠᠷ ᠣᠷᠣᠨ ᠠᠯᠤᠰᠯᠠᠭᠰᠠᠨ᠂ ᠨᠥᠯᠥᠭᠡ ᠪᠠᠷ ᠬᠦᠨᠳᠦ ᠨᠣᠴᠢᠲᠠᠢ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠪᠣᠯ ᠬᠡᠷᠡᠭ ᠭᠠᠷᠤᠭᠰᠠᠨ ᠭᠠᠵᠠᠷ ᠤᠨ ᠡᠯ᠎ᠡ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠨᠢᠭᠡᠴᠢ ᠪᠠ ᠠᠶᠢᠮᠠᠭ ᠬᠤᠲᠠ ᠳᠤ ᠴᠠᠭ ᠲᠤᠬᠠᠶ ᠳᠤ ᠨᠢ ᠮᠡᠳᠡᠭᠡᠯᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠬᠡᠷᠡᠭᠵᠢᠭᠦᠯᠬᠦ ᠬᠡᠷᠡᠭᠲᠡᠶ᠃      7.4 ᠮᠡᠳᠡᠭᠡ ᠵᠠᠩᠭᠢ ᠨᠡᠶᠢᠲᠡᠯᠡᠬᠦ      ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠳᠤᠨᠢ᠂ ᠪᠤᠰᠤᠳᠴᠢ ᠪᠠᠷ ᠨᠡᠶᠢᠭᠡᠮ ᠳᠤ ᠠᠳᠡᠯ ᠤᠨ ᠮᠡᠳᠡᠭᠡ ᠵᠠᠩᠭᠢ ᠵᠢᠴᠢ ᠰᠢᠢᠳᠪᠦᠷᠢᠯᠡᠭᠰᠡᠨ ᠪᠠᠶᠢᠳᠠᠯ ᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ᠃      7.5 ᠲᠠᠭᠠᠵᠤ ᠬᠢᠬᠦ ᠶᠢ ᠵᠣᠭᠰᠤᠭᠠᠬᠤ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠢᠢᠳᠪᠦᠷᠢᠯᠡᠬᠦ ᠠᠵᠢᠯ ᠨᠢᠭᠡᠨᠲᠡ ᠦᠨᠳᠦᠰᠦᠨ ᠳᠤ ᠪᠠᠨ ᠳᠠᠭᠤᠰᠴᠤ᠂ ᠠᠳᠡᠯ ᠤᠨ ᠭᠠᠮᠰᠢᠭ ᠢ ᠪᠦᠲᠦᠮᠵᠢᠲᠡᠢ ᠡᠵᠡᠮᠳᠡᠵᠦ᠂ ᠬᠤᠣᠷ ᠬᠥᠨᠥᠭᠡᠯ ᠢ ᠨᠢᠭᠡᠨᠲᠡ ᠦᠨᠳᠦᠰᠦᠨ ᠳᠤ ᠪᠠᠨ ᠠᠷᠢᠯᠭᠠᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠮᠠᠭᠠᠳᠯᠠᠨ ᠲᠣᠭᠲᠠᠭᠠᠯᠭᠠᠵᠤ᠂ ᠬᠤᠳᠠ ᠶᠢᠨ ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠳᠠᠭᠤᠰᠤᠭᠰᠠᠨ ᠢ ᠨᠡᠶᠢᠲᠡᠯᠡᠨ᠎ᠡ︔ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠵᠣᠭᠰᠤᠭᠠᠵᠤ᠂ ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠠᠴᠠ ᠲᠣᠭᠲᠠᠭᠠᠨ᠎ᠠ᠃      8 ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ      8.1 ᠬᠤᠢᠨᠠᠬᠢ ᠠᠵᠢᠯ ᠬᠡᠷᠡᠭ ᠢ ᠰᠢᠢᠳᠪᠦᠷᠢᠯᠡᠬᠦ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠲᠤᠬᠠᠶ ᠶᠢᠨ ᠲᠠᠯᠠᠪᠠᠢ ᠶᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠳᠠᠭᠠᠳᠬᠠᠯ ᠤᠨ ᠪᠠᠶᠢᠭᠤᠯᠤᠮᠵᠢ᠂ ᠬᠤᠭᠤᠯᠠᠶ ᠭᠤᠣᠷᠰᠤ ᠶᠢᠨ ᠠᠵᠤ ᠠᠬᠤᠶᠢᠯᠠᠯ ᠪᠠ ᠠᠳᠡᠯ ᠤᠨ ᠬᠠᠮᠢᠶ᠎ᠠ ᠪᠦᠬᠦᠢ ᠨᠢᠭᠡᠴᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠥᠭᠦᠵᠦ ᠰᠢᠷᠬᠠᠲᠤᠭᠰᠠᠳ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ᠂ ᠠᠰᠠᠷᠠᠮᠵᠢ ᠥᠭᠬᠦ᠂ ᠲᠥᠯᠥᠪᠦᠷᠢ ᠥᠭᠬᠦ᠂ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠪᠠ ᠪᠤᠬᠢᠷᠳᠤᠯ ᠪᠣᠳᠠᠰ ᠴᠤᠭᠯᠠᠭᠤᠯᠬᠤ᠂ ᠢᠯᠭᠠᠷᠠᠭᠤᠯᠬᠤ ᠪᠠ ᠰᠢᠢᠳᠪᠦᠷᠢᠯᠡᠬᠦ ᠵᠡᠷᠭᠡ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      8.2 ᠠᠳᠡᠯ ᠤᠨ ᠪᠠᠶᠢᠴᠠᠭᠠᠯᠲᠠ      ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ︽ᠦᠢᠯᠡᠳᠪᠦᠷᠢᠯᠡᠯ ᠤᠨ ᠠᠮᠦᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ ᠪᠦᠭᠡᠳ ᠴᠢᠩᠭ᠎ᠠ ᠨᠢᠮᠪᠠᠢ᠂ ᠬᠠᠤᠯᠢ ᠲᠣᠭᠲᠠᠭᠠᠯ ᠶᠤᠰᠤᠭᠠᠷ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠶᠤᠰᠤᠭᠠᠷ᠂ ᠠᠳᠡᠯ ᠤᠨ ᠰᠢᠯᠲᠠᠭᠠᠨ ᠢ ᠴᠠᠭ ᠲᠤᠬᠠᠶ ᠳᠤᠨᠢ᠂ ᠣᠨᠣᠪᠴᠢᠲᠠᠢ ᠪᠠᠶᠢᠴᠠᠭᠠᠨ ᠲᠤᠳᠤᠷᠬᠠᠶᠢᠯᠠᠵᠤ᠂ ᠠᠳᠡᠯ ᠤᠨ ᠰᠢᠨᠵᠢ ᠴᠢᠨᠠᠷ ᠪᠠ ᠬᠠᠷᠢᠭᠤᠴᠠᠯᠭ᠎ᠠ ᠶᠢ ᠪᠠᠶᠢᠴᠠᠭᠠᠨ ᠲᠤᠳᠤᠷᠬᠠᠶᠢᠯᠠᠵᠤ᠂ ᠠᠳᠡᠯ ᠤᠨ ᠰᠤᠷᠭᠠᠮᠵᠢ ᠶᠢ ᠳ᠋ᠦᠩᠨᠡᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ᠂ ᠠᠳᠡᠯ ᠤᠨ ᠬᠠᠷᠢᠭᠤᠴᠠᠯᠭ᠎ᠠ ᠡᠭᠦᠷᠭᠡᠯᠡᠭᠴᠢ ᠳᠤ ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠢ᠃      8.3 ᠳ᠋ᠦᠩᠨᠡᠯᠲᠡ ᠦᠨᠡᠯᠡᠯᠲᠡ      ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠯᠪᠣᠭᠳᠠᠯ ᠪᠥᠬᠦᠶ ᠥᠰᠥᠭ ᠪᠢᠴᠢᠭ᠂ ᠬᠡᠷᠡᠯ ᠵᠢᠷᠤᠭ᠂ ᠳᠦᠷᠰᠦ ᠰᠢᠩᠭᠡᠭᠡᠬᠦ ᠵᠡᠷᠭᠡ ᠮᠠᠲ᠋ᠧᠷᠢᠶᠠᠯ ᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠪᠠᠶᠢᠭ᠎ᠠ ᠪᠠᠶᠢᠳᠠᠯ ᠢ ᠳ᠋ᠦᠩᠨᠡᠵᠦ᠂ ᠦᠨᠡᠯᠡᠨ ᠵᠢᠱᠢᠵᠦ᠂ ᠳ᠋ᠦᠩᠨᠡᠨ ᠦᠨᠡᠯᠡᠭᠰᠡᠨ ᠮᠡᠳᠡᠭᠦᠯᠦᠯᠲᠡ ᠶᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠶ᠃ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠳ᠋ᠦᠩᠨᠡᠬᠦ᠂ ᠦᠨᠡᠯᠡᠨ ᠵᠢᠱᠢᠬᠦ ᠠᠵᠢᠯ ᠢ ᠪᠣᠯ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠠᠴᠠ ᠬᠠᠷᠢᠭᠤᠴᠠᠨ᠎ᠠ᠃      9 ᠪᠠᠳᠣᠯᠠᠭ᠎ᠠ ᠶᠢᠨ ᠠᠷᠭ᠎ᠠ ᠭᠡᠮᠵᠢᠶ᠎ᠠ      9.1 ᠡᠩᠨᠡᠭᠡ ᠶᠢᠨ ᠪᠠᠲᠤᠯᠠᠭ᠎ᠠ      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢ ᠵᠠᠪᠳᠤᠨ ᠵᠠᠰᠠᠵᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠠᠵᠢᠯ ᠤᠨ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠪᠡᠯᠡᠳᠭᠡᠮᠵᠢ ᠶᠢ ᠰᠡᠯᠪᠢᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ ᠵᠠᠰᠠᠬᠤ ᠮᠡᠷᠭᠡᠵᠢᠯ ᠴᠢᠳᠠᠪᠤᠷᠢ ᠶᠢᠨ ᠲᠠᠯ᠎ᠠ ᠪᠠᠷ ᠬᠢ ᠬᠦᠮᠦᠰ ᠤᠨ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ︵ᠤᠷᠤᠨ︶᠎ ᠤ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠪᠤᠰᠤᠳ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠ ᠰᠠᠢᠨ ᠳᠤᠷᠠᠴᠤᠳ ᠢ ᠵᠣᠬᠢᠶᠠᠨ ᠪᠠᠢᠭᠤᠯᠤᠨ ᠳᠠᠢᠴᠢᠯᠠᠵᠤ ᠪᠠᠢᠭᠠᠳ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠵᠢᠴᠢ ᠲᠡᠭᠦᠨ ᠤ ᠡᠭᠦᠰᠦᠮᠡᠯ ᠭᠠᠮᠰᠢᠭ ᠢ ᠰᠢᠢᠳᠪᠦᠷᠢᠯᠡᠬᠦ ᠠᠵᠢᠯ ᠳᠤ ᠤᠷᠤᠯᠴᠠᠭᠤᠯᠤᠨ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠪᠠᠶᠠᠨᠨᠠᠭᠤᠷ ᠤᠨ ᠰᠠᠯᠪᠤᠷᠢ ᠠᠩᠭᠢ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠤᠲᠠ ᠶᠢᠨ ᠣᠶ ᠰᠢᠭᠤᠶ ᠶᠢᠨ ᠭᠠᠯ ᠤᠨᠲᠠᠷᠠᠭᠠᠬᠤ ᠳᠤᠮᠳᠠ ᠠᠩᠭᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠲᠤᠰᠠᠯᠠᠨ ᠳᠡᠮᠵᠢᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃      9.2 ᠡᠳ᠋ ᠪᠣᠳᠠᠰ ᠲᠣᠨᠣᠭᠯᠠᠯ ᠤᠨ ᠪᠠᠲᠤᠯᠠᠭ᠎ᠠ      ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠪᠠᠨ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ᠂ ᠪᠠᠶᠢᠩᠭᠤ ᠬᠡᠷᠡᠭᠯᠡᠬᠦ ᠲᠣᠨᠤᠭ ᠲᠥᠬᠦᠭᠡᠷᠦᠮᠵᠢ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠲᠣᠨᠤᠭ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠃ ᠠᠶᠤᠯ ᠠᠴᠠ ᠠᠪᠤᠷᠠᠨ ᠲᠤᠰᠠᠯᠠᠬᠤ ᠡᠳ᠋ ᠪᠣᠳᠠᠰ ᠬᠦᠷᠦᠯᠴᠡᠬᠦ ᠦᠭᠡᠢ ᠦᠶ᠎ᠡ ᠳᠤ ᠬᠤᠲᠠ ᠶᠢᠨ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠣᠬᠢᠷᠠᠭᠤᠯᠤᠨ᠎ᠠ᠃      9.3 ᠪᠡᠯᠡ ᠮᠦᠡᠭᠬᠦ ᠶᠢᠨ ᠪᠠᠳᠣᠯᠠᠭ᠎ᠠ      ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠠᠷᠢᠭᠤᠴᠠᠯᠭ᠎ᠠ ᠲᠠᠢ ᠨᠢᠭᠡᠴᠢ ᠠᠴᠠ ᠡᠭᠦᠷᠭᠡᠯᠡᠵᠦ᠂ ᠠᠳᠡᠯ ᠭᠠᠷᠤᠭᠰᠠᠨ ᠨᠢᠭᠡᠴᠢ ᠨᠢ ᠲᠦᠷ ᠴᠠᠭ ᠡᠭᠦᠷᠭᠡᠯᠡᠬᠦ ᠴᠢᠳᠠᠯ ᠦᠭᠡᠢ ᠪᠤᠶᠤ ᠬᠠᠷᠢᠭᠤᠴᠠᠯᠭ᠎ᠠ ᠶᠢ ᠨᠢ ᠲᠦᠷ ᠲᠣᠳᠣᠷᠬᠠᠶᠢᠯᠠᠬᠤ ᠶᠢᠨ ᠠᠷᠭ᠎ᠠ ᠦᠭᠡᠢ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠳᠡᠰ ᠤᠨ ᠬᠠᠷᠠᠭᠠᠯᠵᠠᠭᠰᠠᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠢ ᠦᠨᠳᠦᠰᠦᠯᠡᠨ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠵᠢᠯᠣᠭᠤᠳᠬᠤ ᠭᠠᠵᠠᠷ ᠤᠨ ᠵᠠᠷᠯᠢᠭ ᠶᠣᠰᠣᠭᠠᠷ ᠤᠷᠢᠳᠠᠪᠠᠷ ᠣᠷᠣᠯᠠᠨ ᠥᠭᠭᠦᠨ᠎ᠡ᠃      9.4 ᠮᠡᠷᠭᠡᠵᠢᠯ ᠤᠨ ᠪᠠᠳᠣᠯᠠᠭ᠎ᠠ      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠬᠤᠲᠠ ᠶᠢᠨ ᠱᠠᠲᠤᠨ ᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠲᠦᠷᠦᠭᠦᠯᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠳᠤ ᠮᠡᠷᠭᠡᠵᠢᠯ ᠤᠨ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃ ᠬᠠᠮᠢᠶ᠎ᠠ ᠪᠦᠬᠦᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠪᠠᠶᠢᠭᠤᠯᠤᠮᠵᠢ ᠪᠠ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯ ᠤᠨ  ᠰᠢᠢᠳᠪᠦᠷᠢᠯᠡᠬᠦ ᠮᠡᠷᠭᠡᠵᠢᠯ ᠢ ᠰᠤᠳᠤᠯᠤᠨ ᠨᠡᠭᠡᠭᠡᠵᠦ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠠᠵᠢᠯᠯᠠᠭᠠᠨ ᠤ ᠠᠮᠦᠷ ᠲᠦᠪᠰᠢᠨ ᠤ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠬᠢᠴᠢᠯᠠᠯᠳᠠ ᠶᠢᠨ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠵᠤ᠂ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠭᠤᠣᠯᠴᠢᠯᠠᠨ ᠥᠷᠨᠢᠭᠦᠯᠬᠦ ᠬᠡᠷᠡᠭᠲᠡᠶ᠃      9.5 ᠤᠬᠠᠭᠤᠯᠭ᠎ᠠ ᠬᠢᠭᠡᠳ ᠪᠣᠯᠪᠠᠰᠤᠷᠠᠭᠤᠯᠤᠯ      9.5.1 ᠣᠬᠠᠭᠤᠯᠭ᠎ᠠ      ᠡᠯ᠎ᠡ ᠱᠠᠲᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠠᠮᠢᠶ᠎ᠠ ᠪᠥᠬᠦᠶ ᠤᠬᠠᠭᠤᠯᠭ᠎ᠠ ᠬᠥᠮᠦᠵᠢᠯ ᠤᠨ ᠠᠵᠢᠯ ᠢᠶᠠᠨ ᠴᠢᠩᠭᠠᠳᠬᠠᠵᠤ᠂ ᠠᠵᠤ ᠠᠬᠤᠶᠢᠯᠠᠯ ᠤᠳ ᠠᠵᠢᠯᠲᠠᠨ ᠪᠠ ᠡᠷᠬᠢᠨ ᠲᠣᠭᠤᠷᠢᠨ ᠤ ᠣᠯᠠᠨ ᠲᠦᠮᠡᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠭᠤᠤᠯ ᠠᠶᠤᠯ ᠲᠦᠭᠰᠢᠭᠦᠷᠢ ᠵᠢᠴᠢ ᠬᠤᠤᠷ ᠬᠥᠨᠥᠭᠡᠯ ᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠳᠡᠯ ᠢ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠮᠡᠳᠡᠯᠭᠡ ᠶᠢ ᠤᠬᠠᠭᠤᠯᠬᠤ ᠬᠡᠷᠡᠭᠲᠡᠶ᠃      9.5.2 ᠪᠣᠯᠪᠠᠰᠤᠷᠠᠯ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠭᠦᠯᠡᠵᠦ᠂ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ᠂ ᠲᠤᠰᠬᠠᠶ ᠠᠪᠤᠷᠠᠨ ᠲᠤᠰᠠᠯᠠᠬᠤ ᠪᠠᠶᠢᠭᠤᠯᠤᠮᠵᠢ ᠪᠠ ᠲᠤᠰᠬᠠᠶ ᠠᠪᠤᠷᠠᠨ ᠲᠤᠰᠠᠯᠠᠬᠤ ᠠᠵᠢᠯᠳᠠᠨ ᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠲᠡᠳᠡᠨ ᠳᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠪᠠᠶᠢᠩᠭᠤ ᠶᠢᠨ ᠴᠢᠨᠠᠷᠲᠠᠶ ᠪᠣᠯᠪᠠᠰᠤᠷᠠᠭᠤᠯᠬᠤ ᠲᠥᠯᠥᠪᠯᠡᠭᠡ ᠳᠤ ᠣᠷᠣᠭᠤᠯᠬᠤ ᠬᠡᠷᠡᠭᠲᠡᠶ᠃      10 ᠳᠠᠭᠠᠯᠲᠠ ᠳᠦᠷᠢᠮ      10.1 ᠪᠡᠯᠡᠳᠭᠡᠯ ᠲᠦᠰᠦᠯ ᠤᠨ ᠬᠠᠮᠢᠶᠠᠷᠤᠯᠲᠠ      ᠡᠯ᠎ᠡ ᠬᠤᠰᠢᠭᠤ ᠰᠢᠶᠠᠨ ︵ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠨ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ︽ᠥᠪᠥᠷ  ᠮᠣᠩᠭᠤᠯ ᠎ ᠤᠨ ᠥᠪᠡᠷᠲᠡᠭᠡᠨ  ᠵᠠᠰᠠᠬᠤ ᠣᠷᠣᠨ ᠤ  ᠭᠡᠨᠡᠳᠲᠡ ᠶᠢᠨ ᠬᠡᠷᠡᠭ ᠎ ᠤᠨ ᠪᠠᠴᠢᠮ ᠪᠠᠶᠢᠳᠠᠯ  ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ [ 2021 ] 11 ᠳ᠋ᠤᠭᠡᠷ ᠲᠣᠭᠠᠲᠤ︶᠎ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠠᠩᠰᠠᠯᠠᠭᠤᠯᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠲᠡᠭᠦᠯᠳᠡᠷᠵᠢᠭᠦᠯᠬᠦ ᠶᠢᠨ ᠬᠠᠮᠲᠤ᠂ ᠬᠤᠭᠤᠯᠠᠶ ᠭᠤᠣᠷᠰᠤ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠲᠣᠭᠤᠷᠢᠭ︶᠎ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠤᠶᠤ ᠲᠤᠰᠬᠠᠶ ᠮᠡᠷᠭᠡᠵᠢᠯ ᠤᠨ ᠴᠢᠨᠠᠷᠲᠠᠶ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 3 ᠵᠢᠯ ᠪᠦᠷᠢ ᠨᠢᠭᠡ ᠤᠳᠠᠭ᠎ᠠ ᠬᠢᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠶᠡᠷᠦᠩᠬᠡᠶᠢᠯᠡᠭᠰᠡᠨ ᠴᠢᠨᠠᠷᠲᠠᠢ ᠪᠤᠶᠤ ᠲᠤᠰᠬᠠᠢ ᠠᠵᠢᠯ ᠤᠨ ᠴᠢᠨᠠᠷᠲᠠᠢ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠠ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠴᠢᠬᠤᠯᠠ ᠪᠥᠬᠦᠶ ᠨᠢᠭᠡᠴᠡ ᠨᠦᠭᠦᠳ ᠲᠣᠰ ᠠᠵᠤ ᠠᠬᠤᠶᠢᠯᠠᠯ᠂ ᠲᠣᠰ ᠨᠢᠭᠡᠴᠡ ᠶᠢᠨ ᠢᠶᠠᠨ ᠲᠤᠰᠬᠠᠶ ᠮᠡᠷᠭᠡᠵᠢᠯ ᠤᠨ ᠴᠢᠨᠠᠷᠲᠠᠶ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃      10.2 ᠪᠡᠯᠡᠳᠬᠡᠯ ᠲᠥᠰᠦᠯ ᠢ ᠬᠡᠷᠡᠭᠵᠢᠭᠦᠯᠪᠡ᠃      ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃    
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ