ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ  ᠢᠯᠴᠢ ᠬᠠᠩᠭᠠᠬᠤ ᠠᠳᠡᠯ  ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2023/10/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂  ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠺᠣᠮᠢᠰ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠳᠤ᠄      ︽ᠪᠠᠶᠠᠨᠨᠠᠭᠤᠷ  ᠬᠤᠲᠠ  ᠶᠢᠨ  ᠬᠤᠲᠠ  ᠪᠠᠯᠭᠠᠰᠤ  ᠶᠢᠨ  ᠤᠰᠤ ᠬᠠᠩᠭᠠᠬᠤ  ᠭᠡᠨᠡᠳᠲᠡ  ᠶᠢᠨ ᠬᠡᠷᠡᠭ  ᠤᠨ ᠪᠠᠴᠢᠮ ᠪᠠᠶᠢᠳᠠᠯ  ᠢ ᠠᠷᠭᠠᠴᠠᠬᠤ ᠲᠥᠰᠥᠯ︾ ︽ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠢᠯᠴᠢ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ︽ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                              2023 ᠣᠨ ᠤ 8 ᠰᠠᠷ᠎ᠠ ᠶᠢᠨ 26 ᠤ ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶      ᠪᠠᠶᠠᠨᠨᠠᠭᠤᠷ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯᠭᠠᠷᠴᠠᠭ1 ᠶᠡᠷᠦᠩᠭᠡᠢ ᠳᠥᠷᠢᠮ1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ1.3 ᠬᠡᠷᠡᠭᠯᠡᠬᠦ ᠬᠡᠪᠴᠢᠶ᠎ᠡ1.4 ᠠᠵᠢᠯ ᠤᠨ ᠵᠠᠷᠴᠢᠮ1.5 ᠪᠡᠯᠡᠳᠬᠡᠯ ᠲᠥᠰᠦᠯ ᠤᠨ ᠰᠢᠰᠲ᠋ᠧᠮ2 ᠲᠦᠭᠰᠢᠭᠦᠷᠢ ᠶᠢ ᠢᠯᠭᠠᠨ ᠲᠠᠨᠢᠬᠤ ᠪᠠ ᠡ᠊ᠨᠳᠡᠯ ᠤᠨ ᠳᠡᠰ2.1 ᠠᠳᠡᠯ ᠭᠠᠷᠴᠤ ᠮᠡᠳᠡᠬᠦ ᠭᠤᠤᠯ ᠲᠦᠭᠰᠢᠭᠦᠷᠢ2.2 ᠠᠳᠡᠭᠳᠡᠯ ᠤᠨ ᠳᠡᠰ3 ᠵᠤᠬᠢᠶᠡᠨ ᠪᠠᠶᠢᠭᠤᠯᠥᠯᠳᠡ ᠶᠢᠨ ᠪᠠᠶᠢᠭᠤᠯᠥᠮᠵᠢ ᠵᠢᠴᠢ ᠲᠣᠰᠢᠶᠡᠯ ᠬᠠᠷᠢᠭᠤᠴᠠᠯᠭ᠎ᠠ3.1 ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ3.2 ᠬᠤᠰᠢᠭᠤ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ3.3 ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ4 ᠬᠢᠨᠡᠨ ᠰᠢᠨᠵᠢᠵᠦ ᠰᠡᠷᠡᠮᠵᠢᠯᠡᠬᠦᠯᠬᠦ ᠪᠠ ᠰᠡᠷᠡᠮᠵᠢᠯᠡᠬᠦᠯᠬᠦ ᠨᠡᠶᠢᠳᠡᠯᠡᠯ4.1 ᠲᠦᠭᠰᠢᠭᠦᠷᠢ ᠶᠢ ᠰᠡᠷᠭᠡᠶᠢᠯᠡᠨ ᠡᠵᠡᠮᠳᠡᠬᠦ4.2 ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ4.3 ᠰᠡᠷᠡᠮᠵᠢᠯᠡᠬᠦᠯᠬᠦ ᠳᠡᠰ ᠬᠤᠪᠢᠶᠡᠬᠤ4.4 ᠰᠡᠷᠡᠮᠵᠢᠯᠡᠬᠦᠯᠦᠯ ᠨᠡᠶᠢᠲᠡᠯᠡᠬᠦ4.5 ᠰᠡᠷᠡᠮᠵᠢᠯᠡᠭᠦᠯᠬᠦ ᠠᠵᠢᠯᠯᠠᠭ᠎ᠠ5 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ5.1 ᠳᠡᠰ ᠬᠤᠪᠢᠶᠠᠵᠤ ᠠᠷᠭᠠᠴᠠᠬᠤ5.2 ᠳᠠᠭᠠᠵᠤ ᠬᠢᠬᠦ ᠶᠢ ᠳᠡᠰ ᠬᠤᠪᠢᠶᠡᠬᠤ5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ5.4 ᠱᠠᠲᠤ ᠬᠤᠪᠢᠶᠠᠨ ᠰᠢᠢᠳᠪᠦᠷᠢᠯᠡᠬᠦ5.5 ᠮᠡᠳᠡᠭᠡ ᠵᠠᠩᠭᠢ ᠶᠢᠨ ᠨᠡᠶᠢᠲᠡᠯᠡᠯ5.6 ᠳᠠᠭᠠᠬᠤ ᠪᠠ ᠳᠠᠭᠠᠬᠤ ᠶᠢ ᠳᠠᠭᠤᠰᠬᠠᠬᠤ6  ᠬᠤᠶᠢᠨᠠᠬᠢ ᠠᠵᠢᠯ6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ6.2 ᠪᠠᠶᠢᠴᠠᠭᠠᠨ ᠦᠨᠡᠯᠡᠨ ᠵᠢᠱᠢᠬᠦ7 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ7.1 ᠴᠢᠮᠡᠭᠡ ᠬᠤᠯᠪᠣᠭᠠᠨ ᠤ ᠪᠠᠲᠤᠯᠠᠭ᠎ᠠ7.2 ᠡᠩᠨᠡᠭᠡ ᠶᠢᠨ ᠪᠠᠳᠣᠯᠠᠭ᠎ᠠ7.3 ᠡᠳ᠋ ᠪᠠᠷᠠᠭ᠎ᠠ ᠶᠢᠨ ᠪᠠᠲᠤᠯᠠᠭ᠎ᠠ7.4 ᠵᠠᠮ ᠬᠠᠷᠢᠯᠴᠠᠭᠠᠨ ᠤ ᠪᠠᠲᠤᠯᠠᠭ᠎ᠠ8 ᠪᠡᠯᠡᠳᠭᠡᠯ ᠳᠥᠰᠥᠯ ᠤᠨ ᠬᠠᠮᠢᠶᠡᠷᠦᠯᠳᠡ8.1 ᠤᠬᠠᠭᠤᠯᠭ᠎ᠠ ᠪᠣᠯᠪᠠᠰᠤᠷᠠᠯ8.2 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ8.3 ᠬᠠᠷᠢᠭᠤᠴᠠᠯᠭ᠎ᠠ ᠨᠡᠬᠡᠮᠵᠢᠯᠡᠬᠦᠳᠠᠭᠠᠯᠳᠤᠭᠤᠯᠤᠭᠰᠠᠨ ᠳᠦᠷᠢᠮ      1 ᠶᠡᠷᠦᠩᠭᠡᠢ ᠳᠥᠷᠢᠮ      1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ      ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠠᠳᠡᠯ ᠤᠨ ᠠᠷᠠᠳ ᠣᠯᠠᠨ ᠤ ᠠᠮᠢᠳᠤᠷᠠᠯ᠂ ᠨᠡᠶᠢᠭᠡᠮ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠨᠥᠯᠥᠭᠡ ᠪᠠ ᠬᠤᠤᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠢᠲᠠᠮᠠᠬᠠᠶ ᠬᠡᠢ ᠶᠢᠨ ᠠᠶᠤᠯ ᠦᠭᠡᠶ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠶ᠃      1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾᠂ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ᠃      1.3 ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠬᠤᠲᠠ ᠪᠠᠯᠭᠠᠰᠤ ᠶᠢᠨ ᠰᠢᠲᠠᠮᠠᠬᠠᠶ ᠬᠡᠶ ᠲᠡᠭᠡᠭᠡᠪᠦᠷᠢᠯᠡᠨ ᠡᠵᠡᠩᠨᠡᠬᠦ ᠵᠢᠴᠢ ᠬᠡᠷᠡᠭᠯᠡᠬᠦ ᠶᠠᠪᠤᠴᠠ ᠳᠤ ᠭᠠᠷᠤᠭᠰᠠᠨ ᠰᠢᠲᠠᠮᠠᠬᠠᠶ ᠬᠡᠶ ᠯᠡᠪᠡᠷᠡᠬᠦ᠂ ᠳᠡᠯᠪᠡᠷᠡᠬᠦ᠂ ᠭᠠᠯ ᠤᠨ ᠠᠶᠤᠯ ᠵᠡᠷᠭᠡ ᠠᠮᠤᠷ ᠲᠦᠪᠰᠢᠨ ᠤ ᠠᠳᠡᠯ ᠵᠢᠴᠢ ᠪᠤᠰᠤᠳ ᠠᠳᠡᠯ ᠠᠴᠠ ᠪᠣᠯᠵᠣ ᠡᠭᠦᠰᠦᠭᠰᠡᠨ ᠰᠢᠲᠠᠮᠠᠬᠠᠶ ᠬᠡᠶ ᠶᠢᠨ ᠠᠳᠡᠯ ᠳᠤ ᠳᠣᠭᠢᠷᠠᠨ᠎ᠠ᠃      1.4 ᠠᠵᠢᠯ ᠤᠨ ᠵᠠᠷᠴᠢᠮ      ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠨᠢᠭᠡᠳᠦᠯᠲᠡᠢ ᠤᠳᠤᠷᠢᠳᠴᠤ᠂ ᠱᠠᠳᠤ ᠬᠤᠪᠢᠶᠠᠨ ᠬᠠᠷᠢᠭᠤᠴᠠᠵᠤ᠂ ᠬᠠᠷᠢᠶ᠎ᠠ ᠣᠷᠣᠨ ᠠᠴᠠ ᠬᠠᠮᠢᠶᠠᠷᠴᠤ᠂ ᠬᠤᠯᠪᠣᠭᠠᠯᠠᠨ ᠠᠷᠭᠠᠴᠠᠭᠠᠵᠤ᠂ ᠬᠥᠮᠦᠨ ᠢᠶᠠᠷ ᠦᠨᠳᠦᠰᠦ ᠪᠣᠯᠭᠠᠵᠤ᠂ ᠲᠦᠷᠭᠡᠨ ᠰᠢᠢᠳᠪᠦᠷᠢᠯᠡᠬᠦ ᠬᠡᠷᠡᠭᠲᠡᠢ᠃      1.5 ᠪᠡᠯᠡᠳᠬᠡᠯ ᠲᠥᠰᠦᠯ ᠤᠨ ᠰᠢᠰᠲ᠋ᠧᠮ      ᠲᠣᠰ ᠪᠡᠯᠡᠳᠬᠡᠯ ᠲᠥᠰᠦᠯ ᠤᠨ ᠰᠢᠰᠲ᠋ᠧᠮ ᠳᠤ᠄ ᠲᠣᠰ ᠪᠡᠯᠡᠳᠬᠡᠯ ᠲᠥᠰᠦᠯ᠂ ᠡᠯ᠎ᠡ ᠬᠤᠰᠢᠭᠤ ᠰᠢᠶᠠᠨ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠭᠲᠠᠭᠠᠨ᠎ᠠ᠃      2 ᠲᠦᠭᠰᠢᠭᠦᠷᠢ ᠶᠢ ᠢᠯᠭᠠᠨ ᠲᠠᠨᠢᠬᠤ ᠪᠠ ᠡ᠊ᠨᠳᠡᠯ ᠤᠨ ᠳᠡᠰ      2.1 ᠠᠳᠡᠯ ᠭᠠᠷᠴᠤ ᠮᠡᠳᠡᠬᠦ ᠭᠤᠤᠯ ᠲᠦᠭᠰᠢᠭᠦᠷᠢ      ︵1︶ ᠪᠠᠶᠢᠭᠠᠯᠢ ᠶᠢᠨ ᠭᠠᠮᠰᠢᠭ᠂ ᠡᠰᠡᠷᠭᠦᠴᠡᠰᠢ ᠦᠭᠡᠢ ᠬᠦᠴᠦᠨ᠂ ᠵᠣᠷᠢᠭᠤᠳᠠ ᠪᠤᠶᠤ ᠠᠳᠡᠯ᠂ ᠰᠠᠨᠠᠭᠠᠨ ᠳᠤ ᠦᠭᠡᠢ ᠬᠡᠷᠡᠭ ᠵᠡᠷᠭᠡ ᠠᠴᠠ ᠪᠣᠯᠵᠤ ᠰᠢᠲᠠᠮᠠᠬᠠᠶ ᠬᠡᠢ ᠬᠠᠩᠭᠠᠬᠤ ᠶᠢ ᠲᠠᠰᠤᠯᠬᠤ᠂ ᠰᠢᠲᠠᠮᠠᠬᠠᠶ ᠬᠡᠢ ᠯᠡᠪᠡᠷᠡᠬᠦ᠂ ᠬᠤᠤᠷᠳᠠᠭᠳᠠᠬᠤ ᠪᠤᠶᠤ ᠲᠡᠯᠪᠡᠷᠡᠵᠦ᠂ ᠬᠥᠮᠦᠨ ᠬᠠᠷ᠎ᠠ ᠦᠬᠦᠵᠦ ᠰᠢᠷᠬᠠᠲᠤᠭᠰᠠᠨ ᠪᠤᠶᠤ ᠡᠳ᠋ ᠬᠥᠷᠥᠩᠭᠡ ᠶᠢ ᠬᠤᠬᠢᠷᠠᠭᠤᠯᠤᠨ᠎ᠠ︔      ︵2︶ ᠬᠡᠢ ᠡᠭᠦᠰᠭᠡᠭᠰᠡᠨ ᠠᠴᠠ ᠪᠣᠯᠵᠤ ᠬᠤᠲᠠ ᠶᠢᠨ ᠬᠡᠢ  ᠬᠠᠩᠭᠠᠬᠤ ᠨᠢ ᠱᠠᠲᠤ ᠦᠶ᠎ᠡ ᠶᠢᠨ ᠴᠢᠨᠠᠷᠲᠠᠢ ᠳᠤᠲᠠᠭᠳᠠᠵᠤ ᠪᠠᠶᠢᠨ᠎ᠠ᠃      2.2 ᠠᠳᠡᠭᠳᠡᠯ ᠤᠨ ᠳᠡᠰ      ᠰᠢᠲᠠᠮᠠᠬᠠᠶ ᠬᠡᠢ ᠶᠢᠨ ᠠᠳᠡᠯ ᠤᠨ ᠡᠵᠡᠮᠳᠡᠵᠦ ᠪᠣᠯᠬᠤ ᠴᠢᠨᠠᠷ᠂ ᠬᠦᠨᠳᠦ ᠨᠣᠴᠢᠲᠠᠶ ᠬᠡᠮᠵᠢᠶ᠎ᠡ ᠪᠣᠯᠤᠨ ᠨᠥᠯᠥᠭᠡᠯᠡᠬᠦ ᠬᠡᠪᠴᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠣᠨᠴᠠ ᠬᠦᠨᠳᠦ ᠶᠡᠭᠡ ︵ᠨᠢᠭᠡᠳᠦᠭᠡᠷ ᠳᠡᠰ︶᠂ ᠴᠢᠬᠤᠯᠠ ᠶᠡᠭᠡ ︵ᠬᠤᠶᠠᠳᠤᠭᠠᠷ ᠳᠡᠰ︶᠂ ᠨᠡᠯᠢᠶᠡᠳ ᠶᠡᠭᠡ ︵ᠭᠤᠷᠪᠠᠳᠤᠭᠠᠷ ᠳᠡᠰ︶ ᠪᠣᠯᠤᠨ ᠡᠩ ᠤᠨ ︵ᠳᠥᠷᠪᠡᠳᠦᠭᠡᠷ ᠳᠡᠰ︶ ᠭᠡᠵᠦ ᠳᠥᠷᠪᠡᠨ ᠳᠡᠰ ᠬᠤᠪᠢᠶᠠᠨ᠎ᠠ᠃      2.2.1 ᠣᠨᠴᠠ ᠬᠦᠨᠳᠦ ᠶᠡᠭᠡ ᠰᠢᠲᠠᠮᠠᠬᠠᠶ ᠬᠡᠢ ᠶᠢᠨ ᠠᠳᠡᠯ ︵ᠨᠢᠭᠡᠳᠦᠭᠡᠷ ᠳᠡᠰ︶ ᠣᠨᠴᠠ ᠬᠦᠨᠳᠦ ᠶᠡᠭᠡ ᠰᠢᠲᠠᠮᠠᠬᠠᠶ ᠬᠡᠢ ᠶᠢᠨ ᠠᠳᠡᠯ ᠭᠡᠳᠡᠭ ᠨᠢ 30 ᠬᠥᠮᠦᠨ ᠠᠴᠠ ᠳᠡᠭᠡᠭᠰᠢ ᠦᠬᠦᠭᠰᠡᠨ ᠪᠤᠶᠤ 100 ᠬᠥᠮᠦᠨ ᠠᠴᠠ ᠳᠡᠭᠡᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠠᠶᠢᠨ᠎ᠠ᠃      2.2.2 ᠬᠦᠨᠳᠦ ᠶᠡᠭᠡ ᠰᠢᠲᠠᠮᠠᠬᠠᠶ ᠬᠡᠢ ᠶᠢᠨ ᠠᠳᠡᠯ ︵ᠬᠤᠶᠠᠳᠤᠭᠠᠷ ᠳᠡᠰ︶ ᠶᠢᠨ ᠬᠦᠨᠳᠦ ᠶᠡᠭᠡ ᠰᠢᠲᠠᠮᠠᠬᠠᠶ ᠬᠡᠢ ᠶᠢᠨ ᠠᠳᠡᠯ ᠭᠡᠳᠡᠭ ᠨᠢ 10 ᠠᠴᠠ ᠳᠡᠭᠡᠭᠰᠢ 30 ᠠᠴᠠ ᠳᠣᠷᠣᠭᠰᠢ ᠬᠥᠮᠦᠨ ᠦᠬᠦᠭᠰᠡᠨ ᠪᠤᠶᠤ 50 ᠠᠴᠠ ᠳᠡᠭᠡᠭᠰᠢ ᠬᠥᠮᠦᠨ ᠬᠦᠨᠳᠦ ᠰᠢᠷᠬᠠᠲᠤᠭᠰᠠᠨ᠂ ᠡᠰᠡᠬᠦᠯ᠎ᠡ 5000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ ᠳᠣᠷᠣᠭᠰᠢ ᠰᠢᠭᠤᠳ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃      2.2.3 ᠨᠡᠯᠢᠶᠡᠳ ᠶᠡᠭᠡ ᠰᠢᠲᠠᠮᠠᠬᠠᠢ ᠬᠡᠢ ᠶᠢᠨ ᠠᠳᠡᠯ ︵ᠭᠤᠷᠪᠠᠳᠤᠭᠠᠷ ᠳᠡᠰ︶      ᠨᠡᠯᠢᠶᠡᠳ ᠶᠡᠭᠡ ᠰᠢᠲᠠᠮᠠᠬᠠᠶ ᠬᠡᠢ ᠶᠢᠨ ᠠᠳᠡᠯ ᠭᠡᠳᠡᠭ ᠨᠢ 3 ᠬᠥᠮᠦᠨ ᠠᠴᠠ ᠳᠡᠭᠡᠭᠰᠢ 10 ᠬᠥᠮᠦᠨ ᠠᠴᠠ ᠳᠣᠷᠣᠭᠰᠢ ᠦᠬᠦᠭᠰᠡᠨ ᠪᠤᠶᠤ 10 ᠠᠴᠠ ᠳᠡᠭᠡᠭᠰᠢ 50 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠡᠭᠡᠭᠰᠢ 5000 ᠲᠦᠮᠡᠨ ᠲᠥᠭᠦᠷᠢᠭ ᠠᠴᠠ ᠳᠣᠷᠣᠭᠰᠢ ᠰᠢᠭᠤᠳ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃      2.2.4 ᠡᠩ ᠤᠨ ᠰᠢᠲᠠᠮᠠᠬᠠᠢ ᠬᠡᠢ ᠶᠢᠨ ᠠᠳᠡᠯ ︵ᠳᠥᠷᠪᠡᠳᠦᠭᠡᠷ ᠳᠡᠰ︶      ᠡᠩ  ᠤᠨ  ᠰᠢᠲᠠᠮᠠᠬᠠᠶ  ᠬᠡᠢ  ᠶᠢᠨ ᠠᠳᠡᠯ  ᠭᠡᠳᠡᠭ  ᠨᠢ  3  ᠬᠥᠮᠦᠨ  ᠠᠴᠠ  ᠳᠣᠷᠣᠭᠰᠢ  ᠦᠬᠦᠭᠰᠡᠨ  ᠪᠤᠶᠤ  10  ᠬᠥᠮᠦᠨ  ᠠᠴᠠ ᠳᠣᠷᠣᠭᠰᠢ ᠬᠦᠨᠳᠦ ᠰᠢᠷᠬᠠᠲᠤᠭᠰᠠᠨ᠂  ᠡᠰᠡᠬᠦᠯ᠎ᠡ 1000 ᠲᠦᠮᠡᠨ ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃      3 ᠵᠤᠬᠢᠶᠡᠨ ᠪᠠᠶᠢᠭᠤᠯᠥᠯᠳᠡ ᠶᠢᠨ ᠪᠠᠶᠢᠭᠤᠯᠥᠮᠵᠢ ᠵᠢᠴᠢ ᠲᠣᠰᠢᠶᠡᠯ ᠬᠠᠷᠢᠭᠤᠴᠠᠯᠭ᠎ᠠ      3.1 ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ      ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠵᠢᠯᠣᠭᠤᠳᠬᠤ ᠪᠠᠶᠢᠭᠤᠯᠤᠮᠵᠢ ᠨᠢ ᠬᠤᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠠᠷᠭᠠᠴᠠᠬᠤ ᠠᠵᠢᠯ ᠢ ᠥᠷᠨᠢᠭᠦᠯᠦᠨ᠎ᠡ᠃      ᠶᠡᠷᠦᠩᠬᠡᠶ ᠵᠢᠯᠤᠭᠤᠳᠤᠭᠴᠢ᠄ ᠬᠤᠲᠠ ᠶᠢᠨ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ᠃      ᠳᠡᠳ᠋ ᠶᠡᠷᠦᠩᠬᠡᠶ ᠵᠢᠯᠣᠭᠤᠳᠣᠭᠴᠢ᠄ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠃      ᠪᠦᠷᠢᠯᠳᠦᠬᠦᠨ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠴᠠᠭ ᠠᠭᠤᠷ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠤᠰᠤᠳ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠢ ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠭᠡᠵᠦ ᠨᠡᠮᠡᠵᠦ ᠪᠣᠯᠤᠨ᠎ᠠ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠬᠠᠪᠰᠤᠷᠭᠠᠨ ᠡᠭᠦᠷᠭᠡᠯᠡᠨ᠎ᠡ᠃      3.1.1 ᠠᠵᠢᠯ ᠤᠨ ᠡᠬᠦᠷᠭᠡ ᠬᠠᠷᠢᠭᠤᠴᠠᠯᠭ᠎ᠠ      ︵1︶ ᠬᠤᠲᠠ ᠶᠢᠨ ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ᠃ ᠪᠦᠬᠦ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠳᠤᠯᠤᠨ ᠠᠷᠭᠠᠴᠠᠨ᠎ᠠ︔ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠪᠦᠬᠦ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠴᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠᠶᠢᠴᠠᠭᠠᠯᠲᠠ ᠶᠢ ᠥᠷᠨᠢᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ︵2︶ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ᠃ ᠬᠤᠲᠠ ᠶᠢᠨ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠵᠣᠬᠢᠴᠠᠭᠤᠯᠤᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠨ᠎ᠠ︔ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠡᠯᠡᠨ ᠵᠢᠱᠢᠬᠦ ᠪᠠ ᠰᠤᠳᠤᠯᠤᠨ ᠮᠠᠭᠠᠳᠯᠠᠬᠤ ᠶᠢ ᠬᠠᠷᠢᠭᠤᠴᠠᠵᠤ᠂ ᠠᠳᠡᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠨ᠂ ᠵᠠᠳᠠᠯᠵᠤ᠂ ᠳᠡᠭᠡᠭᠰᠢ ᠮᠡᠳᠡᠭᠦᠯᠦᠨ᠎ᠡ᠃      ︵3︶ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠃ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠤᠬᠠᠭᠤᠯᠤᠨ ᠮᠡᠳᠡᠭᠡᠯᠡᠬᠦ᠂ ᠰᠣᠨᠢᠨ ᠮᠡᠳᠡᠭᠡ ᠨᠡᠶᠢᠲᠡᠯᠡᠬᠦ᠂ ᠵᠠᠭᠤᠴᠢᠯᠠᠭᠤᠷ ᠤᠨ ᠭᠥᠯᠢᠶᠡᠨ ᠠᠪᠬᠤ ᠪᠠ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠬᠤ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠬᠦᠨᠳᠦ ᠶᠡᠭᠡ᠂ ᠣᠨᠴᠠᠭᠠᠶ ᠬᠦᠨᠳᠦ ᠶᠡᠭᠡ ᠰᠢᠲᠠᠮᠠᠬᠠᠶ ᠬᠡᠶ ᠶᠢᠨ ᠬᠡᠷᠡᠭ ᠲᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠠᠵᠢᠯ ᠢ ᠵᠢᠯᠣᠭᠤᠳᠤᠨ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠰᠤᠳᠤᠯᠤᠨ ᠮᠠᠭᠠᠳᠯᠠᠬᠤ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠬᠡᠯᠪᠡᠷᠢᠯ ᠤᠨ ᠴᠢᠨᠠᠷᠲᠠᠶ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ  ᠰᠢᠢᠳᠪᠦᠷᠢᠯᠡᠵᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠶᠢ ᠵᠢᠯᠣᠭᠤᠳᠤᠨ᠎ᠠ᠃      ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠳᠡᠯ ᠤᠨ ᠳᠤᠮᠳᠠᠬᠢ ᠷᠠᠳᠢᠣ᠋ ᠴᠢᠮᠡᠭᠡ ᠬᠤᠯᠪᠣᠭᠠᠨ ᠤ ᠳᠠᠪᠲᠠᠮᠵᠢ ᠶᠢ ᠪᠠᠲᠤᠯᠠᠬᠤ ᠠᠵᠢᠯ ᠢ ᠬᠠᠷᠢᠭᠤᠴᠠᠨ᠎ᠠ᠃ ᠡᠯ᠎ᠡ ᠡᠵᠡᠩᠨᠡᠯᠲᠡ ᠶᠢᠨ ᠬᠤᠳᠠᠯᠳᠤᠭᠠᠴᠢᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠳᠡᠯ ᠤᠨ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠠᠵᠢᠯ ᠢ ᠪᠠᠲᠤᠯᠠᠵᠤ᠂ ᠴᠢᠮᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠎ᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠠᠳᠡᠯ ᠤᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ᠂ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠪᠠ ᠭᠤᠤᠯᠳᠠᠯᠭ᠎ᠠ ᠲᠠᠢ ᠬᠠᠷᠠᠯᠲᠠ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠨ᠎ᠠ︔ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠪᠠᠲᠤᠯᠠᠭ᠎ᠠ ᠶᠢ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠠᠶᠤᠯ ᠠᠴᠠ ᠠᠪᠤᠷᠠᠨ ᠲᠤᠰᠠᠯᠠᠬᠤ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ᠡᠯ᠎ᠡ ᠭᠠᠵᠠᠷ ᠣᠷᠣᠨ ᠢ ᠰᠢᠮᠳᠠᠭᠤᠯᠤᠨ ᠵᠢᠯᠣᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠭᠠᠮᠰᠢᠭᠳᠠᠭᠰᠠᠨ ᠬᠥᠮᠦᠰ ᠢ ᠴᠠᠭ ᠲᠤᠬᠠᠶ ᠳᠤᠨᠢ ᠲᠦᠷ ᠴᠠᠭ ᠤᠨ ᠠᠪᠤᠷᠠᠨ ᠲᠤᠰᠠᠯᠠᠬᠤ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠡᠷᠡᠭᠰᠡᠬᠦ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠨ᠎ᠡ᠃      ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠠᠳᠡᠯ ᠳᠤ ᠬᠤᠯᠪᠣᠭᠳᠠᠬᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠠᠳᠡᠯ ᠳᠤ ᠠᠪᠤᠷᠠᠨ ᠲᠤᠰᠠᠯᠠᠬᠤ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃      ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠨ᠎ᠠ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠮᠳᠠᠬᠢ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠵᠠᠰᠠᠮᠠᠯ ᠵᠠᠮ᠂ ᠤᠰᠤᠨ ᠵᠠᠮ ᠤᠨ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠠᠮ ᠨᠡᠭᠡᠭᠡᠨ᠎ᠡ᠃      ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠᠬᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠠ ᠵᠠᠳᠠᠯᠤᠯᠲᠠ ᠶᠢ ᠬᠠᠷᠢᠭᠤᠴᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠵᠢᠴᠢ ᠰᠡᠳᠬᠢᠴᠡ ᠶᠢᠨ ᠡᠷᠡᠭᠦᠯᠵᠢᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠬᠤᠲᠠ ᠶᠢᠨ ᠵᠢᠯᠣᠭᠤᠳᠬᠤ ᠭᠠᠵᠠᠷ ᠤᠨ ᠠᠵᠢᠯ ᠤᠨ ᠵᠠᠷᠯᠢᠭ ᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠬᠠᠮᠵᠢᠨ ᠲᠣᠬᠢᠷᠠᠭᠤᠯᠵᠤ ᠰᠢᠲᠠᠮᠠᠬᠠᠶ ᠬᠡᠢ ᠶᠢᠨ ᠠᠳᠡᠯ ᠢ ᠰᠢᠢᠳᠪᠦᠷᠢᠯᠡᠬᠦ ᠠᠵᠢᠯ ᠳᠤ ᠣᠷᠣᠯᠴᠠᠭᠤᠯᠵᠤ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠪᠠᠷ ᠨᠡᠯᠢᠶᠡᠳ ᠶᠡᠭᠡ ᠰᠢᠲᠠᠮᠠᠬᠠᠶ ᠬᠡᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠰᠢᠲᠠᠮᠠᠬᠠᠶ ᠬᠡᠶ ᠶᠢᠨ ᠠᠳᠡᠯ ᠤᠨ ᠳᠤᠮᠳᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠷᠭᠡᠵᠢᠯ ᠤᠨ ᠵᠢᠯᠣᠭᠤᠳᠣᠯᠭ᠎ᠠ ᠵᠢᠴᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠮᠡᠳᠡᠭᠦᠯᠬᠦ᠂ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ᠃      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠄ ᠳᠡᠭᠡᠳᠦ ᠤᠷᠤᠰᠬᠠᠯ ᠤᠨ ᠬᠡᠢ ᠶᠢᠨ ᠢᠷᠡᠯᠲᠡ ᠶᠢ ᠪᠠᠲᠤᠯᠠᠬᠤ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠠᠳᠡᠯ ᠤᠨ ᠠᠶᠤᠯ ᠠᠴᠠ ᠠᠪᠤᠷᠠᠨ ᠵᠠᠪᠳᠤᠨ ᠵᠠᠰᠠᠬᠤ ᠳᠤᠮᠳᠠᠬᠢ ᠴᠠᠬᠢᠯᠭᠠᠨ ᠬᠦᠴᠦᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠄ ᠬᠤᠬᠢᠷᠠᠯ ᠠᠮᠰᠠᠭᠴᠢ ᠶᠢ ᠲᠣᠬᠤᠨᠢᠭᠤᠯᠬᠤ ᠪᠠ ᠲᠣᠬᠤᠨᠢᠭᠤᠯᠬᠤ ᠠᠵᠢᠯ ᠢ ᠬᠠᠷᠢᠭᠤᠴᠠᠨ᠎ᠠ᠃      ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠄ ᠰᠢᠲᠠᠮᠠᠬᠠᠶ ᠬᠡᠶ ᠶᠢᠨ ᠠᠳᠡᠯ ᠤᠨ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠵᠤ᠂ ᠭᠠᠮᠰᠢᠭ ᠤᠨ ᠳᠠᠷᠠᠭᠠᠬᠢ ᠭᠠᠯ ᠤᠨᠲᠠᠷᠠᠭᠠᠬᠤ ᠪᠡᠯᠡᠳᠬᠡᠮᠵᠢ ᠶᠢ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠶᠢ ᠵᠢᠯᠣᠭᠤᠳᠤᠨ᠎ᠠ᠃      ᠬᠤᠲᠠ ᠶᠢᠨ ᠴᠠᠭ ᠠᠭᠤᠷ ᠤᠨ ᠲᠣᠪᠴᠢᠶ᠎ᠠ᠄ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠠᠭ ᠠᠭᠤᠷ ᠤᠨ ᠦᠢᠯᠡᠴᠢᠯᠡᠭᠡ ᠬᠠᠩᠭᠠᠵᠤ᠂ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ ᠪᠦᠲᠦᠭᠡᠨ ᠪᠠᠶᠢᠭᠤᠯᠬᠤ ᠶᠢ ᠵᠢᠯᠣᠭᠤᠳᠬᠤ ᠶᠢ ᠬᠠᠷᠢᠭᠤᠴᠠᠨ᠎ᠠ᠃      ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠄ ᠳᠠᠭᠠᠳᠬᠠᠯ ᠤᠨ ᠪᠠᠶᠢᠭᠤᠯᠤᠮᠵᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠠᠳᠡᠯ ᠤᠨ ᠳᠠᠭᠠᠳᠬᠠᠯ ᠤᠨ ᠬᠠᠶᠢᠨ ᠪᠠᠶᠢᠴᠠᠭᠠᠵᠤ ᠲᠥᠯᠥᠬᠦ ᠠᠵᠢᠯ ᠢ ᠰᠠᠶᠢᠲᠤᠷ ᠬᠢᠨ᠎ᠡ᠃      ᠪᠠᠶᠠᠨᠨᠠᠭᠤᠷ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠄ ᠬᠠᠷᠢᠶᠠᠨ ᠳᠠᠬᠢ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠴᠠᠬᠢᠯᠭᠠᠨ ᠬᠦᠴᠦᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠄ ᠲᠡᠷᠡ ᠳᠠᠷᠤᠶ ᠳᠤᠨᠢ ᠤᠷᠢᠳᠠᠪᠠᠷ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠳᠡᠯ ᠤᠨ ᠲᠤᠬᠠᠶ ᠶᠢᠨ ᠲᠠᠯᠠᠪᠤᠷ ᠤᠨ ᠬᠥᠮᠦᠰ ᠢ ᠲᠠᠷᠬᠠᠭᠠᠨ ᠲᠥᠪᠬᠢᠨᠡᠭᠦᠯᠬᠦ᠂ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠢ ᠲᠤᠰᠠᠯᠠᠬᠤ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠠ︔ ᠠᠳᠡᠯ ᠢ ᠪᠠᠶᠢᠴᠠᠭᠠᠬᠤ᠂ ᠦᠨᠡᠯᠡᠨ ᠵᠢᠱᠢᠬᠦ᠂ ᠰᠢᠢᠳᠪᠦᠷᠢᠯᠡᠬᠦ ᠳᠤ ᠣᠷᠣᠯᠴᠠᠨ᠎ᠠ᠃      ︵4︶ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠃ ᠬᠤᠲᠠ ᠶᠢᠨ ᠵᠢᠯᠣᠭᠤᠳᠬᠤ ᠭᠠᠵᠠᠷ ᠠᠴᠠ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠨ ᠵᠢᠯᠣᠭᠤᠳᠴᠤ᠂ ᠠᠳᠡᠯ ᠤᠨ ᠡᠭᠦᠰᠦᠭᠰᠡᠨ ᠰᠢᠯᠲᠠᠭᠠᠨ᠂ ᠬᠠᠨᠳᠤᠰᠢ ᠶᠢ ᠲᠥᠰᠦᠭᠡᠯᠡᠬᠦ ᠪᠠ ᠦᠨᠡᠯᠡᠨ ᠵᠢᠱᠢᠵᠦ᠂ ᠠᠳᠡᠯ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃      ︵5︶ ᠬᠤᠲᠠ ᠶᠢᠨ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡᠨ ᠤ ᠡᠭᠦᠷᠭᠡ ᠬᠠᠷᠢᠭᠤᠴᠠᠯᠭ᠎ᠠ᠃ ᠬᠤᠲᠠ ᠶᠢᠨ ᠵᠢᠯᠣᠭᠤᠳᠬᠤ ᠭᠠᠵᠠᠷ ᠨᠢ ᠬᠤᠲᠠ ᠶᠢᠨ ᠱᠠᠲᠤᠨ ᠤ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠵᠣᠬᠢᠶᠠᠨ ᠪᠠᠶᠢᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠪᠠ ᠰᠣᠷᠢᠯᠲᠠ ᠳᠤ ᠣᠷᠣᠯᠴᠠᠵᠤ᠂ ᠬᠠᠮᠢᠶ᠎ᠠ ᠪᠥᠬᠦᠶ ᠠᠶᠤᠯ ᠠᠴᠠ ᠠᠪᠤᠷᠠᠨ ᠲᠤᠰᠠᠯᠠᠬᠤ ᠲᠥᠬᠦᠭᠡᠷᠦᠮᠵᠢ ᠳᠣᠭᠢᠷᠠᠭᠤᠯᠪᠠ︔ ᠬᠤᠲᠠ ᠶᠢᠨ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ᠂ ᠠᠳᠡᠯ ᠤᠨ ᠲᠤᠬᠠᠶ ᠶᠢᠨ ᠲᠠᠯᠠᠪᠤᠷ ᠲᠤ ᠴᠠᠭ ᠲᠤᠬᠠᠶ ᠳᠤᠨᠢ ᠬᠦᠷᠴᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠨ ᠥᠷᠨᠢᠭᠦᠯᠪᠡ᠃      3.1.2 ᠲᠣᠬᠠᠢ ᠶᠢᠨ ᠳᠡᠯᠡᠪᠡᠢ ᠶᠢᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ      ᠣᠨᠴᠠ ᠬᠦᠨᠳᠦ ᠶᠡᠭᠡ᠂ ᠬᠦᠨᠳᠦ ᠶᠡᠭᠡ ᠰᠢᠲᠠᠮᠠᠬᠠᠶ ᠬᠡᠶ ᠶᠢᠨ ᠠᠳᠡᠯ ᠭᠠᠷᠤᠭᠰᠠᠨ᠂ ᠡᠰᠡᠬᠦᠯ᠎ᠡ ᠵᠢᠴᠢ ᠬᠡᠪᠴᠢᠶ᠎ᠡ ᠪᠠᠷ ᠨᠡᠯᠢᠶᠡᠳ ᠥᠷᠭᠡᠨ᠂ ᠮᠡᠳᠡᠷᠡᠮᠵᠢ ᠶᠢᠨ ᠬᠡᠮᠵᠢᠶ᠎ᠡ ᠪᠠᠷ ᠨᠡᠯᠢᠶᠡᠳ ᠥᠨᠳᠥᠷ ᠪᠤᠶᠤ  ᠰᠢᠢᠳᠪᠦᠷᠢᠯᠡᠭᠰᠡᠨ ᠨᠢ ᠵᠣᠬᠢᠰ ᠥᠬᠡᠶ ᠪᠠᠷ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠰᠢᠲᠠᠮᠠᠬᠠᠶ ᠬᠡᠶ ᠶᠢᠨ ᠠᠳᠡᠯ ᠤᠨ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠵᠢᠭᠠᠨ ᠲᠣᠭᠲᠠᠭᠠᠵᠤ᠂ ᠳᠡᠳ᠋ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠠᠴᠠ ᠡᠭᠦᠷᠭᠡᠯᠡᠨ᠎ᠡ᠃      ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠳᠣᠤᠷ᠎ᠠ ᠪᠠᠴᠢᠮ ᠪᠠᠶᠢᠳᠠᠯ ᠢ ᠠᠷᠭᠠᠴᠠᠬᠤ ᠡᠳᠦᠶ ᠲᠡᠳᠦᠶ ᠠᠵᠢᠯᠯᠠᠬᠤ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃      ︵1︶ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠪᠠ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠣᠷᠣᠯᠴᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠳᠠᠯᠬᠤ᠂ ᠬᠤᠷᠢᠶᠠᠩᠭᠤᠶᠢᠯᠠᠬᠤ᠂ ᠮᠡᠳᠡᠭᠦᠯᠬᠦ ᠶᠢ ᠬᠠᠷᠢᠭᠤᠴᠠᠨ᠎ᠠ︔ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠥᠮᠥᠨ ᠤ ᠬᠦᠴᠦᠨ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠪᠠ ᠡᠳ᠋ ᠪᠣᠳᠠᠰ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ᠎ᠠ᠃      ︵2︶ ᠠᠪᠤᠷᠠᠨ ᠲᠤᠰᠯᠠᠬᠤ ᠰᠢᠢᠳᠪᠦᠷᠢᠯᠡᠬᠦ ᠪᠦᠯᠬᠦᠮ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠠᠳᠡᠯ ᠤᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ ᠵᠢᠴᠢ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠠᠪᠤᠷᠠᠨ ᠲᠤᠰᠠᠯᠠᠬᠤ ᠲᠥᠰᠦᠯ ᠢ ᠲᠣᠭᠲᠠᠭᠠᠵᠤ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠷᠬᠠᠲᠤᠭᠰᠠᠳ ᠢ ᠡᠮᠨᠡᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ︵3︶ ᠲᠤᠰᠬᠠᠢ ᠮᠡᠷᠭᠡᠵᠢᠯᠲᠡᠨ ᠤ ᠦᠨᠡᠯᠡᠬᠦ ᠳᠤᠭᠤᠶᠢᠯᠠᠩ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ᠂ ᠠᠳᠡᠯ ᠤᠨ ᠲᠤᠬᠠᠢ ᠶᠢᠨ ᠲᠠᠯᠠᠪᠤᠷ ᠲᠤ ᠶᠡᠷᠦᠩᠬᠡᠶᠢᠯᠡᠭᠰᠡᠨ ᠵᠠᠳᠠᠯᠤᠯᠲᠠ ᠬᠢᠵᠦ᠂ ᠬᠥᠭᠵᠢᠯᠲᠡ ᠶᠢᠨ ᠬᠠᠨᠳᠤᠰᠢ ᠶᠢ ᠦᠨᠡᠯᠡᠨ ᠵᠢᠱᠢᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠦᠨᠳᠦᠰᠦᠯᠡᠯ ᠬᠠᠩᠭᠠᠨ᠎ᠠ᠃      ︵4︶ ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠭᠤᠶᠢᠯᠠᠩ᠃ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠲᠦᠷᠦᠭᠦᠯᠡᠨ᠂ ᠰᠢᠲᠠᠮᠠᠬᠠᠶ ᠬᠡᠢ ᠶᠢᠨ ᠠᠳᠡᠯ ᠠᠴᠠ ᠪᠣᠯᠤᠭᠰᠠᠨ ᠡᠭᠦᠰᠦᠮᠡᠯ ᠭᠠᠮᠰᠢᠭ ᠢ ᠰᠢᠢᠳᠪᠦᠷᠢᠯᠡᠬᠦ ᠶᠢ ᠬᠠᠷᠢᠭᠤᠴᠠᠵᠤ᠂ ᠲᠤᠬᠠᠶ ᠶᠢᠨ ᠭᠠᠵᠠᠷ ᠤᠨ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵5︶ ᠠᠮᠤᠷ ᠢ ᠬᠠᠮᠠᠭᠠᠯᠠᠬᠤ ᠳᠤᠭᠤᠶᠢᠯᠠᠩ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠨ᠂ ᠰᠦᠷᠳᠡᠭᠦᠯᠦᠯ ᠳᠤ ᠬᠤᠯᠪᠣᠭᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠬᠡᠷᠡᠭ ᠭᠠᠷᠤᠭᠰᠠᠨ ᠲᠤᠬᠠᠶ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠬᠡᠷᠡᠭᠴᠡᠭᠡ ᠪᠠᠨ ᠦᠨᠳᠦᠰᠦᠯᠡᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠵᠡᠷᠭᠡ ᠶᠢ ᠬᠠᠷᠢᠭᠤᠴᠠᠨ᠎ᠠ᠃      ︵6︶ ᠡᠮ  ᠡᠮᠨᠡᠯᠭᠡ ᠶᠢᠨ ᠠᠪᠤᠷᠠᠬᠤ ᠳᠤᠭᠤᠶᠢᠯᠠᠩ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠡᠮᠴᠢᠯᠡᠭᠡᠨ ᠤ ᠠᠪᠤᠷᠠᠨ ᠵᠠᠰᠠᠬᠤ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ᠎ᠡ᠃      ︵7︶ ᠠᠷᠤ ᠲᠠᠯ᠎ᠠ ᠶᠢᠨ ᠪᠠᠲᠤᠯᠠᠭ᠎ᠠ ᠶᠢᠨ ᠳᠤᠭᠤᠶᠢᠯᠠᠩ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠵᠢᠴᠢ ᠲᠣᠨᠤᠭ ᠲᠥᠬᠦᠭᠡᠷᠦᠮᠵᠢ ᠬᠠᠩᠭᠠᠵᠤ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠢᠯᠴᠢ ᠬᠠᠩᠭᠠᠬᠤ᠂ ᠪᠡᠯᠡᠳᠬᠡᠮᠵᠢ ᠶᠢᠨ ᠠᠶᠤᠯ ᠠᠴᠠ ᠵᠠᠪᠳᠤᠨ ᠵᠠᠰᠠᠬᠤ ᠠᠵᠢᠯ ᠢ ᠰᠠᠶᠢᠲᠤᠷ ᠬᠢᠵᠦ᠂ ᠠᠳᠡᠯ ᠤᠨ ᠲᠤᠬᠠᠶ ᠶᠢᠨ ᠲᠠᠯᠠᠪᠤᠷ ᠤᠨ ᠡᠷᠬᠢᠨ ᠲᠣᠭᠤᠷᠢᠨ ᠤ ᠬᠥᠮᠦᠰ ᠢ ᠲᠠᠷᠬᠠᠭᠠᠬᠤ ᠪᠠ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃      ︵8︶  ᠤᠬᠠᠭᠤᠯᠭ᠎ᠠ ᠮᠡᠳᠡᠭᠡᠯᠡᠬᠦ  ᠳᠤᠭᠤᠶᠢᠯᠠᠩ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠠᠵᠢᠯ ᠢ ᠬᠠᠷᠢᠭᠤᠴᠠᠨ᠎ᠠ᠃      ︵9︶ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠤᠨ ᠪᠠᠭ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠦᠷᠦᠭᠦᠯᠡᠨ ᠬᠢᠵᠦ᠂ ᠠᠵᠢᠯᠲᠠᠨ ᠢ ᠲᠥᠪᠬᠢᠨᠡᠭᠦᠯᠬᠦ᠂ ᠡᠳ᠋ ᠪᠣᠳᠠᠰ ᠤᠨ ᠨᠥᠬᠦᠪᠥᠷᠢ ᠥᠭᠬᠦ᠂ ᠬᠥᠳᠡᠯᠮᠦᠷᠢ ᠦᠢᠯᠡᠴᠢᠯᠡᠭᠡ ᠶᠢ ᠲᠠᠲᠠᠪᠤᠷᠢᠯᠠᠨ ᠬᠡᠷᠡᠭᠯᠡᠬᠦ ᠵᠢᠴᠢ ᠳᠠᠭᠠᠳᠬᠠᠯ ᠤᠨ ᠲᠥᠯᠥᠪᠦᠷᠢ ᠥᠭᠬᠦ ᠵᠡᠷᠭᠡ ᠠᠵᠢᠯ ᠢ ᠬᠠᠷᠢᠭᠤᠴᠠᠨ᠎ᠠ᠃      3.2 ᠬᠤᠰᠢᠭᠤ ᠰᠢᠶᠠᠨ ᠲᠣᠭᠤᠷᠢᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ      ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠵᠣᠬᠢᠴᠠᠩᠭᠤᠶ ᠲᠠᠰ ᠤᠨ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠷᠢᠯᠠᠭᠤᠯᠤᠨ᠎ᠠ᠃      ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠤ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠠᠢ ᠵᠣᠯᠭᠠᠭᠤᠯᠬᠤ ᠬᠡᠷᠡᠭᠲᠡᠶ᠃      3.3 ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠬᠢᠭᠡᠳ ᠡᠭᠦᠷᠭᠡ ᠬᠠᠷᠢᠭᠤᠴᠠᠯᠭ᠎ᠠ      ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠬᠤᠯᠪᠣᠭᠳᠠᠯ ᠪᠥᠬᠦᠶ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ᠂ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠤᠨ᠂ ᠠᠶᠤᠯ ᠠᠴᠠ ᠵᠠᠪᠳᠤᠨ ᠵᠠᠰᠠᠬᠤ ᠲᠥᠬᠦᠭᠡᠷᠦᠮᠵᠢ ᠡᠳ᠋ ᠪᠣᠳᠠᠰ ᠢ ᠭᠦᠢᠴᠡᠳ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠪᠣᠯᠪᠠᠰᠤᠷᠠᠭᠤᠯᠤᠯ ᠬᠥᠮᠦᠵᠢᠯ ᠪᠠ ᠤᠬᠠᠭᠤᠯᠭ᠎ᠠ ᠶᠢᠨ ᠠᠵᠢᠯ ᠢ ᠴᠢᠩᠭᠠᠳᠬᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢ ᠨᠠᠭᠠᠳᠤ ᠵᠠᠬ᠎ᠠ ᠳᠠᠭᠠᠨ ᠬᠠᠭᠠᠰ ᠵᠢᠯ ᠳᠤ ᠨᠢᠭᠡ ᠤᠳᠠᠭ᠎ᠠ ᠵᠣᠬᠢᠶᠠᠨ ᠪᠠᠶᠢᠭᠤᠯᠬᠤ ᠶᠢᠨ ᠬᠠᠮᠲᠤ ᠰᠣᠷᠢᠯᠲᠠ ᠶᠢᠨ ᠪᠠᠶᠢᠳᠠᠯ ᠢᠶᠠᠨ ᠪᠠᠶᠢᠭ᠎ᠠ ᠭᠠᠵᠠᠷ ᠤᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠰᠢᠲᠠᠮᠠᠬᠠᠶ ᠬᠡᠢ ᠶᠢᠨ ᠠᠳᠡᠯ ᠭᠠᠷᠪᠠᠯ ᠤᠷᠢᠳᠠᠪᠠᠷ  ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭ᠎ᠠ ᠭᠠᠵᠠᠷ ᠤᠨ ᠢᠶᠠᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠰᠢᠲᠠᠮᠠᠬᠠᠶ ᠬᠡᠢ ᠡᠵᠡᠩᠨᠡᠬᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃      4 ᠬᠢᠨᠡᠨ ᠰᠢᠨᠵᠢᠵᠦ ᠰᠡᠷᠡᠮᠵᠢᠯᠡᠬᠦᠯᠬᠦ ᠪᠠ ᠰᠡᠷᠡᠮᠵᠢᠯᠡᠬᠦᠯᠬᠦ ᠨᠡᠶᠢᠳᠡᠯᠡᠯ      4.1 ᠲᠦᠭᠰᠢᠭᠦᠷᠢ ᠶᠢ ᠰᠡᠷᠭᠡᠶᠢᠯᠡᠨ ᠡᠵᠡᠮᠳᠡᠬᠦ      ᠡᠯ᠎ᠡ ᠱᠠᠲᠤᠨ ᠤ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠤᠯ ᠦᠭᠡᠶ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠲᠠᠮᠠᠬᠠᠶ ᠬᠡᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠠᠶᠤᠯ ᠦᠭᠡᠶ ᠶᠢᠨ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠰᠢᠲᠠᠮᠠᠬᠠᠶ ᠬᠡᠢ ᠶᠢᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ ᠰᠢᠲᠠᠮᠠᠬᠠᠶ ᠬᠡᠢ ᠶᠢᠨ ᠠᠶᠤᠯ ᠦᠭᠡᠶ ᠶᠢᠨ ᠤᠬᠠᠭᠤᠯᠭ᠎ᠠ ᠬᠥᠮᠦᠵᠢᠯ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠨ᠂ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠳᠠᠯᠳᠠ ᠭᠡᠮ ᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠰᠢᠲᠠᠮᠠᠬᠠᠶ ᠬᠡᠢ ᠶᠢᠨ ᠠᠵᠤ ᠠᠬᠤᠶᠢᠯᠠᠯ ᠰᠢᠲᠠᠮᠠᠬᠠᠶ ᠬᠡᠢ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠦᠷᠢᠮ ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠰᠢᠲᠠᠮᠠᠬᠠᠶ ᠬᠡᠢ ᠶᠢᠨ ᠠᠵᠤ ᠠᠬᠤᠶᠢᠯᠠᠯ᠂ ᠭᠤᠤᠯᠳᠠᠯᠭ᠎ᠠ ᠲᠠᠢ ᠬᠡᠷᠡᠭᠯᠡᠬᠦ ᠡᠷᠦᠬᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠲᠤᠰ ᠨᠢᠭᠡᠴᠡ ᠶᠢᠨ ᠢᠶᠠᠨ ᠰᠢᠲᠠᠮᠠᠬᠠᠶ ᠬᠡᠢ ᠶᠢᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠲᠥᠰᠦᠯ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ᠂ ᠬᠡᠮᠵᠢᠭᠦᠷᠯᠢᠭ᠂ ᠠᠶᠤᠯ ᠠᠴᠠ ᠠᠪᠤᠷᠠᠬᠤ ᠪᠠᠭᠠᠵᠢ ᠬᠡᠷᠡᠭᠰᠡᠯ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠶᠢᠨ ᠬᠠᠮᠲᠤ ᠠᠶᠤᠯ ᠠᠴᠠ ᠠᠪᠤᠷᠠᠬᠤ ᠲᠤᠰᠬᠠᠶ ᠬᠥᠮᠦᠨ ᠲᠣᠬᠢᠷᠠᠭᠤᠯᠤᠨ ᠪᠠᠭᠠᠵᠢ ᠬᠡᠷᠡᠭᠰᠡᠯ᠂ ᠲᠥᠬᠦᠭᠡᠷᠦᠮᠵᠢ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠠᠵᠢᠯ ᠤᠨ ᠪᠠᠶᠢᠳᠠᠯ ᠳᠤ ᠴᠠᠭ ᠲᠤᠬᠠᠶ ᠳᠤᠨᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      4.2 ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠳᠡᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠮᠵᠢ ᠶᠢ ᠴᠢᠩᠭᠠᠷᠠᠭᠤᠯᠬᠤ ᠬᠡᠷᠡᠭᠲᠡᠢ᠃ ᠰᠢᠲᠠᠮᠠᠬᠠᠶ ᠬᠡᠶ ᠶᠢᠨ ᠠᠵᠤ ᠠᠬᠤᠶᠢᠯᠠᠯ ᠪᠣᠯ ᠠᠳᠡᠯ ᠤᠨ ᠮᠡᠳᠡᠭᠡ ᠵᠠᠩᠭᠢ ᠶᠢ ᠬᠢᠨᠠᠨ ᠬᠡᠮᠵᠢᠬᠦ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠠᠳᠡᠯ ᠤᠨ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠲᠠᠮᠠᠬᠠᠶ ᠬᠡᠶ ᠶᠢᠨ ᠠᠳᠡᠯ ᠤᠨ ᠲᠤᠭ᠎ᠠ ᠪᠦᠷᠢᠳᠬᠡᠯ᠂ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠠᠵᠢᠯᠯᠠᠭᠠᠨ ᠤ ᠲᠤᠭ᠎ᠠ ᠪᠠᠷᠢᠮᠲᠠ ᠶᠢᠨ ᠬᠥᠮᠥᠷᠭᠡ ᠪᠠ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠰᠢᠰᠲ᠋ᠧᠮ ᠵᠢᠴᠢ ᠪᠤᠰᠤᠳ ᠮᠡᠷᠭᠡᠵᠢᠯ ᠤᠨ ᠠᠷᠭ᠎ᠠ ᠪᠠᠷᠢᠯ ᠢ ᠵᠦᠶ ᠵᠣᠬᠢᠰᠲᠠᠶ ᠬᠡᠷᠡᠭᠯᠡᠨ᠂ ᠰᠢᠲᠠᠮᠠᠬᠠᠶ ᠬᠡᠶ ᠶᠢᠨ ᠪᠡᠯᠡᠳᠬᠡᠮᠵᠢ᠂ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠰᠠᠶᠢᠲᠤᠷ ᠬᠢᠵᠦ᠂ ᠠᠳᠡᠯ ᠢ ᠬᠢᠨᠠᠨ ᠬᠡᠮᠵᠢᠭᠰᠡᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠤᠨ ᠰᠢᠲᠠᠮᠠᠬᠠᠶ ᠬᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠶᠢᠨ ᠬᠠᠮᠲᠤ ᠱᠠᠲᠤ ᠳᠠᠷᠠᠭᠠᠯᠠᠨ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠭᠤᠤᠯ ᠠᠭᠤᠯᠭ᠎ᠠ ᠳᠤ᠄ ᠦᠨᠳᠦᠰᠦᠨ ᠪᠠᠶᠢᠳᠠᠯ᠂ ᠰᠤᠳᠤᠯᠤᠨ ᠮᠠᠭᠠᠳᠯᠠᠬᠤ ᠪᠠᠷ ᠳᠠᠮᠵᠢᠭᠠᠳ ᠡᠭᠦᠰᠴᠦ ᠮᠡᠳᠡᠬᠦ ᠬᠤᠤᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢ ᠵᠢᠴᠢ ᠬᠡᠪᠴᠢᠶ᠎ᠡ᠂ ᠰᠠᠨᠠᠭᠤᠯᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃      4.3 ᠰᠡᠷᠡᠮᠵᠢᠯᠡᠬᠦᠯᠬᠦ ᠳᠡᠰ ᠬᠤᠪᠢᠶᠡᠬᠤ      ᠰᠢᠲᠠᠮᠠᠬᠠᠶ ᠬᠡᠢ ᠶᠢᠨ ᠠᠳᠡᠯ ᠤᠨ ᠤᠴᠠᠷᠠᠭᠤᠯᠵᠤ ᠮᠡᠳᠡᠬᠦ ᠬᠤᠤᠷ ᠬᠥᠨᠥᠭᠡᠯ᠂ ᠨᠥᠯᠥᠭᠡᠯᠡᠬᠦ ᠬᠡᠪᠴᠢᠶ᠎ᠡ ᠪᠣᠯᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠰᠡᠷᠡᠮᠵᠢᠯᠡᠭᠦᠯᠬᠦ ᠳᠡᠰ ᠢ ᠨᠢᠭᠡᠳᠦᠭᠡᠷ ᠳᠡᠰ ︵ᠣᠨᠴᠠ ᠬᠦᠨᠳᠦ ᠶᠡᠭᠡ︶᠂ ᠬᠤᠶᠠᠳᠤᠭᠠᠷ ᠳᠡᠰ ︵ᠬᠦᠨᠳᠦ ᠶᠡᠭᠡ︶᠂ ᠭᠤᠷᠪᠠᠳᠤᠭᠠᠷ ᠳᠡᠰ ︵ᠨᠡᠯᠢᠶᠡᠳ ᠶᠡᠭᠡ︶᠂ ᠳᠥᠷᠪᠡᠳᠦᠭᠡᠷ ᠳᠡᠰ ︵ᠡᠩ ᠤᠨ︶᠂ ᠲᠤᠰ ᠲᠤᠰ ᠤᠯᠠᠭᠠᠨ ᠥᠩᠭᠡ᠂ ᠤᠯᠠᠪᠤᠷ᠂ ᠰᠢᠷ᠎ᠠ᠂ ᠬᠥᠬᠡ ᠥᠩᠭᠡ ᠪᠠᠷ ᠲᠤᠰ ᠲᠤᠰ ᠢᠯᠡᠷᠡᠭᠦᠯᠵᠦ᠂ ᠨᠢᠭᠡᠳᠦᠭᠡᠷ ᠳᠡᠰ ᠢ ᠬᠠᠮᠤᠭ ᠤᠨ ᠳᠡᠭᠡᠳᠦ ᠳᠡᠰ ᠭᠡᠵᠦ ᠬᠤᠪᠢᠶᠠᠨ᠎ᠠ᠃      ᠤᠯᠠᠭᠠᠨ ᠥᠩᠭᠡ ᠶᠢᠨ ᠰᠡᠷᠡᠮᠵᠢᠯᠡᠭᠦᠯᠦᠯ ︵ᠨᠢᠭᠡᠳᠦᠭᠡᠷ ᠳᠡᠰ︶᠄ ᠵᠢᠱᠢᠯᠲᠡ ᠪᠠᠷ ᠣᠨᠴᠠ ᠬᠦᠨᠳᠦ ᠶᠡᠭᠡ ᠰᠢᠲᠠᠮᠠᠬᠠᠶ ᠬᠡᠶ ᠶᠢᠨ ᠠᠳᠡᠯ ᠭᠠᠷᠴᠤ᠂ ᠠᠳᠡᠯ ᠴᠠᠭ ᠲᠤᠬᠠᠶ ᠳᠤᠨᠢ ᠭᠠᠷᠴᠤ᠂ ᠬᠡᠷᠡᠭ ᠤᠨ ᠪᠠᠶᠢᠳᠠᠯ ᠲᠠᠰᠤᠷᠠᠯᠲᠠ ᠥᠬᠡᠶ ᠳᠡᠯᠭᠡᠷᠡᠵᠦ ᠪᠠᠶᠢᠨ᠎ᠠ᠃      ᠤᠯᠠᠪᠤᠷ ᠥᠩᠭᠡ ᠶᠢᠨ ᠰᠡᠷᠡᠮᠵᠢᠯᠡᠭᠦᠯᠦᠯ ︵ᠬᠤᠶᠠᠳᠤᠭᠠᠷ ᠲᠠᠰ︶᠄ ᠵᠢᠱᠢᠯᠲᠡ ᠪᠠᠷ ᠬᠦᠨᠳᠦ ᠨᠣᠴᠢᠲᠠᠶ ᠠᠴᠠ ᠳᠡᠭᠡᠭᠰᠢᠬᠢ ᠰᠢᠲᠠᠮᠠᠬᠠᠶ ᠬᠡᠶ ᠶᠢᠨ ᠠᠳᠡᠯ ᠭᠠᠷᠴᠤ ᠂ ᠠᠳᠡᠯ ᠤᠳᠠᠯ ᠥᠬᠡᠶ ᠭᠠᠷᠴᠤ᠂ ᠬᠡᠷᠡᠭ ᠤᠨ ᠪᠠᠶᠢᠳᠠᠯ ᠶᠠᠭ ᠠᠯᠬᠤᠮ ᠠᠯᠬᠤᠮ ᠢᠶᠠᠷ ᠥᠷᠭᠡᠳᠬᠡᠵᠦ ᠪᠠᠶᠢᠨ᠎ᠠ᠃      ᠰᠢᠷ᠎ᠠ ᠥᠩᠭᠡ ᠶᠢᠨ ᠰᠡᠷᠡᠮᠵᠢᠯᠡᠭᠦᠯᠦᠯ ︵ᠭᠤᠷᠪᠠᠳᠤᠭᠠᠷ ᠲᠠᠰ︶᠄ ᠵᠢᠱᠢᠯᠲᠡ ᠪᠠᠷ ᠨᠡᠯᠢᠶᠡᠳ ᠶᠡᠭᠡ ᠠᠴᠠ ᠳᠡᠭᠡᠭᠰᠢᠬᠢ ᠰᠢᠲᠠᠮᠠᠬᠠᠶ ᠬᠡᠶ ᠶᠢᠨ ᠠᠳᠡᠯ ᠭᠠᠷᠴᠤ᠂ ᠠᠳᠡᠯ ᠨᠢᠭᠡᠨᠲᠡ ᠣᠶᠢᠷᠠᠳᠴᠤ᠂ ᠬᠡᠷᠡᠭ ᠤᠨ ᠪᠠᠶᠢᠳᠠᠯ ᠥᠷᠭᠡᠳᠬᠡᠬᠦ ᠬᠠᠨᠳᠤᠰᠢ ᠲᠠᠢ ᠪᠣᠯᠤᠨ᠎ᠠ᠃      ᠬᠥᠬᠡ ᠥᠩᠭᠡ ᠶᠢᠨ ᠰᠡᠷᠡᠮᠵᠢᠯᠡᠭᠦᠯᠦᠯ ︵ᠳᠥᠷᠪᠡᠳᠦᠭᠡᠷ ᠲᠠᠰ︶᠄ ᠵᠢᠱᠢᠯᠲᠡ ᠪᠠᠷ ᠡᠩ ᠤᠨ ᠲᠠᠯ᠎ᠠ ᠠᠴᠠ ᠳᠡᠭᠡᠭᠰᠢᠬᠢ ᠰᠢᠲᠠᠮᠠᠬᠠᠶ ᠬᠡᠶ ᠶᠢᠨ ᠠᠳᠡᠯ ᠭᠠᠷᠴᠤ᠂ ᠠᠳᠡᠯ ᠤᠳᠠᠯ ᠥᠬᠡᠶ ᠣᠶᠢᠷᠠᠳᠴᠤ᠂ ᠬᠡᠷᠡᠭ ᠤᠨ ᠪᠠᠶᠢᠳᠠᠯ ᠪᠠᠷᠤᠭ ᠶᠡᠬᠡᠳᠡᠬᠦ ᠪᠣᠯᠤᠨ᠎ᠠ᠃      4.4 ᠰᠡᠷᠡᠮᠵᠢᠯᠡᠬᠦᠯᠦᠯ ᠨᠡᠶᠢᠲᠡᠯᠡᠬᠦ      4.4.1 ᠨᠡᠶᠢᠲᠡᠯᠡᠬᠦ ᠡᠷᠬᠡ      ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠥᠪᠳᠡᠯᠴᠡᠭᠡ ᠪᠠᠨ ᠴᠢᠩᠭᠠᠳᠬᠠᠵᠤ᠂ ᠰᠢᠲᠠᠮᠠᠬᠠᠶ ᠬᠡᠶ ᠶᠢᠨ ᠠᠳᠡᠯ ᠤᠳᠠᠯ ᠥᠬᠡᠶ ᠭᠠᠷᠬᠤ ᠪᠤᠶᠤ ᠡᠭᠦᠰᠬᠦ ᠪᠣᠯᠤᠯᠴᠠᠭ᠎ᠠ ᠨᠢ ᠨᠡᠮᠡᠭᠳᠡᠬᠦ ᠪᠣᠯᠤᠯᠴᠠᠭ᠎ᠠ ᠶᠢ ᠵᠠᠳᠠᠯᠤᠨ ᠦᠨᠡᠯᠡᠨ ᠵᠢᠱᠢᠵᠦ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠳᠠᠷᠤᠶ ᠲᠦᠷᠭᠡᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠷ᠎ᠡ ᠨᠢᠭᠡ ᠱᠠᠲᠤᠨ ᠳᠤ ᠮᠡᠳᠡᠭᠦᠯᠬᠦ ᠬᠡᠷᠡᠭᠲᠡᠶ᠃ ᠤᠯᠠᠭᠠᠨ ᠦᠩᠭᠡ᠂ ᠤᠯᠠᠪᠤᠷ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠤ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ︔ ᠰᠢᠷ᠎ᠠ ᠥᠩᠭᠡ ᠪᠠ ᠬᠥᠬᠡ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠥᠬᠦᠶ ᠭᠠᠵᠠᠷ ᠣᠷᠣᠨ ᠤ ᠰᠡᠷᠡᠮᠵᠢᠯᠡᠭᠦᠯᠬᠦ ᠬᠤᠭᠤᠴᠠᠭᠠᠨ ᠳᠤ ᠤᠷᠤᠭᠰᠠᠨ ᠢ ᠨᠡᠶᠢᠲᠡᠯᠡᠨ᠎ᠡ᠃ ᠠᠲᠠᠯ ᠤᠨ ᠰᠦᠷᠲᠠᠭᠦᠯᠣᠯ ᠠᠷᠢᠯᠵᠤ᠂  ᠨᠡᠶᠢᠲᠡᠯᠡᠭᠰᠡᠨ ᠡᠷᠭᠡ ᠮᠠᠲᠠᠯ ᠤᠨ ᠶᠣᠰᠣᠭᠠᠷ ᠴᠠᠭ ᠳᠣᠬᠠᠢ  ᠳᠤᠨᠢ ᠰᠠᠷᠠᠮᠵᠢᠯᠠᠭᠦᠯᠣᠯ ᠢᠶᠠᠨ ᠵᠣᠬᠰᠣᠭᠠᠵᠤ᠂ ᠰᠡᠷᠡᠮᠵᠢᠯᠡᠭᠦᠯᠦᠭᠰᠡᠨ ᠬᠤᠭᠤᠴᠠᠭ᠎ᠠ ᠶᠢ ᠵᠣᠬᠰᠣᠭᠠᠪᠠ᠃      ᠰᠢᠲᠠᠮᠠᠬᠠᠶ ᠬᠡᠢ ᠶᠢᠨ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠭᠤᠯᠭ᠎ᠠ ᠳᠤ ᠪᠠᠭᠲᠠᠬᠤ ᠪᠣᠯᠪᠠᠴᠤ ᠬᠢᠵᠠᠭᠠᠷᠯᠠᠬᠤ ᠬᠡᠷᠡᠭᠲᠡᠶ᠄ ᠨᠡᠶᠢᠲᠡᠯᠡᠬᠦ ᠨᠢᠭᠡᠴᠡ᠂ ᠨᠡᠶᠢᠲᠡᠯᠡᠬᠦ ᠴᠠᠭ᠂ ᠭᠠᠷᠴᠤ ᠮᠡᠳᠡᠬᠦ ᠰᠢᠲᠠᠮᠠᠬᠠᠶ ᠬᠡᠢ ᠶᠢᠨ ᠠᠳᠡᠯ ᠤᠨ ᠲᠥᠷᠥᠯ ᠢᠯᠭᠠᠯ᠂ ᠰᠢᠲᠠᠮᠠᠬᠠᠶ ᠬᠡᠢ ᠶᠢᠨ ᠠᠳᠡᠯ ᠤᠨ ᠰᠡᠷᠡᠮᠵᠢᠯᠡᠭᠦᠯᠬᠦ ᠲᠠᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ᠃ ᠰᠢᠲᠠᠮᠠᠬᠠᠶ ᠬᠡᠢ ᠶᠢᠨ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠴᠦᠨ ᠦᠭᠡᠶ ᠪᠣᠯᠭᠠᠬᠤ ᠠᠭᠤᠯᠭ᠎ᠠ ᠳᠤ ᠪᠠᠭᠲᠠᠬᠤ ᠪᠣᠯᠪᠠᠴᠤ ᠡᠭᠦᠨ ᠳᠤ ᠪᠠᠭᠲᠠᠬᠤ ᠦᠭᠡᠶ᠃      4.4.2 ᠰᠡᠷᠡᠮᠵᠢᠯᠡᠬᠦᠯᠬᠦ ᠲᠤᠬᠢᠷᠠᠭᠤᠯᠤᠯᠳᠠ      ᠰᠢᠲᠠᠮᠠᠬᠠᠶ ᠬᠡᠢ ᠶᠢᠨ ᠠᠳᠡᠯ ᠤᠨ ᠬᠥᠭᠵᠢᠯᠲᠡ ᠶᠢᠨ ᠪᠠᠶᠢᠳᠠᠯ ᠪᠣᠯᠤᠨ  ᠰᠢᠢᠳᠪᠦᠷᠢᠯᠡᠬᠦ ᠠᠬᠢᠴᠠ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠠᠯᠠᠭ᠎ᠠ ᠮᠥᠴᠢᠷ ᠤᠳ ᠰᠡᠷᠡᠮᠵᠢᠯᠡᠭᠦᠯᠬᠦ ᠳᠡᠰ ᠪᠣᠯᠤᠨ  ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠬᠡᠷᠡᠭᠲᠡᠶ᠃      4.4.3 ᠨᠡᠶᠢᠲᠡᠯᠡᠬᠦ ᠠᠷᠭ᠎ᠠ ᠵᠠᠮ      ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠥᠯᠥᠭᠡᠯᠡᠭᠳᠡᠬᠦ ᠪᠣᠯᠤᠯᠴᠠᠭ᠎ᠠ ᠲᠠᠢ ᠬᠥᠮᠦᠰ ᠲᠤ ᠨᠡᠶᠢᠲᠡᠯᠡᠵᠦ᠂ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ ᠤᠲᠠᠰᠤ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠰᠦᠯᠵᠢᠶ᠎ᠡ᠂ ᠰᠡᠷᠡᠮᠵᠢ ᠶᠢᠨ ᠳᠣᠬᠢᠶᠠᠨ ᠤ ᠮᠠᠰᠢᠨ᠂ ᠤᠬᠠᠭᠤᠯᠬᠤ ᠲᠡᠷᠭᠡ ᠪᠤᠶᠤ ᠬᠥᠮᠦᠰ ᠢ ᠵᠣᠬᠢᠶᠠᠨ ᠪᠠᠶᠢᠭᠤᠯᠤᠨ ᠡᠷᠦᠬᠡ ᠳᠠᠷᠠᠭᠠᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠨ᠂ ᠨᠢᠯᠬ᠎ᠠ ᠬᠡᠦᠬᠡᠳ᠂ ᠡᠪᠡᠳᠴᠢᠨ᠂ ᠵᠡᠮᠳᠡᠭ᠂ ᠵᠢᠷᠮᠦᠰᠦᠯᠡᠭᠰᠡᠨ ᠵᠡᠷᠭᠡ ᠣᠨᠴᠣᠭᠤᠶ ᠬᠥᠮᠦᠰ ᠪᠣᠯᠤᠨ ᠰᠤᠷᠭᠠᠭᠤᠯᠢ ᠵᠡᠷᠭᠡ ᠣᠨᠴᠣᠭᠤᠶ ᠲᠠᠯᠠᠪᠤᠷ ᠭᠠᠵᠠᠷ ᠵᠢᠴᠢ ᠰᠡᠷᠡᠮᠵᠢ ᠶᠢᠨ ᠳᠣᠬᠢᠶᠠᠨ ᠤ ᠰᠣᠬᠤᠷ ᠬᠥᠮᠦᠨ ᠳᠤ ᠴᠢᠭᠯᠡᠭᠦᠯᠬᠦ ᠴᠢᠨᠠᠷᠲᠠᠶ ᠮᠡᠳᠡᠭᠳᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃ ᠵᠠᠭᠤᠴᠢᠯᠠᠭᠤᠷ ᠤᠨ ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ ᠡᠩ ᠲᠡᠷᠢᠭᠦᠨ ᠳᠤ ᠰᠠᠶᠢᠲᠤᠷ ᠬᠢᠬᠦ ᠬᠡᠷᠡᠭᠲᠡᠶ᠃      4.5 ᠰᠡᠷᠡᠮᠵᠢᠯᠡᠭᠦᠯᠬᠦ ᠠᠵᠢᠯᠯᠠᠭ᠎ᠠ      ᠤᠯᠤᠰ ᠠᠴᠠ ᠰᠢᠲᠠᠮᠠᠬᠠᠶ ᠬᠡᠢ ᠶᠢᠨ ᠠᠳᠡᠯ ᠤᠨ ᠰᠡᠷᠡᠮᠵᠢᠯᠡᠭᠦᠯᠦᠯ ᠢ ᠲᠣᠰ ᠬᠤᠲᠠ ᠳᠤ ᠬᠤᠯᠪᠣᠭᠳᠠᠪᠠᠯ᠂ ᠱᠠᠭᠠᠷᠳᠠᠯᠭ᠎ᠠ ᠶᠣᠰᠣᠭᠠᠷ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠤᠨ᠎ᠠ᠃      ᠰᠢᠲᠠᠮᠠᠬᠠᠶ ᠬᠡᠢ ᠶᠢᠨ ᠠᠳᠡᠯ ᠭᠠᠷᠴᠤ ᠮᠡᠳᠡᠬᠦ ᠪᠥᠭᠡᠳ ᠰᠡᠷᠡᠮᠵᠢᠯᠡᠭᠦᠯᠬᠦ ᠳᠡᠰ ᠲᠤ ᠬᠦᠷᠴᠦ ᠮᠡᠳᠡᠨ᠎ᠡ᠂ ᠡᠯ᠎ᠡ ᠱᠠᠲᠤᠨ ᠤ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠨᠢ ᠠᠳᠡᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠦᠨᠡᠯᠡᠨ ᠵᠢᠱᠢᠵᠦ ᠵᠠᠳᠠᠯᠤᠯᠲᠠ ᠬᠢᠵᠦ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠤᠴᠠᠷᠠᠭᠤᠯᠵᠤ ᠮᠡᠳᠡᠬᠦ ᠨᠥᠯᠥᠭᠡ ᠪᠠ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠠᠷᠭᠠᠴᠠᠬᠤ ᠲᠥᠰᠦᠯ ᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠬᠤ ᠰᠡᠷᠡᠮᠵᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠳᠣᠣᠷᠠᠬᠢ ᠨᠢᠭᠡ ᠵᠦᠢᠯ ᠤᠨ ᠪᠤᠶᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃      ︵1︶ ᠰᠢᠲᠠᠮᠠᠬᠠᠶ ᠬᠡᠢ ᠯᠡᠪᠡᠷᠡᠭᠰᠡᠨ ᠪᠤᠶᠤ ᠳᠡᠯᠪᠡᠷᠡᠭᠰᠡᠨ ᠵᠡᠷᠭᠡ ᠲᠦᠭᠰᠢᠭᠦᠷᠢ ᠲᠠᠢ ᠪᠠᠶᠢᠪᠠᠯ᠂ ᠲᠦᠷ ᠴᠠᠭ ᠬᠡᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ︵2︶ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠬᠢᠨᠠᠨ ᠡᠵᠡᠮᠳᠡᠬᠦ᠂ ᠴᠤᠭᠯᠠᠭᠤᠯᠬᠤ ᠶᠢ ᠴᠢᠩᠭᠠᠳᠬᠠᠨ᠎ᠠ︔      ︵3︶ ᠨᠥᠯᠥᠭᠡᠯᠡᠭᠳᠡᠭᠰᠡᠨ ᠬᠡᠷᠡᠭᠯᠡᠭᠴᠢ ᠳᠤ ᠬᠤᠯᠪᠣᠭᠳᠠᠯ ᠪᠦᠬᠦᠢ ᠵᠠᠩᠬᠢ ᠶᠢ ᠨᠡᠶᠢᠲᠡᠯᠡᠨ᠎ᠡ᠃      ︵4︶ ᠰᠢᠯᠵᠢᠭᠦᠯᠦᠭᠰᠡᠨ᠂ ᠵᠠᠶᠢᠯᠠᠭᠰᠠᠨ ᠪᠤᠶᠤ ᠰᠢᠯᠵᠢᠭᠦᠯᠦᠭᠡᠳ ᠠᠮᠠᠷᠬᠠᠨ ᠠᠳᠡᠯ ᠳᠤ ᠤᠴᠠᠷᠠᠭᠤᠯᠬᠤ ᠬᠥᠮᠦᠰ ᠪᠠ ᠴᠢᠬᠤᠯᠠ ᠡᠳ᠋ ᠬᠥᠷᠥᠩᠭᠡ ᠶᠢ ᠰᠢᠯᠵᠢᠭᠦᠯᠬᠦ ᠶᠢᠨ ᠬᠠᠮᠲᠤ ᠲᠣᠬᠢᠲᠠᠶ ᠲᠥᠪᠬᠢᠨᠡᠭᠦᠯᠦᠨ᠎ᠡ︔      ︵5︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠥᠮᠦᠰ ᠢ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠬᠤ ᠶᠢ ᠮᠡᠳᠡᠭᠳᠡᠨ᠎ᠡ᠃      ︵6︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠪᠠ ᠲᠥᠬᠦᠭᠡᠷᠦᠮᠵᠢ ᠶᠢ ᠪᠠᠶᠢᠴᠠᠭᠠᠬᠤ᠂ ᠰᠢᠯᠵᠢᠭᠦᠯᠦᠨ ᠲᠥᠪᠯᠡᠷᠡᠭᠦᠯᠬᠦ᠃      ︵7︶ ᠠᠳᠡᠯ ᠡᠭᠦᠰᠦᠭᠰᠡᠨ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠳᠡᠯ ᠤᠨ ᠨᠥᠯᠥᠭᠡᠯᠡᠬᠦ ᠬᠡᠪᠴᠢᠶ᠎ᠡ ᠪᠠ ᠬᠦᠴᠦᠯᠡᠴᠡ᠂ ᠠᠳᠡᠯ ᠤᠨ ᠳᠡᠰ ᠢ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ ᠪᠥᠬᠦᠶ ᠰᠠᠨᠠᠭᠤᠯᠭ᠎ᠠ ᠳᠤᠷᠠᠳᠤᠨ᠎ᠠ︔      ︵8︶ ᠲᠣᠭᠲᠠᠭᠠᠯ ᠶᠣᠰᠣᠭᠠᠷ ᠠᠳᠡᠯ ᠤᠨ ᠬᠤᠤᠷ ᠬᠥᠨᠥᠭᠡᠯ ᠳᠤ ᠤᠴᠠᠷᠠᠵᠤ ᠮᠡᠳᠡᠬᠦ ᠰᠡᠷᠡᠮᠵᠢ ᠥᠭᠬᠦ᠂ ᠣᠨᠴᠠ ᠲᠣᠭᠲᠠᠭᠰᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠤᠷ ᠬᠥᠨᠥᠭᠡᠯ ᠠᠴᠠ ᠵᠠᠶᠢᠯᠠᠬᠤ ᠪᠤᠶᠤ ᠬᠥᠩᠭᠡᠷᠡᠭᠦᠯᠬᠦ ᠰᠠᠨᠠᠭᠤᠯᠭ᠎ᠠ᠂ ᠢᠳᠬᠠᠯ᠃      ︵9︶ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠨᠥᠯᠥᠭᠡᠯᠡᠭᠳᠡᠭᠰᠡᠨ ᠪᠤᠶᠤ ᠨᠥᠯᠥᠭᠡᠯᠡᠭᠳᠡᠬᠦ ᠮᠡᠳᠡᠬᠦ ᠣᠷᠣᠨ ᠪᠦᠰᠡ ᠶᠢᠨ ᠨᠢᠭᠡᠴᠢ ᠪᠠ ᠰᠠᠭᠤᠭᠠᠯᠢ ᠠᠷᠠᠳ ᠢ ᠰᠠᠨᠠᠭᠤᠯᠵᠤ᠂ ᠰᠢᠲᠠᠮᠠᠬᠠᠶ ᠬᠡᠢ ᠶᠢᠨ ᠬᠠᠩᠭᠠᠯᠭ᠎ᠠ ᠶᠢ ᠲᠠᠰᠤᠯᠳᠠᠭᠤᠯᠬᠤ ᠠᠵᠢᠯ ᠢ ᠰᠠᠶᠢᠲᠤᠷ ᠬᠢᠨ᠎ᠡ︔      ︵10︶ ᠠᠮᠠᠷᠬᠠᠨ ᠠᠳᠡᠯ ᠳᠤ ᠤᠴᠠᠷᠠᠬᠤ ᠭᠠᠵᠠᠷ ᠢ ᠬᠠᠭᠠᠬᠤ ᠪᠤᠶᠤ ᠬᠢᠵᠠᠭᠠᠷᠯᠠᠵᠤ ᠪᠣᠯᠬᠤ      ︵11︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠵᠤ᠂ ᠪᠡᠯᠡᠳᠬᠡᠯ ᠬᠥᠮᠦᠰ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ ᠣᠷᠣᠯᠴᠠᠭᠤᠯᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔      ︵12︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ ᠶᠢ ᠪᠡᠯᠡᠳᠬᠡᠬᠦ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ ᠲᠤᠬᠠᠶ ᠳᠤᠨᠢ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵13︶ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠥᠯᠥᠭᠡᠯᠡᠭᠳᠡᠭᠰᠡᠨ ᠬᠡᠪᠴᠢᠶᠡᠨ ᠤ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠵᠤ ᠬᠡᠢ ᠬᠠᠩᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ︔      ︵14︶ ᠣᠯᠠᠨ ᠨᠡᠶᠢᠲᠡ ᠶᠢᠨ ᠪᠠᠷᠢᠯᠭ᠎ᠠ ᠪᠣᠯᠣᠨ ᠠᠵᠤ  ᠦᠢᠯᠡᠳᠪᠦᠷᠢ ᠶᠢᠨ  ᠦᠢᠯᠡᠳᠪᠦᠷᠢᠯᠡᠯ ᠳᠤ ᠬᠡᠷᠡᠭᠯᠡᠬᠦ ᠬᠡᠢ ᠶᠢ ᠬᠢᠵᠠᠭᠠᠷᠯᠠᠬᠤ  ᠪᠡᠯᠡᠳᠬᠡᠯ ᠠᠵᠢᠯ ᠢ ᠰᠠᠶᠢᠲᠤᠷ ᠬᠢᠨ᠎ᠡ︔      ︵15︶ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ ᠬᠠᠮᠵᠢᠯᠴᠠᠨ ᠰᠢᠢᠳᠪᠦᠷᠢᠯᠡᠨ᠎ᠡ︔      ︵16︶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠤᠶᠤ ᠠᠵᠢᠯᠯᠠᠬᠤ ᠳᠤᠭᠤᠶᠢᠯᠠᠩ ᠤᠨ ᠬᠤᠲᠠ ᠶᠢᠨ ᠵᠢᠯᠣᠭᠤᠳᠣᠯᠭ᠎ᠠ ᠶᠢᠨ ᠬᠠᠮᠢᠶ᠎ᠠ ᠪᠥᠬᠦᠶ ᠪᠡᠯᠡᠳᠬᠡᠯ ᠠᠵᠢᠯ ᠢ ᠰᠠᠶᠢᠲᠤᠷ ᠬᠢᠨ᠎ᠡ︔      ︵17︶ ᠣᠯᠠᠨ ᠨᠡᠶᠢᠲᠡ ᠶᠢᠨ ᠪᠠᠷᠢᠯᠭ᠎ᠠ ᠪᠣᠯᠣᠨ ᠠᠵᠤ  ᠦᠢᠯᠡᠳᠪᠦᠷᠢ ᠶᠢᠨ  ᠦᠢᠯᠡᠳᠪᠦᠷᠢᠯᠡᠯ ᠳᠤ ᠬᠡᠷᠡᠭᠯᠡᠬᠦ ᠬᠡᠢ ᠶᠢ ᠵᠣᠭᠰᠤᠭᠠᠬᠤ  ᠪᠡᠯᠡᠳᠬᠡᠯ ᠠᠵᠢᠯ ᠢ ᠰᠠᠶᠢᠲᠤᠷ ᠬᠢᠨ᠎ᠡ︔      ︵18︶ ᠰᠢᠲᠠᠮᠠᠬᠠᠶ ᠬᠡᠶ ᠶᠢᠨ ᠢᠷᠡᠯᠲᠡ ᠶᠢ ᠨᠥᠭᠡᠴᠡᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠨ ᠬᠡᠶ ᠬᠠᠩᠭᠠᠬᠤ ᠪᠤᠰᠤᠳ ᠠᠷᠭ᠎ᠠ ᠬᠡᠮᠵᠢᠶ᠎ᠡ ᠶᠢ ᠡᠬᠢᠯᠡᠭᠦᠯᠬᠦ ᠪᠡᠯᠡᠳᠬᠡᠯ ᠠᠵᠢᠯ ᠢ ᠰᠠᠶᠢᠲᠤᠷ ᠬᠢᠨ᠎ᠠ︔      ︵19︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠢᠬᠤᠯᠠ ᠪᠦᠬᠦᠢ ᠰᠡᠷᠭᠡᠶᠢᠯᠡᠬᠦ ᠴᠢᠨᠠᠷᠲᠠᠶ᠂ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ       5 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ      5.1 ᠳᠡᠰ ᠬᠤᠪᠢᠶᠠᠵᠤ ᠠᠷᠭᠠᠴᠠᠬᠤ      ᠰᠢᠲᠠᠮᠠᠬᠠᠶ ᠬᠡᠢ ᠶᠢᠨ ᠠᠳᠡᠯ ᠳᠤ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠬᠤ ᠵᠠᠷᠴᠢᠮ ᠢ ᠵᠢᠷᠤᠮᠯᠠᠬᠤ ᠬᠡᠷᠡᠭᠲᠡᠶ᠃ ᠠᠳᠡᠯ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠭᠠᠴᠠᠨ  ᠰᠢᠢᠳᠪᠦᠷᠢᠯᠡᠬᠦ ᠴᠢᠳᠠᠪᠤᠷᠢ ᠠᠴᠠ ᠬᠡᠲᠦᠷᠡᠭᠰᠡᠨ ᠦ᠊ ᠡᠶ᠎ᠡ ᠳᠤ᠂ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠠᠴᠠ ᠳᠡᠮᠵᠢᠯᠭᠡ ᠬᠠᠩᠭᠠᠬᠤ ᠪᠤᠶᠤ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃ ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠠᠷᠭᠠᠴᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤᠷᠢᠳᠠᠪᠠᠷ ᠠᠷᠭᠠᠴᠠᠬᠤ ᠠᠵᠢᠯ ᠢ ᠰᠠᠶᠢᠲᠤᠷ ᠬᠢᠨ᠎ᠡ᠃ ᠨᠡᠯᠢᠶᠡᠳ ᠶᠡᠭᠡ ᠠᠳᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠠᠷᠭᠠᠴᠠᠭᠠᠵᠤ᠂ ᠡᠩ ᠤᠨ ᠠᠳᠡᠯ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠠᠷᠭᠠᠴᠠᠭᠠᠨ᠎ᠠ᠃      5.2 ᠳᠠᠭᠠᠵᠤ ᠬᠢᠬᠦ ᠶᠢ ᠳᠡᠰ ᠬᠤᠪᠢᠶᠡᠬᠤ      ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠪᠣᠯᠤᠨ ᠳᠥᠷᠪᠡᠳᠦᠭᠡᠷ ᠳᠡᠰ ᠬᠤᠪᠢᠶᠠᠵᠤ᠂ ᠨᠢᠭᠡᠳᠦᠭᠡᠷ ᠳᠡᠰ ᠨᠢ ᠬᠠᠮᠤᠭ ᠤᠨ ᠳᠡᠭᠡᠳᠦ ᠳᠡᠰ ᠪᠣᠯᠤᠨ᠎ᠠ᠃ ᠰᠢᠲᠠᠮᠠᠬᠠᠶ ᠬᠡᠶ ᠶᠢᠨ ᠠᠳᠡᠯ ᠤᠨ ᠲᠠᠰ ᠬᠤᠪᠢᠶᠠᠬᠤ ᠪᠠᠷᠢᠮᠵᠢᠶ᠎ᠠ ᠶᠣᠰᠣᠭᠠᠷ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠳᠠᠭᠠᠬᠤ ᠶᠢ ᠡᠬᠢᠯᠡᠭᠦᠯᠵᠦ᠂ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠵᠠᠷᠯᠢᠭ ᠢ ᠶᠡᠷᠦᠩᠬᠡᠶ ᠵᠢᠯᠣᠭᠤᠳᠣᠭᠴᠢ ᠠᠴᠠ ᠭᠠᠷ ᠤᠨ ᠥᠰᠥᠭ ᠵᠢᠷᠤᠵᠤ ᠶᠠᠪᠤᠭᠤᠯᠤᠨ᠎ᠠ︔ ᠭᠤᠷᠪᠠᠳᠤᠭᠠᠷ ᠳᠡᠰ᠂ ᠳᠥᠷᠪᠡᠳᠦᠭᠡᠷ ᠳᠡᠰ ᠤᠨ ᠳᠠᠭᠠᠬᠤ ᠶᠢ ᠡᠬᠢᠯᠡᠭᠦᠯᠵᠦ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠵᠠᠷᠯᠢᠭ ᠢ ᠳᠡᠳ᠋ ᠶᠡᠷᠦᠩᠬᠡᠶ ᠵᠢᠯᠣᠭᠤᠳᠣᠭᠴᠢ ᠪᠤᠶᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ᠠᠴᠠ ᠭᠠᠷ ᠤᠨ ᠥᠰᠥᠭ ᠵᠢᠷᠤᠵᠤ ᠪᠠᠭᠤᠯᠭᠠᠨ᠎ᠠ︔ ᠠᠳᠡᠯ ᠤᠨ ᠲᠣᠰ ᠪᠡᠶ᠎ᠡ ᠪᠠᠷ ᠨᠡᠯᠢᠶᠡᠳ ᠰᠡᠷᠭᠡᠭ᠂ ᠶᠠᠷᠢᠶ᠎ᠠ ᠬᠡᠯᠡᠯᠴᠡᠭᠡᠨ ᠤ ᠬᠥᠭᠵᠢᠶᠡᠨᠲᠡᠶ ᠪᠣᠯᠤᠭᠰᠠᠨ ᠪᠤᠶᠤ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠷᠠᠯ ᠵᠢᠴᠢ ᠴᠢᠬᠤᠯᠠ ᠶᠡᠭᠡ ᠠᠵᠢᠯᠯᠠᠭᠠᠨ ᠤ ᠬᠤᠭᠤᠴᠠᠭᠠᠨ ᠳᠤ ᠭᠠᠷᠤᠭᠰᠠᠨ ᠪᠠᠶᠢᠪᠠᠯ᠂ ᠪᠠᠶᠢᠳᠠᠯ ᠢ ᠦᠵᠡᠵᠦ ᠮᠡᠳᠡᠭᠦᠯᠦᠨ ᠵᠥᠪᠰᠢᠶᠡᠷᠡᠭᠦᠯᠵᠦ ᠲᠠᠰ ᠳᠡᠪᠰᠢᠭᠦᠯᠦᠨ ᠡᠬᠢᠯᠡᠭᠦᠯᠵᠦ ᠪᠣᠯᠤᠨ᠎ᠠ᠃      5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ      ᠠᠳᠡᠯ ᠭᠠᠷᠴᠤ ᠮᠡᠳᠡᠬᠦ ᠪᠤᠶᠤ ᠨᠢᠭᠡᠨᠲᠡ ᠡᠭᠦᠰᠬᠦ  ᠦᠶ᠎ᠡ ᠳᠤ᠂ ᠰᠢᠲᠠᠮᠠᠬᠠᠶ ᠬᠡᠢ ᠶᠢᠨ ᠠᠵᠤ ᠠᠬᠤᠶᠢᠯᠠᠯ ᠲᠡᠷᠡ ᠳᠠᠷᠤᠶ ᠳᠤᠨᠢ ᠲᠤᠰ ᠨᠢᠭᠡᠴᠡ ᠶᠢᠨ ᠢᠶᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠦᠯ ᠢᠶᠠᠨ ᠡᠬᠢᠯᠡᠭᠦᠯᠬᠦ ᠬᠡᠷᠡᠭᠲᠡᠶ᠃ ᠰᠢᠲᠠᠮᠠᠬᠠᠶ ᠬᠡᠢ ᠶᠢᠨ ᠳᠡᠯᠪᠡᠷᠡᠯᠲᠡ ᠶᠢᠨ ᠠᠳᠡᠯ ᠭᠠᠷᠪᠠᠯ᠂ ᠰᠢᠲᠠᠮᠠᠬᠠᠶ ᠬᠡᠢ ᠶᠢᠨ ᠠᠵᠤ ᠠᠬᠤᠶᠢᠯᠠᠯ ᠨᠢ ᠳᠠᠷᠤᠶ ᠲᠦᠷᠭᠡᠨ ᠠᠷᠭ᠎ᠠ ᠬᠡᠮᠵᠢᠶ᠎ᠡ ᠠᠪᠴᠤ᠂ ᠬᠥᠮᠦᠰ ᠢᠶᠠᠨ ᠲᠦᠷᠭᠡᠨ ᠠᠪᠤᠷᠠᠬᠤ ᠶᠢᠨ ᠬᠠᠮᠲᠤ ᠠᠳᠡᠯ ᠤᠨ ᠲᠤᠬᠠᠶ ᠶᠢᠨ ᠲᠠᠯᠠᠪᠠᠶ ᠶᠢ ᠪᠢᠲᠡᠭᠦᠮᠵᠢᠯᠡᠬᠦ ᠬᠡᠷᠡᠭᠲᠡᠶ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠲᠤᠰ ᠨᠢᠭᠡᠴᠡ ᠶᠢᠨ ᠢᠶᠠᠨ ᠲᠤᠰᠬᠠᠶ ᠮᠡᠷᠭᠡᠵᠢᠯ ᠤᠨ ᠠᠪᠤᠷᠠᠨ ᠲᠤᠰᠠᠯᠠᠬᠤ ᠡᠩᠨᠡᠭᠡ ᠶᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠵᠤ᠂ ᠬᠠᠭᠠᠯᠲᠠ ᠶᠢ ᠬᠠᠭᠠᠵᠤ ᠬᠡᠢ ᠵᠣᠭᠰᠣᠭᠠᠬᠤ᠂ ᠭᠤᠭᠤᠵᠢᠭᠳᠠᠯ ᠢ ᠡᠷᠢᠬᠦ᠂ ᠠᠶᠤᠯ ᠠᠴᠠ ᠠᠪᠤᠷᠠᠨ ᠬᠤᠷᠢᠭᠯᠠᠬᠤ ᠪᠠᠷ ᠭᠤᠤᠯᠳᠠᠯᠭ᠎ᠠ ᠪᠣᠯᠭᠠᠭᠰᠠᠨ ᠤᠷᠢᠳᠠᠪᠠᠷ  ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠦᠭᠰᠢᠭᠦᠷᠢ ᠶᠢᠨ ᠡᠬᠢ ᠶᠢ ᠬᠢᠵᠠᠭᠠᠷᠯᠠᠨ᠂ ᠠᠶᠤᠯ ᠲᠠᠢ ᠣᠷᠣᠨ ᠪᠦᠰᠡ ᠶᠢ ᠲᠣᠳᠣᠷᠬᠠᠶᠢᠯᠠᠵᠤ᠂ ᠠᠶᠤᠯ ᠲᠠᠢ ᠭᠠᠵᠠᠷ ᠲᠠᠯᠠᠪᠤᠷ ᠢ ᠪᠢᠲᠡᠭᠦᠮᠵᠢᠯᠡᠬᠦ ᠶᠢᠨ ᠬᠠᠮᠲᠤ ᠬᠡᠷᠡᠭ ᠭᠠᠷᠤᠭᠰᠠᠨ ᠭᠠᠵᠠᠷ ᠤᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠬᠡᠢ ᠶᠢᠨ ᠢᠷᠡᠯᠳᠡ ᠶᠢᠨ ᠬᠡᠢ ᠶᠢᠨ ᠠᠳᠡᠯ ᠭᠠᠷᠴᠤ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠶ ᠲᠦᠷᠭᠡᠨ ᠡᠬᠢᠯᠡᠭᠦᠯᠵᠦ᠂ ︽ᠨᠢᠭᠡᠳᠦᠯᠲᠡᠶ ᠵᠢᠯᠣᠭᠤᠳᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠬᠡᠢ ᠶᠢᠨ ᠢᠷᠡᠯᠲᠡ ᠶᠢ ᠬᠡᠷᠡᠭᠯᠡᠬᠦ᠂ ᠬᠡᠢ ᠬᠡᠷᠡᠭᠯᠡᠬᠦ ᠶᠢ ᠬᠢᠵᠠᠭᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠳᠠᠪᠠᠷ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃      5.4 ᠱᠠᠲᠤ ᠬᠤᠪᠢᠶᠠᠨ ᠰᠢᠢᠳᠪᠦᠷᠢᠯᠡᠬᠦ      5.4.1 ᠨᠢᠭᠡᠳᠦᠭᠡᠷ ᠳᠡᠰ ᠢᠶᠠᠷ ᠳᠠᠭᠠᠵᠤ ᠰᠢᠢᠳᠪᠦᠷᠢᠯᠡᠬᠦ      ᠨᠢᠭᠡᠳᠦᠭᠡᠷ ᠳᠡᠰ ᠤᠨ ᠴᠤᠤᠷᠢᠶ᠎ᠠ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠨᠢᠭᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠡᠯ᠎ᠡ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠦᠳᠲᠡᠷ ᠲᠦᠷᠭᠡᠨ ᠪᠣᠳᠠᠲᠠᠶᠢᠵᠢᠭᠤᠯᠵᠤ᠂ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠲᠤᠰᠬᠠᠶ ᠲᠥᠬᠦᠭᠡᠷᠦᠮᠵᠢ ᠪᠠ ᠡᠳ᠋ ᠪᠣᠳᠠᠰ ᠢ ᠵᠣᠬᠢᠴᠠᠭᠤᠯᠤᠨ ᠲᠤᠰᠠᠯᠠᠨ᠎ᠠ︔ ᠠᠪᠤᠷᠠᠨ ᠲᠤᠰᠠᠯᠠᠬᠤ ᠡᠳ᠋ ᠪᠣᠳᠠᠰ ᠢ ᠬᠦᠯᠢᠶᠡᠨ ᠠᠪᠬᠤ ᠪᠠ ᠬᠤᠪᠢᠶᠠᠷᠢᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠵᠣᠬᠢᠶᠠᠨ ᠪᠠᠶᠢᠭᠤᠯᠵᠤ᠂ ᠡᠷᠢᠵᠦ ᠠᠪᠤᠷᠠᠬᠤ ᠡᠭᠦᠷᠭᠡ ᠶᠢ ᠬᠤᠪᠢᠶᠠᠷᠢᠯᠠᠨ᠎ᠠ︔ ᠠᠶᠤᠯᠲᠤ ᠣᠷᠣᠨ ᠤ ᠳᠣᠲᠣᠷᠠᠬᠢ ᠤᠯᠤᠰ ᠤᠨ ᠴᠢᠬᠤᠯᠠ ᠲᠥᠬᠦᠭᠡᠷᠦᠮᠵᠢ ᠪᠠ ᠬᠠᠷᠠᠯᠲᠠ ᠳᠤ ᠴᠢᠬᠤᠯᠠ ᠪᠦᠬᠦᠢ ᠰᠡᠷᠭᠡᠶᠢᠯᠡᠨ ᠪᠠᠬᠢᠵᠢᠬᠦᠯᠬᠦ ᠵᠡᠷᠭᠡ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠤᠶᠠᠳᠠᠬᠢ ᠤᠳᠠᠭᠠᠨ ᠤ ᠠᠳᠡᠯ ᠪᠠ ᠡᠭᠦᠰᠦᠮᠡᠯ ᠭᠠᠮᠰᠢᠭ ᠢ ᠰᠡᠷᠭᠡᠶᠢᠯᠡᠨ᠎ᠡ︔ ᠬᠤᠲᠠ ᠶᠢᠨ ᠵᠢᠯᠣᠭᠤᠳᠬᠤ ᠭᠠᠵᠠᠷ ᠠᠴᠠ ᠬᠤᠲᠠ ᠶᠢᠨ ᠳᠣᠲᠣᠷᠠᠬᠢ ᠡᠬᠢ ᠪᠠᠶᠠᠯᠢᠭ ᠢ ᠰᠢᠯᠵᠢᠭᠦᠯᠦᠨ ᠲᠡᠭᠡᠭᠡᠪᠦᠷᠢᠯᠡᠬᠦ ᠳᠤ ᠴᠢᠬᠤᠯᠠ ᠲᠠᠢ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢ ᠭᠤᠶᠤᠴᠢᠯᠠᠨ᠎ᠠ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠬᠡᠷᠡᠭᠲᠡᠶ᠃      ᠵᠠᠷᠢᠮ ᠣᠨᠴᠠᠭᠠᠶ ᠬᠦᠷᠢᠶ᠎ᠡ ᠪᠤᠶᠤ ᠬᠦᠷᠢᠶ᠎ᠡ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠨᠥᠯᠥᠭᠡ ᠪᠠᠷ ᠬᠦᠨᠳᠦ ᠨᠣᠴᠢᠲᠠᠢ ᠬᠤᠲᠠ ᠶᠢᠨ ᠰᠢᠲᠠᠮᠠᠬᠠᠶ ᠬᠡᠢ ᠶᠢᠨ ᠠᠳᠡᠯ ᠭᠠᠷᠴᠤ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠬᠠᠮᠢᠶ᠎ᠠ ᠪᠦᠬᠦᠢ ᠭᠠᠵᠠᠷ ᠣᠷᠣᠨ ᠳᠤ ᠴᠠᠭ ᠲᠤᠬᠠᠢ ᠳᠤᠨᠢ ᠪᠠᠶᠢᠳᠠᠯ ᠢᠶᠠᠨ ᠮᠡᠳᠡᠭᠳᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠬᠤᠲᠠ ᠶᠢᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ ᠲᠣᠰ ᠬᠤᠲᠠ ᠳᠤ ᠬᠤᠯᠪᠣᠭᠳᠠᠪᠠᠯ᠂ ᠱᠠᠭᠠᠷᠳᠠᠯᠭ᠎ᠠ ᠶᠣᠰᠣᠭᠠᠷ ᠳᠠᠭᠠᠬᠤ ᠠᠵᠢᠯᠯᠠᠭ᠎ᠠ ᠠᠪᠤᠨ᠎ᠠ᠃      5.4.2 ᠬᠤᠶᠠᠳᠤᠭᠠᠷ ᠳᠡᠰ ᠢᠶᠠᠷ ᠳᠠᠭᠠᠵᠤ ᠰᠢᠢᠳᠪᠦᠷᠢᠯᠡᠬᠦ      ᠬᠤᠶᠠᠳᠤᠭᠠᠷ ᠳᠡᠰ ᠤᠨ ᠴᠤᠤᠷᠢᠶ᠎ᠠ ᠶᠢ ᠳᠠᠭᠠᠬᠤ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠬᠤᠶᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠪᠠᠶᠢᠳᠠᠯ ᠳᠤ ᠣᠷᠣᠵᠤ᠂ ᠶᠡᠷᠦᠩᠬᠡᠶ ᠵᠢᠯᠣᠭᠤᠳᠣᠭᠴᠢ ᠡᠯ᠎ᠡ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠠᠵᠢᠯ ᠤᠨ ᠬᠤᠷᠠᠯ ᠬᠤᠷᠠᠯᠳᠤᠭᠤᠯᠵᠤ᠂ ᠠᠳᠡᠯ ᠤᠨ ᠮᠡᠳᠡᠭᠡ ᠵᠠᠩᠭᠢ ᠶᠢ ᠵᠠᠷᠯᠠᠨ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠳᠡᠳ᠋ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠪᠠᠶᠢᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠰᠢᠭᠤ ᠰᠢᠶᠠᠨ ᠲᠣᠭᠤᠷᠢᠭ ᠠᠯᠤᠰᠯᠠᠨ᠂ ᠠᠵᠤ ᠠᠬᠤᠶᠢᠯᠠᠯ ᠠᠯᠤᠰᠯᠠᠭᠰᠠᠨ ᠰᠢᠲᠠᠮᠠᠬᠠᠶ ᠬᠡᠶ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠲᠠ ᠶᠢᠨ ᠬᠡᠪ ᠤᠨ ᠶᠣᠰᠣᠭᠠᠷ ᠬᠡᠶ ᠬᠠᠩᠭᠠᠬᠤ ᠶᠢ ᠲᠦᠷᠭᠡᠬᠡᠨ ᠰᠡᠷᠭᠦᠭᠡᠪᠡ᠃ ᠴᠢᠬᠤᠯᠠ ᠲᠠᠢ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠨᠢ ᠪᠠᠶᠢᠭᠠᠯᠢ ᠶᠢᠨ ᠰᠢᠲᠠᠮᠠᠬᠠᠶ ᠬᠡᠶ ᠶᠢᠨ ᠰᠠᠭᠤᠷᠢ ᠪᠡᠯᠡᠳᠬᠡᠮᠵᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠮᠥᠷᠭᠡᠯᠡᠨ ᠬᠠᠳᠠᠭᠠᠯᠠᠵᠤ ᠪᠠᠶᠢᠭ᠎ᠠ ᠡᠬᠢ ᠪᠠᠶᠠᠯᠢᠭ ᠢ ᠳᠣᠭᠢᠷᠠᠭᠤᠯᠤᠨ ᠬᠡᠷᠡᠭᠯᠡᠬᠦ ᠶᠢ ᠵᠣᠬᠢᠴᠠᠭᠤᠯᠵᠤ᠂ ᠰᠢᠲᠠᠮᠠᠬᠠᠶ ᠬᠡᠶ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠲᠥᠯᠥᠪᠯᠡᠭᠡ ᠲᠠᠢ ᠪᠠᠷ ᠬᠠᠩᠭᠠᠬᠤ ᠶᠢ ᠬᠡᠷᠡᠭᠵᠢᠭᠦᠯᠦᠨ᠎ᠡ︔ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠲᠥᠪᠯᠡᠷᠡᠭᠦᠯᠦᠨ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠥᠮᠥᠷᠭᠡ ᠠᠴᠠ ᠭᠠᠷᠭᠠᠬᠤ ᠶᠢ ᠲᠥᠯᠥᠪᠯᠡᠭᠡ ᠲᠠᠢ ᠪᠠᠷ ᠡᠵᠡᠮᠳᠡᠵᠦ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠬᠡᠷᠡᠭᠯᠡᠬᠦ ᠶᠢ ᠣᠷᠣᠯᠠᠭᠤᠯᠬᠤ ᠪᠡᠯᠡᠳᠬᠡᠯ᠂ ᠬᠥᠮᠦᠰ ᠢ ᠲᠠᠷᠬᠠᠭᠠᠨ ᠲᠥᠪᠬᠢᠨᠡᠭᠦᠯᠬᠦ᠂ ᠢᠳᠡᠭᠡᠨ ᠲᠣᠬᠢᠷᠠᠭᠤᠯᠬᠤ ᠪᠡᠯᠡᠳᠬᠡᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃      5.4.3 ᠭᠤᠷᠪᠠᠳᠤᠭᠠᠷ ᠳᠡᠰ ᠢᠶᠠᠷ ᠳᠠᠭᠠᠵᠤ ᠰᠢᠢᠳᠪᠦᠷᠢᠯᠡᠬᠦ      ᠭᠤᠷᠪᠠᠳᠤᠭᠠᠷ ᠳᠡᠰ ᠤᠨ ᠴᠤᠤᠷᠢᠶᠠᠲᠤᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠭᠤᠷᠪᠠᠳᠤᠭᠠᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠳᠠᠯ ᠢ ᠨᠢ ᠦᠵᠡᠵᠦ ᠪᠠᠶᠢᠭᠠᠳ ᠬᠡᠷᠡᠭ ᠭᠠᠷᠤᠭᠰᠠᠨ ᠭᠠᠵᠠᠷ ᠲᠤ ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠳᠤ ᠲᠣᠮᠢᠯᠠᠨ ᠰᠠᠭᠤᠯᠭᠠᠵᠤ ᠠᠳᠡᠯ ᠢ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠷᠡᠰ ᠰᠢᠭᠤᠷᠬᠠᠶ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠬᠥᠭᠵᠢᠯᠲᠡ ᠶᠢ ᠬᠢᠵᠠᠭᠠᠷᠯᠠᠨ᠎ᠠ᠃ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠷᠤᠶ ᠲᠦᠷᠭᠡᠨ ᠲᠣᠰ ᠱᠠᠲᠤᠨ ᠤ ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠴᠤᠤᠷᠢᠶᠠᠳᠤᠯ ᠢ ᠡᠬᠢᠯᠡᠭᠦᠯᠵᠦ᠂ ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠢᠲᠠᠮᠠᠬᠠᠶ ᠬᠡᠶ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠲᠠ ᠪᠠᠯᠭᠠᠰᠤ ᠶᠢᠨ ᠬᠡᠪ ᠤᠨ ᠬᠡᠶ ᠬᠠᠩᠭᠠᠬᠤ ᠶᠢ ᠲᠦᠷᠭᠡᠬᠡᠨ ᠰᠡᠷᠭᠦᠭᠡᠨ᠎ᠡ︔ ᠬᠤᠰᠢᠭᠤ ᠰᠢᠶᠠᠨ ᠲᠣᠭᠤᠷᠢᠭ ᠤᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠴᠢ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠢᠯᠣᠭᠤᠳᠤᠨ ᠲᠣᠮᠢᠯᠠᠵᠤ ᠠᠶᠤᠯ ᠠᠴᠠ ᠵᠠᠪᠳᠤᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︔ ᠳᠠᠷᠤᠶ ᠲᠦᠷᠭᠡᠨ ᠬᠤᠲᠠ ᠶᠢᠨ ᠵᠢᠯᠣᠭᠤᠳᠬᠤ ᠭᠠᠵᠠᠷ ᠲᠤ ᠮᠡᠳᠡᠭᠡ ᠵᠠᠩᠭᠢ ᠶᠢ ᠮᠡᠳᠡᠭᠦᠯᠵᠦ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠨᠢᠭᠡᠳᠦᠯᠲᠡᠶ ᠭᠠᠳᠠᠭᠰᠢ ᠨᠡᠶᠢᠲᠡᠯᠡᠬᠦ ᠬᠡᠷᠡᠭᠲᠡᠶ᠃      5.4.4 ᠳᠥᠷᠪᠡᠳᠦᠭᠡᠷ ᠳᠡᠰ ᠤᠨ ᠳᠠᠭᠠᠵᠤ ᠰᠢᠢᠳᠪᠦᠷᠢᠯᠡᠬᠦ      ᠳᠥᠷᠪᠡᠳᠦᠭᠡᠷ ᠳᠡᠰ ᠤᠨ ᠴᠤᠤᠷᠢᠶᠠᠳᠤᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠳᠥᠷᠪᠡᠳᠦᠭᠡᠷ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠯᠣᠭᠤᠳᠬᠤ ᠪᠠ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠢ ᠱᠠᠯᠠᠪᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠳᠤ ᠮᠡᠳᠡᠭᠳᠡᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠷᠤᠶ ᠲᠦᠷᠭᠡᠨ ᠲᠣᠰ ᠱᠠᠲᠤᠨ ᠤ ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠴᠤᠤᠷᠢᠶᠠᠳᠤᠯ ᠢ ᠡᠬᠢᠯᠡᠭᠦᠯᠵᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠪᠠᠶᠢᠭᠤᠯᠤᠨ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠦᠨᠡᠯᠡᠨ ᠵᠢᠱᠢᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ᠂ ᠡᠷᠡᠰ ᠰᠢᠭᠤᠷᠬᠠᠶ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠬᠢᠵᠠᠭᠠᠷᠯᠠᠵᠤ᠂ ᠬᠤᠲᠠ ᠪᠠᠯᠭᠠᠰᠤᠨ ᠤ ᠬᠡᠪ ᠤᠨ ᠰᠢᠲᠠᠮᠠᠬᠠᠢ ᠬᠡᠢ ᠶᠢ ᠠᠯᠢ ᠲᠦᠷᠭᠡᠨ ᠢᠶᠠᠷ ᠰᠡᠷᠭᠦᠭᠡᠨ᠎ᠡ︔ ᠠᠳᠡᠯ ᠭᠠᠷᠤᠭᠰᠠᠨ ᠭᠠᠵᠠᠷ ᠲᠤ ᠰᠡᠷᠭᠡᠶᠢᠯᠡᠯᠲᠡ ᠶᠢᠨ ᠱᠤᠭᠤᠮ ᠭᠠᠷᠭᠠᠵᠤ᠂ ᠨᠡᠶᠢᠭᠡᠮ ᠤᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠬᠡᠷᠡᠭ ᠤᠨ ᠪᠠᠶᠢᠳᠠᠯ ᠤᠨ ᠥᠷᠭᠡᠳᠬᠡᠬᠦ ᠪᠠ ᠡᠭᠦᠰᠦᠮᠡᠯ ᠠᠳᠡᠯ ᠭᠠᠷᠬᠤ ᠶᠢ ᠰᠡᠷᠭᠡᠶᠢᠯᠡᠨ᠎ᠡ      5.5 ᠮᠡᠳᠡᠭᠡ ᠵᠠᠩᠭᠢ ᠶᠢᠨ ᠨᠡᠶᠢᠲᠡᠯᠡᠯ      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠠᠢ ᠬᠠᠮᠲᠤᠷᠠᠨ᠂ ᠬᠦᠨᠳᠦ ᠶᠡᠭᠡ᠂ ᠣᠨᠴᠠᠭᠠᠢ ᠬᠦᠨᠳᠦ ᠶᠡᠭᠡ ᠠᠳᠡᠯ ᠤᠨ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃      5.6 ᠳᠠᠭᠠᠬᠤ ᠪᠠ ᠳᠠᠭᠠᠬᠤ ᠶᠢ ᠳᠠᠭᠤᠰᠬᠠᠬᠤ      ᠠᠳᠡᠯ ᠢ ᠪᠦᠲᠦᠮᠵᠢᠲᠡᠶ ᠡᠵᠡᠮᠳᠡᠵᠦ᠂ ᠠᠶᠤᠯᠲᠠᠶ ᠬᠦᠴᠦᠨ ᠵᠦᠢᠯ ᠢ ᠦᠨᠳᠦᠰᠦᠨ ᠳᠡᠭᠡᠨ ᠠᠷᠢᠯᠭᠠᠭᠰᠠᠨ ᠤ ᠳᠠᠷᠠᠭ᠎ᠠ᠂ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠵᠠᠳᠠᠯᠤᠨ ᠨᠤᠲᠠᠯᠠᠬᠤ ᠶᠢ ᠵᠣᠬᠢᠶᠠᠨ ᠪᠠᠶᠢᠭᠤᠯᠵᠤ᠂ ᠴᠤᠤᠷᠢᠶᠠᠲᠤᠨ ᠳᠠᠭᠠᠬᠤ ᠶᠢ ᠵᠣᠭᠰᠣᠭᠠᠬᠤ ᠰᠠᠨᠠᠭᠤᠯᠭ᠎ᠠ ᠳᠤᠷᠠᠳᠴᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠤᠭᠰᠠᠨ ᠢ ᠵᠠᠷᠯᠠᠬᠤ ᠶᠢᠨ ᠬᠠᠮᠲᠤ ᠬᠤᠳᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃      6  ᠬᠤᠶᠢᠨᠠᠬᠢ ᠠᠵᠢᠯ      6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠳᠡᠯ ᠤᠨ ᠰᠡᠭᠦᠯᠴᠢ ᠶᠢᠨ  ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠵᠦ᠂ ᠠᠵᠢᠯᠲᠠᠨ ᠢ ᠲᠥᠪᠬᠢᠨᠡᠭᠦᠯᠬᠦ᠂ ᠲᠥᠯᠥᠬᠦ᠂ ᠲᠠᠲᠠᠪᠤᠷᠢᠯᠠᠨ ᠬᠡᠷᠡᠭᠯᠡᠬᠦ ᠡᠳ᠋ ᠪᠣᠳᠠᠰ ᠤᠨ ᠨᠥᠬᠦᠪᠥᠷᠢ᠂ ᠳᠠᠭᠠᠳᠬᠠᠯ ᠤᠨ ᠲᠥᠯᠥᠪᠦᠷᠢ᠂ ᠪᠠᠷᠢᠯᠭ᠎ᠠ ᠶᠢ ᠰᠡᠷᠭᠦᠭᠡᠵᠦ ᠳᠠᠬᠢᠨ ᠪᠠᠶᠢᠭᠤᠯᠬᠤ ᠵᠡᠷᠭᠡ ᠶᠢ ᠪᠠᠭᠲᠠᠭᠠᠵᠤ᠂ ᠠᠳᠡᠯ ᠤᠨ ᠨᠥᠯᠥᠭᠡ ᠶᠢ ᠲᠦᠷᠭᠡᠬᠡᠨ ᠠᠷᠢᠯᠭᠠᠵᠤ᠂ ᠨᠡᠶᠢᠭᠡᠮ ᠤᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ᠃      6.2 ᠪᠠᠶᠢᠴᠠᠭᠠᠨ ᠦᠨᠡᠯᠡᠨ ᠵᠢᠱᠢᠬᠦ      ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠠᠳᠡᠯ ᠤᠨ ᠵᠡᠷᠭᠡ ᠳᠡᠰ ᠶᠣᠰᠣᠭᠠᠷ ᠠᠳᠡᠯ ᠤᠨ ᠵᠣᠬᠢᠶᠠᠨ ᠪᠠᠶᠢᠭᠤᠯᠤᠯᠲᠠ ᠳᠤ ᠪᠠᠶᠢᠴᠠᠭᠠᠯᠲᠠ ᠬᠢᠵᠦ ᠦᠨᠡᠯᠡᠨ ᠵᠢᠱᠢᠯᠲᠡ ᠬᠢᠬᠦ ᠶᠢ ᠬᠠᠷᠢᠭᠤᠴᠠᠵᠤ᠂ ᠠᠳᠡᠯ ᠤᠨ ᠰᠢᠯᠲᠠᠭᠠᠨ᠂ ᠰᠢᠨᠵᠢ ᠴᠢᠨᠠᠷ᠂ ᠬᠠᠷᠢᠭᠤᠴᠠᠯᠭ᠎ᠠ ᠶᠢ ᠵᠠᠳᠠᠯᠵᠤ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠨ᠂  ᠡᠶᠢᠮᠦᠷᠬᠦᠦ ᠠᠳᠡᠯ ᠭᠠᠷᠬᠤ ᠶᠢ ᠰᠡᠷᠭᠡᠶᠢᠯᠡᠬᠦ ᠰᠠᠨᠠᠯ ᠳᠤᠷᠠᠳᠬᠤ ᠬᠡᠷᠡᠭᠲᠡᠶ᠃ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠳᠤ ᠬᠤᠯᠪᠣᠭᠳᠠᠪᠠᠯ᠂ ︽ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ  ᠰᠢᠢᠳᠪᠦᠷᠢᠯᠡᠬᠦ ᠳᠦᠷᠢᠮ︾ ᠤᠨ ᠲᠣᠭᠲᠠᠭᠠᠯ ᠶᠣᠰᠣᠭᠠᠷ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃      7 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ      7.1 ᠴᠢᠮᠡᠭᠡ ᠬᠤᠯᠪᠣᠭᠠᠨ ᠤ ᠪᠠᠲᠤᠯᠠᠭ᠎ᠠ      ᠡᠯ᠎ᠡ ᠱᠠᠲᠤᠨ ᠤ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠤ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃      7.2 ᠡᠩᠨᠡᠭᠡ ᠶᠢᠨ ᠪᠠᠳᠣᠯᠠᠭ᠎ᠠ      ᠡᠯ᠎ᠡ ᠱᠠᠲᠤᠨ ᠤ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠨᠤᠭᠤᠳ ᠲᠤᠰᠬᠠᠶ ᠮᠡᠷᠭᠡᠵᠢᠯᠲᠡᠨ ᠤ ᠬᠥᠮᠥᠷᠭᠡ ᠵᠢᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠩᠭᠢ ᠶᠢᠨ ᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠨᠢ ᠠᠶᠤᠯ ᠠᠴᠠ ᠠᠪᠤᠷᠠᠬᠤ ᠲᠤᠰᠬᠠᠶ ᠠᠵᠢᠯᠲᠠᠨ ᠳᠣᠭᠢᠷᠠᠭᠤᠯᠵᠤ᠂ ᠠᠶᠤᠯ ᠠᠴᠠ ᠠᠪᠤᠷᠠᠵᠤ ᠰᠡᠯᠪᠢᠨ ᠵᠠᠰᠠᠬᠤ ᠲᠣᠨᠤᠭ ᠲᠥᠬᠦᠭᠡᠷᠦᠮᠵᠢ ᠡᠳ᠋ ᠪᠣᠳᠠᠰ ᠢ ᠭᠦᠢᠴᠡᠳ ᠳᠣᠭᠢᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠬᠤᠭᠤᠴᠠᠭᠠᠨ ᠳᠤ᠂ ᠬᠤᠲᠠ ᠶᠢᠨ ᠵᠢᠯᠣᠭᠤᠳᠬᠤ ᠭᠠᠵᠠᠷ ᠤᠨ ᠵᠢᠭᠠᠪᠤᠷᠢ ᠶᠢᠨ ᠶᠣᠰᠣᠭᠠᠷ ᠲᠤᠬᠠᠶ ᠶᠢᠨ ᠲᠠᠯᠠᠪᠤᠷ ᠲᠤ ᠬᠦᠷᠴᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃      7.3 ᠡᠳ᠋ ᠪᠠᠷᠠᠭ᠎ᠠ ᠶᠢᠨ ᠪᠠᠲᠤᠯᠠᠭ᠎ᠠ      ᠬᠤᠰᠢᠭᠤ ᠰᠢᠶᠠᠨ ᠲᠣᠭᠤᠷᠢᠭ ᠤᠨ ᠰᠢᠲᠠᠮᠠᠬᠠᠶ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠬᠥᠳᠡᠯᠦᠩᠭᠦᠶ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠠᠶᠤᠯ ᠠᠴᠠ ᠵᠠᠪᠳᠤᠨ ᠵᠠᠰᠠᠬᠤ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠥᠷᠥᠯ ᠬᠡᠯᠪᠡᠷᠢ᠂ ᠲᠤᠭ᠎ᠠ ᠬᠡᠮᠵᠢᠶ᠎ᠡ ᠵᠢᠴᠢ ᠲᠠᠷᠬᠠᠯᠲᠠ ᠶᠢᠨ ᠭᠠᠵᠠᠷ ᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠬᠤ ᠦᠶ᠎ᠡ ᠳᠤ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃      ᠰᠢᠲᠠᠮᠠᠬᠠᠶ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠤᠳ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠭᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠭᠦᠢᠴᠡᠳ ᠬᠡᠮᠵᠢᠶᠡᠨ ᠤ ᠡᠳ᠋ ᠪᠠᠷᠠᠭ᠎ᠠ ᠲᠣᠨᠣᠭᠯᠠᠯ ᠢ ᠭᠦᠢᠴᠡᠳ ᠲᠣᠬᠢᠷᠠᠭᠤᠯᠵᠤ᠂ ᠬᠠᠮᠢᠶᠠᠷᠬᠤ᠂ ᠬᠠᠮᠠᠭᠠᠯᠠᠬᠤ᠂ ᠠᠷᠠᠴᠢᠯᠠᠬᠤ ᠪᠠ ᠪᠠᠶᠢᠴᠠᠭᠠᠨ ᠬᠡᠮᠵᠢᠬᠦ ᠵᠡᠷᠭᠡ ᠳᠦᠷᠢᠮ ᠢ ᠪᠠᠶᠢᠭᠤᠯᠵᠤ᠂ ᠬᠠᠮᠠᠭᠠᠯᠠᠬᠤ ᠪᠠ ᠰᠢᠨᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      7.4 ᠵᠠᠮ ᠬᠠᠷᠢᠯᠴᠠᠭᠠᠨ ᠤ ᠪᠠᠲᠤᠯᠠᠭ᠎ᠠ      ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠠᠮ ᠭᠠᠷᠭᠠᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠡᠷᠭᠡ ᠬᠥᠰᠬᠡ ᠶᠢ ᠡᠩ ᠲᠡᠷᠢᠭᠦᠨ ᠳᠤ ᠲᠣᠬᠢᠷᠠᠭᠤᠯᠬᠤ᠂ ᠲᠣᠬᠢᠷᠠᠭᠤᠯᠬᠤ ᠪᠠ ᠲᠠᠯᠪᠢᠵᠤ ᠶᠠᠪᠤᠭᠤᠯᠬᠤ ᠬᠡᠷᠡᠭᠲᠡᠶ᠃      8 ᠪᠡᠯᠡᠳᠭᠡᠯ ᠳᠥᠰᠥᠯ ᠤᠨ ᠬᠠᠮᠢᠶᠡᠷᠦᠯᠳᠡ      8.1 ᠤᠬᠠᠭᠤᠯᠭ᠎ᠠ ᠪᠣᠯᠪᠠᠰᠤᠷᠠᠯ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠰᠢᠲᠠᠮᠠᠬᠠᠶ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠶ ᠬᠡᠢ ᠶᠢᠨ ᠦᠨᠳᠦᠰᠦᠨ ᠶᠡᠷᠦ ᠶᠢᠨ ᠮᠡᠳᠡᠯᠭᠡ᠂ ᠠᠶᠤᠯ ᠦᠭᠡᠶ ᠪᠠᠷ ᠠᠵᠢᠯᠯᠠᠭᠤᠯᠬᠤ ᠳᠦᠷᠢᠮ ᠲᠣᠭᠲᠠᠭᠠᠯ ᠪᠣᠯᠤᠨ ᠰᠢᠲᠠᠮᠠᠬᠠᠶ ᠬᠡᠢ ᠶᠢᠨ ᠠᠳᠡᠯ ᠢ  ᠰᠢᠢᠳᠪᠦᠷᠢᠯᠡᠬᠦ ᠠᠷᠭ᠎ᠠ ᠶᠢᠨ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠬᠤᠯᠪᠣᠭᠳᠠᠯ ᠪᠦᠬᠦᠢ ᠬᠥᠮᠦᠰ ᠲᠤ ᠪᠣᠯᠪᠠᠰᠤᠷᠠᠭᠤᠯᠤᠯ ᠥᠷᠨᠢᠭᠦᠯᠦᠨ᠂ ᠠᠶᠤᠯ ᠦᠭᠡᠶ ᠪᠠᠷ ᠬᠡᠢ ᠬᠡᠷᠡᠭᠯᠡᠬᠦ ᠦᠵᠡᠯ ᠤᠬᠠᠮᠰᠠᠷ ᠪᠣᠯᠤᠨ ᠠᠳᠡᠯ ᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃      8.2 ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ      ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠪᠰᠢᠭᠦᠯᠦᠨ ᠵᠠᠰᠠᠪᠤᠷᠢ ᠣᠷᠣᠭᠤᠯᠬᠤ ᠪᠠ ᠲᠣᠰ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃      8.3 ᠬᠠᠷᠢᠭᠤᠴᠠᠯᠭ᠎ᠠ ᠨᠡᠬᠡᠮᠵᠢᠯᠡᠬᠦ      ᠠᠳᠡᠯ ᠢ ᠰᠢᠢᠳᠪᠦᠷᠢᠯᠡᠬᠦ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠲᠤᠰᠢᠶᠠᠯ ᠢᠶᠠᠨ ᠭᠤᠲᠤᠭᠠᠭᠰᠠᠨ᠂ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠵᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠨᠢᠭᠡᠴᠡ ᠪᠣᠯᠣᠨ ᠬᠥᠮᠥᠰ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ︔ ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠠᠭᠠᠯᠳᠤᠭᠤᠯᠤᠭᠰᠠᠨ ᠳᠦᠷᠢᠮ      ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ