ᠮᠠᠨ ᠤ ᠬᠤᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠢ ᠳᠡᠮᠵᠢᠬᠦ ᠲᠤᠰᠬᠠᠢ ᠪᠡᠯᠡ ᠮᠥᠩᠭᠦ ᠶᠢ 33.18 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2023/10/11
      1-8 ᠰᠠᠷ᠎ᠠ ᠳᠤ᠂ ᠮᠠᠨ ᠤ ᠬᠤᠲᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠢ ᠳᠡᠮᠵᠢᠬᠦ ᠲᠤᠰᠬᠠᠢ ᠪᠡᠯᠡ ᠮᠥᠩᠭᠦ ᠶᠢ ᠨᠡᠶᠢᠲᠡ 33.18 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠪᠠ᠃      ᠡᠭᠦᠨ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ 12 ᠳ᠋ᠦᠩᠰᠢᠭᠤᠷ ᠲᠥᠭᠦᠷᠢᠭ᠂ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ 4.79 ᠳ᠋ᠦᠩᠰᠢᠭᠤᠷ ᠲᠥᠭᠦᠷᠢᠭ ᠤᠨ ᠨᠥᠬᠦᠪᠦᠷᠢ ᠮᠥᠩᠭᠦ ᠥᠭᠴᠦ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ 4.63 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ 3.38 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠪᠡᠯᠡ ᠮᠥᠩᠭᠦ 1.99 ᠳ᠋ᠦᠩᠰᠢᠭᠤᠷ ᠲᠥᠭᠦᠷᠢᠭ᠂ ᠤᠰᠤᠨ ᠠᠰᠢᠭᠯᠠᠯᠲᠠ ᠶᠢᠨ ᠲᠤᠰᠬᠠᠢ ᠵᠦᠢᠯ ᠤᠨ ᠪᠡᠯᠡ ᠮᠥᠩᠭᠦ 1.55  ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠰᠦ  ᠶᠢᠨ ᠦᠢᠯᠡᠰ ᠢ ᠬᠥᠭᠵᠢᠭᠦᠯᠬᠦ ᠪᠡᠯᠡ ᠮᠥᠩᠭᠦ 1.47  ᠳ᠋ᠦᠩᠰᠢᠭᠤᠷ ᠲᠥᠭᠦᠷᠢᠭ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠪᠡᠯᠡ ᠮᠥᠩᠭᠦ 1.47  ᠳ᠋ᠦᠩᠰᠢᠭᠤᠷ ᠲᠥᠭᠦᠷᠢᠭ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠢ ᠬᠥᠭᠵᠢᠭᠦᠯᠬᠦ ᠲᠥᠷᠥᠯ ᠵᠦᠢᠯ ᠤᠨ ᠪᠡᠯᠡ ᠮᠥᠩᠭᠦ 0.88 ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠲᠤᠷᠰᠢᠯᠲᠠ  ᠶᠢᠨ ᠪᠡᠯᠡ ᠮᠥᠩᠭᠦ 0.5 ᠳ᠋ᠦᠩᠰᠢᠭᠤᠷ ᠲᠥᠭᠦᠷᠢᠭ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ ᠪᠡᠯᠡ ᠮᠥᠩᠭᠦ 0.36  ᠳ᠋ᠦᠩᠰᠢᠭᠤᠷ ᠲᠥᠭᠦᠷᠢᠭ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠪᠡᠯᠡ ᠮᠥᠩᠭᠦ 0.16  ᠳ᠋ᠦᠩᠰᠢᠭᠤᠷ ᠲᠥᠭᠦᠷᠢᠭ ᠪᠣᠯᠣᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ