ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ ᠤᠨ ᠮᠡᠳᠡᠭᠳᠡᠯ
ᠨᠡᠶᠢᠲᠡᠯᠡᠭᠰᠡᠨ ᠴᠠᠭ᠄
2023/10/11
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠲᠣᠭᠤᠷᠢᠭ ᠤᠨ ᠬᠠᠮᠢᠶᠠᠷᠤᠯᠲᠠ ︵ᠪᠡᠯᠡᠳᠬᠡᠬᠦ︶ ᠶᠢᠨ ᠵᠥᠪᠯᠡᠯ ᠤᠨ ᠠᠯᠪᠠᠨ ᠬᠡᠷ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                       ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2023 ᠣᠨ ᠤ 8 ᠰᠠᠷ᠎ᠠ ᠶᠢᠨ 3 ᠤ ᠡᠳᠦᠷ︵ᠲᠤᠰ ᠵᠦᠢᠯ ᠢ ᠢᠯᠡ ᠪᠠᠷ ᠨᠡᠶᠢᠲᠡᠯᠡᠵᠡᠢ᠃︶      ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯᠭᠠᠷᠴᠠᠭ1 ᠶᠡᠷᠦᠩᠭᠡᠢ ᠳᠥᠷᠢᠮ1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ1.3 ᠬᠡᠷᠡᠭᠯᠡᠬᠦ ᠬᠡᠪᠴᠢᠶ᠎ᠡ1.4 ᠠᠵᠢᠯ ᠤᠨ ᠵᠠᠷᠴᠢᠮ2 ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠢᠯᠣᠭᠤᠳᠬᠤ ᠰᠢᠰᠲ᠋ᠧᠮᠵᠢ ᠪᠣᠯᠤᠨ ᠡᠭᠦᠷᠭᠡ ᠬᠠᠷᠢᠭᠤᠴᠠᠯᠭ᠎ᠠ2.1 ᠬᠤᠳᠡ ᠶᠢᠨ ᠳᠡᠰ ᠤᠨ ᠳᠡᠰ ᠲᠠᠪᠬᠤᠷᠭ᠎ᠠ ᠶᠢᠨ ᠵᠤᠬᠢᠶᠡᠨ ᠪᠠᠶᠢᠭᠤᠯᠵᠤ ᠵᠢᠯᠥᠭᠤᠳᠬᠤ ᠪᠠᠶᠢᠭᠤᠯᠥᠮᠵᠢ2.2 ᠬᠤᠰᠢᠭᠤ ᠰᠢᠶᠡᠨ ᠤ ᠱᠠᠳᠣᠨ ᠤ ᠪᠠᠴᠢᠮ ᠪᠠᠶᠢᠳᠡᠯ ᠢ ᠠᠷᠭᠠᠴᠠᠵᠦ ᠠᠪᠤᠷᠡᠨ ᠲᠣᠰᠠᠯᠠᠬᠤ ᠵᠢᠯᠥᠭᠤᠳᠬᠤ ᠪᠠᠶᠢᠭᠤᠯᠥᠮᠵᠢ2.3 ᠨᠡᠬᠦᠷᠡᠰᠦᠨ ᠠᠭᠤᠷᠬᠠᠢ ᠶᠢᠨ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠵᠦ ᠠᠪᠤᠷᠡᠨ ᠲᠣᠰᠠᠯᠠᠬᠤ ᠵᠢᠯᠥᠭᠤᠳᠬᠤ ᠪᠠᠶᠢᠭᠤᠯᠥᠮᠵᠢ3 ᠬᠢᠨᠡᠨ ᠰᠢᠨᠵᠢᠵᠦ ᠰᠡᠷᠡᠮᠵᠢᠯᠡᠬᠦᠯᠬᠦ3.1 ᠳᠥᠭᠰᠢᠬᠦᠷᠢ ᠶᠢᠨ ᠬᠢᠨᠡᠨ ᠰᠢᠨᠵᠢᠯᠲᠡ3.2 ᠰᠡᠷᠡᠮᠵᠢᠯᠡᠬᠦᠯᠬᠦ ᠳᠡᠰ ᠬᠤᠪᠢᠶᠠᠬᠤ3.3 ᠰᠡᠷᠡᠮᠵᠢᠯᠡᠬᠦᠯᠦᠯ ᠨᠡᠶᠢᠲᠡᠯᠡᠬᠦ3.4 ᠰᠡᠷᠡᠮᠵᠢᠯᠡᠬᠦᠯᠬᠦ ᠠᠵᠢᠯᠯᠠᠭ᠎ᠠ3.5 ᠰᠡᠷᠡᠮᠵᠢᠯᠡᠬᠦᠯᠦᠯ ᠠᠴᠠ ᠲᠠᠶᠢᠯᠬᠤ4 ᠠᠳᠡᠭᠳᠡᠯ ᠤᠨ ᠮᠡᠳᠡᠭᠦᠯᠦᠯᠲᠡ4.1 ᠠᠳᠡᠭᠳᠡᠯ ᠤᠨ ᠳᠡᠰ4.2 ᠠᠳᠠᠯ ᠤᠨ ᠮᠡᠳᠡᠬᠦᠯᠦᠯᠳᠠ4.3 ᠮᠡᠳᠡᠭᠦᠯᠦᠯᠲᠡ ᠶᠢᠨ ᠠᠭᠤᠯᠭ᠎ᠠ5 ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ5.1 ᠳᠡᠰ ᠬᠤᠪᠢᠶᠠᠵᠤ ᠠᠷᠭᠠᠴᠠᠬᠤ5.2 ᠱᠠᠲᠤ ᠬᠤᠪᠢᠶᠠᠨ ᠳᠠᠭᠠᠬᠤ5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ5.4 ᠱᠠᠲᠤ ᠬᠤᠪᠢᠶᠠᠨ ᠰᠢᠢᠳᠪᠦᠷᠢᠯᠡᠬᠦ5.5 ᠲᠣᠬᠠᠢ ᠶᠢᠨ ᠳᠡᠯᠡᠪᠡᠢ ᠳᠤ ᠰᠢᠢᠳᠪᠦᠷᠢᠯᠡᠬᠦ ᠭᠤᠤᠯᠳᠡᠯᠭ᠎ᠠ5.6 ᠮᠡᠳᠡᠭᠡ ᠵᠠᠩᠭᠢ ᠶᠢᠨ ᠨᠡᠶᠢᠲᠡᠯᠡᠯ5.7 ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠪᠠ6  ᠬᠤᠶᠢᠨᠠᠬᠢ ᠠᠵᠢᠯ6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ6.2 ᠦᠢᠯᠡᠳᠪᠦᠷᠢᠯᠡᠯ ᠪᠠ ᠪᠦᠲᠦᠭᠡᠨ ᠪᠠᠶᠢᠭᠤᠯᠤᠯᠲᠠ ᠶᠢ ᠰᠡᠷᠭᠦᠭᠡᠨ᠎ᠡ7 ᠪᠠᠢᠴᠠᠭᠠᠯᠳᠠ ᠵᠠᠳᠠᠯᠤᠯᠳᠠ8 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ8.1 ᠴᠢᠮᠡᠭᠡ ᠬᠤᠯᠪᠣᠭᠠᠨ ᠤ ᠪᠠᠲᠤᠯᠠᠭ᠎ᠠ8.2 ᠡᠩᠨᠡᠭᠡ ᠶᠢᠨ ᠪᠠᠲᠤᠯᠠᠭ᠎ᠠ8.3 ᠮᠡᠷᠭᠡᠵᠢᠯ ᠬᠢᠭᠡᠳ ᠲᠣᠨᠣᠭᠯᠠᠯ ᠤᠨ ᠪᠠᠲᠤᠯᠠᠭ᠎ᠠ8.4 ᠲᠡᠭᠡᠭᠡᠪᠦᠷᠢ ᠶᠢᠨ ᠪᠠᠲᠤᠯᠠᠭ᠎ᠠ8.5 ᠡᠮᠴᠢᠯᠡᠬᠡᠨ ᠡᠷᠡᠬᠦᠯ ᠬᠠᠮᠠᠭᠠᠯᠠᠯ ᠤᠨ ᠪᠠᠳᠣᠯᠠᠭ᠎ᠠ8.6 ᠡᠳ᠋ ᠪᠣᠳᠠᠰ ᠤᠨ ᠪᠠᠲᠤᠯᠠᠭ᠎ᠠ8.7 ᠵᠠᠷᠤᠳᠠᠯ ᠤᠨ ᠪᠠᠲᠤᠯᠠᠭ᠎ᠠ9 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠬᠢᠭᠡᠳ ᠵᠣᠯᠭᠠᠯᠳᠤᠯ10 ᠳᠠᠭᠠᠯᠲᠠ ᠳᠦᠷᠢᠮ10.1 ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠳᠬᠡᠯ10.2 ᠤᠬᠠᠭᠤᠯᠭ᠎ᠠ᠂ ᠪᠣᠯᠪᠠᠰᠤᠷᠠᠭᠤᠯᠤᠯ ᠪᠠ ᠰᠣᠷᠢᠯᠲᠠ10.3 ᠪᠡᠯᠡᠳᠭᠡᠯ ᠲᠦᠰᠦᠯ ᠤᠨ ᠲᠠᠢᠯᠪᠤᠷᠢᠯᠠᠯᠲᠠ10.4 ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠬᠤᠭᠤᠴᠠᠭ᠎ᠠ      1 ᠶᠡᠷᠦᠩᠭᠡᠢ ᠳᠥᠷᠢᠮ      1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ      ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠠᠵᠢᠯ ᠢ ᠵᠢᠷᠤᠮᠵᠢᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠬᠤ ᠰᠠᠯᠠᠭ᠎ᠠ ᠮᠥᠴᠢᠷ ᠤᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠠᠵᠢᠯ ᠤᠨ ᠳᠤᠮᠳᠠᠬᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠠᠵᠢᠯ ᠢ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠷ ᠥᠷᠨᠢᠭᠦᠯᠵᠦ᠂  ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠂ ︽ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠪᠠ ᠰᠢᠢᠳᠪᠦᠷᠢᠯᠡᠬᠦ ᠠᠷᠭ᠎ᠠ︾᠂ ︽ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠂ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾᠂ ︽ᠠᠭᠤᠷᠬᠠᠢ ᠶᠢᠨ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠬᠤ ᠲᠤᠬᠠᠢ ᠲᠣᠭᠲᠠᠭᠠᠯ ᠤᠳ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠥᠯ   ︵ᠲᠤᠷᠰᠢᠨ ᠬᠡᠷᠡᠭᠵᠢᠭᠦᠯᠬᠦ︶ ︾᠂  ︽ᠥᠪᠥᠷ  ᠮᠣᠩᠭᠤᠯ  ᠤᠨ ᠥᠪᠡᠷᠲᠡᠭᠡᠨ  ᠵᠠᠰᠠᠬᠤ  ᠣᠷᠣᠨ  ᠤ ᠠᠶᠤᠯ  ᠦᠭᠡᠢ  ᠦᠢᠯᠡᠳᠪᠦᠷᠢᠯᠡᠯ  ᠤᠨ  ᠠᠳᠡᠯ  ᠤᠨ  ᠪᠠᠴᠢᠮ  ᠪᠠᠶᠢᠳᠠᠯ  ᠢ  ᠠᠷᠭᠠᠴᠠᠬᠤ  ᠪᠡᠯᠡᠳᠬᠡᠯ   ᠲᠥᠰᠥᠯ  ︵2017 ᠣᠨ ᠤ ᠵᠠᠰᠠᠪᠤᠷᠢ ᠣᠷᠣᠭᠤᠯᠤᠭᠰᠠᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠤᠰ ᠪᠡᠯᠡᠳᠬᠡᠯ ᠲᠥᠰᠥᠯ ᠢ ᠲᠣᠭᠲᠠᠭᠠᠪᠠ᠃      1.3 ᠬᠡᠷᠡᠭᠯᠡᠬᠦ ᠬᠡᠪᠴᠢᠶ᠎ᠡ      ᠲᠣᠰ ᠪᠡᠯᠡᠳᠬᠡᠯ ᠲᠥᠰᠦᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ︵ᠳᠣᠷᠣᠭᠰᠢ ᠨᠡᠭᠦᠷᠡᠰᠦᠨ ᠠᠭᠤᠷᠬᠠᠢ ᠶᠢᠨ  ᠠᠳᠡᠯ ᠭᠡᠵᠦ ᠲᠣᠪᠴᠢᠯᠠᠨ᠎ᠠ︶ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠲᠣᠬᠢᠷᠠᠨ᠎ᠠ᠃      1.4 ᠠᠵᠢᠯ ᠤᠨ ᠵᠠᠷᠴᠢᠮ      ︵1︶ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠡᠭᠦᠷᠡᠰᠦᠨ ᠠᠭᠤᠷᠬᠠᠶ ᠶᠢᠨ ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ︵2︶ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦ ᠶᠢᠨ ᠪᠠ ᠳᠠᠶᠢᠨ ᠤ ᠦᠶ᠎ᠡ ᠶᠢᠨ ᠤᠶᠠᠯᠳᠤᠯ ᠢ ᠪᠠᠷᠢᠮᠲᠠᠯᠠᠵᠤ᠃ ︽ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ᠂ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠷᠢᠯᠴᠠᠨ ᠤᠶᠠᠯᠳᠤᠭᠤᠯᠬᠤ᠂ ᠡᠳᠦᠷ ᠲᠤᠲᠤᠮ ᠤᠨ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠵᠤ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ᠂ ᠲᠥᠰᠦᠭᠡᠯᠡᠬᠦ᠂ ᠰᠡᠷᠡᠮᠵᠢᠯᠡᠭᠦᠯᠬᠦ᠂ ᠤᠷᠢᠳᠴᠢᠯᠠᠨ ᠮᠡᠳᠡᠭᠡᠯᠡᠬᠦ ᠠᠵᠢᠯ ᠵᠢᠴᠢ ᠬᠡᠪ ᠤᠨ ᠪᠠᠶᠢᠳᠠᠯ ᠳᠣᠤᠷᠠᠬᠢ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠡᠳ᠋ ᠪᠣᠳᠠᠰ ᠨᠥᠭᠡᠴᠡᠯᠡᠬᠦ᠂ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃      ︵3︶ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ ᠶᠢ ᠪᠠᠷᠢᠮᠲᠠᠯᠠᠬᠤ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠤᠳᠤᠷᠢᠳᠬᠤ ᠶᠢ ᠬᠠᠷᠢᠭᠤᠴᠠᠵᠤ ᠂ ᠡᠯ᠎ᠡ ᠬᠤᠰᠢᠭᠤ ᠰᠢᠶᠠᠨ ︵ᠲᠣᠭᠤᠷᠢᠭ︶︶ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠨᠡᠭᠦᠷᠡᠰᠦᠨ ᠠᠭᠤᠷᠬᠠᠶ ᠶᠢᠨ ᠠᠳᠡᠯ ᠤᠨ ᠵᠡᠷᠭᠡ ᠳᠡᠰ ᠪᠣᠯᠤᠨ ᠬᠦᠨᠳᠦ ᠨᠣᠴᠢᠲᠠᠶ ᠬᠡᠮᠵᠢᠶ᠎ᠡ ᠶᠢ ᠦᠨᠳᠦᠰᠦᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠲᠤᠰ ᠵᠣᠬᠢᠴᠠᠩᠭᠤᠶ ᠪᠦᠬᠦᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠠᠶᠤᠯ ᠦᠭᠡᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ︵4︶ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠬᠠᠮᠵᠢᠯᠴᠠᠨ ᠬᠠᠮᠵᠢᠯᠴᠠᠬᠤ ᠶᠢ ᠪᠠᠷᠢᠮᠲᠠᠯᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠵᠤ  ᠰᠢᠢᠳᠪᠦᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠶᠢ ᠨᠢᠭᠡᠳᠦᠯᠲᠡᠶ ᠵᠣᠬᠢᠴᠠᠭᠤᠯᠵᠤ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠯᠤᠭ᠎ᠠ ᠨᠢᠭᠲᠠ ᠬᠠᠮᠵᠢᠯᠴᠠᠨ᠂ ᠵᠢᠯᠣᠭᠤᠳᠬᠤ ᠪᠠ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ᠃ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ ᠤᠳ ᠲᠣᠰ ᠪᠡᠯᠡᠳᠬᠡᠯ ᠲᠥᠰᠦᠯ ᠳᠤ ᠲᠣᠳᠣᠷᠬᠠᠶᠢᠯᠠᠭᠰᠠᠨ ᠬᠠᠷᠢᠭᠤᠴᠠᠯᠭ᠎ᠠ᠂ ᠡᠭᠦᠷᠭᠡ ᠶᠢᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠶ᠃      ︵5︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠬᠠᠤᠯᠢ ᠶᠣᠰᠣᠭᠠᠷ ᠵᠢᠷᠤᠮᠵᠢᠭᠤᠯᠬᠤ ᠶᠢ ᠪᠠᠷᠢᠮᠲᠠᠯᠠᠵᠤ᠃ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠳᠤ ᠲᠦᠰᠢᠭᠯᠡᠨ᠂ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠂ ᠪᠡᠯᠡᠳᠬᠡᠮᠵᠢ ᠪᠠ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠵᠢᠷᠤᠮᠵᠢᠭᠤᠯᠵᠤ᠂ ᠲᠤᠰᠬᠠᠶ ᠮᠡᠷᠭᠡᠵᠢᠯᠲᠡᠨ ᠤ ᠡᠩᠨᠡᠭᠡ ᠪᠣᠯᠤᠨ ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠷᠢᠳᠴᠢᠯᠠᠭᠰᠠᠨ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃      2 ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠢᠯᠣᠭᠤᠳᠬᠤ ᠰᠢᠰᠲ᠋ᠧᠮᠵᠢ ᠪᠣᠯᠤᠨ ᠡᠭᠦᠷᠭᠡ ᠬᠠᠷᠢᠭᠤᠴᠠᠯᠭ᠎ᠠ      2.1 ᠬᠤᠳᠡ ᠶᠢᠨ ᠳᠡᠰ ᠤᠨ ᠳᠡᠰ ᠲᠠᠪᠬᠤᠷᠭ᠎ᠠ ᠶᠢᠨ ᠵᠤᠬᠢᠶᠡᠨ ᠪᠠᠶᠢᠭᠤᠯᠵᠤ ᠵᠢᠯᠥᠭᠤᠳᠬᠤ ᠪᠠᠶᠢᠭᠤᠯᠥᠮᠵᠢ      2.1.1 ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ      ᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ︵ᠳᠣᠷᠣᠭᠰᠢ ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠶᠡᠷᠦᠩᠬᠡᠢ ᠵᠢᠯᠣᠭᠤᠳᠣᠭᠴᠢ ᠶᠢ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠢ ᠵᠢᠯᠣᠭᠤᠳᠣᠭᠴᠢ ᠶᠢ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ ᠵᠢᠴᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃ ᠪᠦᠷᠢᠯᠳᠦᠭᠦᠨ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠠᠪᠤᠷᠠᠨ ᠲᠤᠰᠠᠯᠠᠬᠤ ᠰᠠᠯᠪᠤᠷᠢ ᠠᠩᠭᠢ᠂ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠪᠠᠶᠠᠨᠨᠠᠭᠤᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠠᠶᠠᠨᠨᠠᠭᠤᠷ ᠤᠨ ᠬᠤᠪᠢᠶᠠᠷᠢ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠡᠭᠦᠷᠭᠡᠯᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      ︵1︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ︔      ︵2︶ ᠳᠡᠭᠡᠳᠦ ᠱᠠᠲᠤᠨ ᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠬᠦᠨᠳᠦ ᠶᠡᠭᠡ᠂ ᠣᠨᠴᠠᠭᠠᠢ ᠬᠦᠨᠳᠦ ᠶᠡᠭᠡ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠨᠡᠯᠢᠶᠡᠳ ᠶᠡᠭᠡ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔      ︵3 ︶ ᠬᠤᠰᠢᠭᠤ ᠰᠢᠶᠠᠨ ︵ᠲᠣᠭᠤᠷᠢᠭ︶ ᠵᠢᠯᠣᠭᠤᠳᠬᠤ ᠬᠤᠰᠢᠭᠤ ᠰᠢᠶᠠᠨ ︵ᠲᠣᠭᠤᠷᠢᠭ︶︶ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠩ ᠤᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔      ︵4︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠠᠳᠡᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢ ᠭᠥᠯᠢᠶᠡᠨ ᠠᠪᠴᠤ ᠤᠯᠠᠮᠵᠢᠯᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔      ︵5︶ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠪᠠ ᠬᠥᠷᠰᠢ ᠵᠡᠷᠭᠡᠯᠡᠳᠡᠭᠡ ᠠᠶᠢᠮᠠᠭ ᠬᠤᠲᠠ ᠳᠤ ᠲᠤᠰᠠᠯᠠᠮᠵᠢ ᠭᠤᠶᠤᠴᠢᠯᠠᠨ᠎ᠠ︔      ︵6︶ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠬᠢᠷᠠᠭᠤᠯᠤᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠰ ᠪᠡᠯᠡᠳᠬᠡᠯ ᠲᠥᠰᠦᠯ ᠳᠤ ᠵᠢᠭᠰᠠᠭᠠᠭᠰᠠᠨ ᠥᠬᠡᠶ ᠰᠠᠯᠠᠭ᠎ᠠ ᠮᠥᠴᠢᠷ ᠨᠢᠭᠡᠴᠡ᠂ ᠬᠤᠲᠠ ᠶᠢᠨ ᠵᠢᠯᠣᠭᠤᠳᠬᠤ ᠭᠠᠵᠠᠷ ᠤᠨ ᠵᠠᠷᠯᠢᠭ ᠢ ᠦᠨᠳᠦᠰᠦᠯᠡᠨ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ︵ᠬᠤᠲᠠ ᠶᠢᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠳᠠᠭᠠᠯᠳᠤᠭᠤᠯᠤᠯ 1 ᠳᠤ ᠦᠵᠡ︶      2.1.2 ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠬᠤᠲᠠ ᠶᠢᠨ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃      ᠭᠤᠣᠯ ᠡᠭᠦᠷᠭᠡ ᠬᠠᠷᠢᠭᠤᠴᠠᠯᠭ᠎ᠠ᠄      ︵1︶ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ︔      ︵2︶ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠶᠢ ᠴᠤᠭᠯᠠᠭᠤᠯᠤᠨ ᠮᠡᠳᠡᠭᠦᠯᠬᠦ ᠶᠢᠨ ᠬᠠᠮᠲᠤ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠪᠣᠯᠤᠨ ᠬᠡᠷᠡᠭ ᠭᠠᠷᠤᠭᠰᠠᠨ ᠭᠠᠵᠠᠷ ᠤᠨ ᠵᠠᠰᠠᠭ ᠤᠨ ᠣᠷᠳᠣᠨ ᠳᠤ ᠮᠡᠳᠡᠭᠳᠡᠨ᠎ᠡ᠃      ︵3︶ ᠬᠤᠲᠠ ᠶᠢᠨ ᠵᠢᠯᠣᠭᠤᠳᠬᠤ ᠭᠠᠵᠠᠷ ᠤᠨ ᠵᠢᠭᠠᠪᠤᠷᠢ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔      ︵4︶ ᠬᠤᠲᠠ ᠶᠢᠨ ᠵᠢᠯᠣᠭᠤᠳᠬᠤ ᠭᠠᠵᠠᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠡᠭᠦᠷᠭᠡᠯᠡᠨ᠎ᠡ᠃      2.1.3 ᠬᠤᠲᠠ ᠶᠢᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ      ᠬᠤᠲᠠ ᠶᠢᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠦᠷᠦᠭᠦᠯᠡᠨ ᠵᠣᠬᠢᠶᠠᠨ ᠪᠠᠶᠢᠭᠤᠯᠵᠤ ᠬᠠᠮᠢᠶᠠᠷᠤᠨ᠎ᠠ᠃      ᠭᠤᠣᠯ ᠡᠭᠦᠷᠭᠡ ᠬᠠᠷᠢᠭᠤᠴᠠᠯᠭ᠎ᠠ᠄      ︵1︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠳᠤ ᠲᠥᠷᠥ ᠶᠢᠨ ᠪᠣᠳᠣᠯᠭ᠎ᠠ ᠪᠠ ᠮᠡᠷᠭᠡᠵᠢᠯ ᠤᠨ ᠳᠡᠮᠵᠢᠯᠭᠡ ᠬᠠᠩᠭᠠᠨ᠎ᠠ︔      ︵2︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠰᠣᠷᠢᠯᠲᠠ ᠬᠢᠬᠦ ᠵᠢᠴᠢ ᠵᠠᠰᠠᠪᠤᠷᠢ ᠣᠷᠣᠭᠤᠯᠬᠤ ᠳᠤ ᠣᠷᠣᠯᠴᠠᠨ᠎ᠠ︔      ︵3︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠨ᠎ᠠ᠃      2.1.4 ᠲᠣᠬᠠᠢ ᠶᠢᠨ ᠳᠡᠯᠡᠪᠡᠢ ᠶᠢᠨ ᠵᠢᠯᠥᠭᠤᠳᠬᠤ      ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠤ ᠳᠠᠷᠠᠭ᠎ᠠ᠂ ᠬᠤᠲᠠ ᠶᠢᠨ ᠲᠤᠬᠠᠢ ᠶᠢᠨ ᠲᠠᠯᠠᠪᠤᠷ ᠤᠨ ᠵᠢᠯᠣᠭᠤᠳᠬᠤ ᠭᠠᠵᠠᠷ ︵ᠳᠣᠷᠣᠭᠰᠢ ᠲᠤᠬᠠᠢ ᠶᠢᠨ ᠲᠠᠯᠠᠪᠤᠷ ᠤᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠬᠠᠪᠰᠤᠷᠭᠠᠨ ᠪᠤᠶᠤ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠳᠡᠳ᠋ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠤᠲᠠ ᠶᠢᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠪᠠ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠳᠠᠷᠤᠭ᠎ᠠ ᠪᠤᠶᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃      ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠳᠣᠤᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠳᠤᠭᠤᠶᠢᠯᠠᠩ᠂ ᠶᠠᠷᠢᠶ᠎ᠠ ᠬᠡᠯᠡᠯᠴᠡᠭᠡ ᠤᠬᠠᠭᠤᠯᠬᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ ᠪᠠ ᠠᠳᠡᠯ ᠢ ᠪᠠᠶᠢᠴᠠᠭᠠᠬᠤ ᠳᠤᠭᠤᠶᠢᠯᠠᠩ ᠵᠡᠷᠭᠡ 9 ᠠᠵᠢᠯᠯᠠᠬᠤ ᠳᠤᠭᠤᠶᠢᠯᠠᠩ ︵ᠪᠣᠳᠠᠲᠠᠶ ᠡᠭᠦᠷᠭᠡ ᠬᠠᠷᠢᠭᠤᠴᠠᠯᠭ᠎ᠠ ᠶᠢ ᠳᠠᠭᠠᠯᠳᠤᠭᠤᠯᠤᠯ 2 ᠳᠤ ᠦᠵᠡ︶᠃ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠪᠠᠶᠢᠳᠠᠯ ᠢᠶᠠᠨ ᠦᠵᠡᠵᠦ ᠪᠠᠶᠢᠭᠠᠳ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢ ᠨᠢ ᠳᠣᠭᠢᠷᠠᠭᠤᠯᠵᠤ᠂ ᠪᠥᠬᠦ ᠬᠤᠲᠠ ᠶᠢᠨ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢ ᠰᠢᠯᠵᠢᠭᠦᠯᠦᠨ ᠴᠤᠭᠯᠠᠭᠤᠯᠵᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃      2.2 ᠬᠤᠰᠢᠭᠤ ᠰᠢᠶᠡᠨ ᠤ ᠱᠠᠳᠣᠨ ᠤ ᠪᠠᠴᠢᠮ ᠪᠠᠶᠢᠳᠡᠯ ᠢ ᠠᠷᠭᠠᠴᠠᠵᠦ ᠠᠪᠤᠷᠡᠨ ᠲᠣᠰᠠᠯᠠᠬᠤ ᠵᠢᠯᠥᠭᠤᠳᠬᠤ ᠪᠠᠶᠢᠭᠤᠯᠥᠮᠵᠢ      ᠡᠯ᠎ᠡ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ  ᠪᠠᠶᠢᠭᠤᠯᠤᠮᠵᠢ  ᠶᠢᠨ ᠰᠢᠰᠲ᠋ᠧᠮ  ᠢᠶᠠᠷ  ᠯᠠᠪᠯᠠᠯᠲᠠ ᠪᠣᠯᠭᠠᠵᠤ᠂ ᠲᠣᠰ  ᠭᠠᠵᠠᠷ ᠣᠷᠣᠨ ᠤ  ᠪᠣᠳᠠᠲᠠᠶ ᠲᠠᠢ  ᠪᠠᠨ ᠤᠶᠠᠯᠳᠤᠭᠤᠯᠤᠨ᠂ ᠬᠤᠰᠢᠭᠤ  ᠰᠢᠶᠠᠨ  ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠶᠢ ᠪᠠᠶᠢᠭᠤᠯᠵᠤ᠂ ᠲᠣᠰ ᠣᠷᠣᠨ ᠪᠦᠰᠡ ᠶᠢᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠂ ᠨᠡᠯᠢᠶᠡᠳ ᠶᠡᠭᠡ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠶᠢᠨ ᠠᠳᠡᠯ ᠢ ᠤᠷᠢᠳᠠᠪᠠᠷ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠡᠩ ᠤᠨ ᠨᠡᠭᠦᠷᠡᠰᠦᠨ ᠠᠭᠤᠷᠬᠠᠶ ᠶᠢᠨ ᠠᠳᠡᠯ ᠭᠠᠷᠴᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠵᠢᠯᠣᠭᠤᠳᠴᠤ᠂ ᠬᠤᠲᠠ ᠶᠢᠨ ᠵᠢᠯᠣᠭᠤᠳᠬᠤ ᠭᠠᠵᠠᠷ ᠠᠴᠠ ᠪᠠᠶᠢᠳᠠᠯ ᠢ ᠨᠢ ᠦᠵᠡᠵᠦ ᠬᠥᠮᠦᠨ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠤᠨ ᠵᠣᠬᠢᠴᠠᠭᠤᠯᠤᠨ ᠵᠢᠯᠣᠭᠤᠳᠴᠤ᠂ ᠴᠢᠬᠤᠯᠠᠲᠠᠶ ᠦᠶ᠎ᠡ ᠳᠤ᠂ ᠬᠤᠲᠠ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠲᠤᠰᠬᠠᠶ ᠮᠡᠷᠭᠡᠵᠢᠯᠲᠡᠨ ᠪᠠ ᠲᠣᠨᠤᠭ ᠲᠥᠬᠦᠭᠡᠷᠦᠮᠵᠢ᠂ ᠡᠳ᠋ ᠪᠣᠳᠠᠰ ᠵᠡᠷᠭᠡ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠵᠣᠬᠢᠴᠠᠭᠤᠯᠵᠤ ᠳᠡᠮᠵᠢᠨ᠎ᠡ᠃ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢᠨ ᠵᠢᠯᠣᠭᠤᠳᠬᠤ ᠪᠠᠶᠢᠭᠤᠯᠤᠮᠵᠢ ᠨᠤᠭᠤᠳ ᠵᠣᠬᠢᠴᠠᠩᠭᠤᠶ ᠪᠦᠬᠦᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠬᠤ ᠬᠡᠷᠡᠭᠲᠡᠶ︔ ᠵᠣᠬᠢᠴᠠᠩᠭᠤᠶ ᠪᠦᠬᠦᠢ ᠲᠠᠰ ᠤᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ ᠳᠠᠭᠠᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠬᠤ ᠬᠡᠷᠡᠭᠲᠡᠶ᠃      ᠭᠤᠣᠯ ᠡᠭᠦᠷᠭᠡ ᠬᠠᠷᠢᠭᠤᠴᠠᠯᠭ᠎ᠠ᠄      ︵1︶ ᠬᠤᠰᠢᠭᠤ ᠰᠢᠶᠠᠨ ︵ᠲᠣᠭᠤᠷᠢᠭ︶ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠡᠯ᠎ᠡ ᠬᠤᠰᠢᠭᠤ ᠰᠢᠶᠠᠨ ︵ᠲᠣᠭᠤᠷᠢᠭ︶ ᠢ ᠬᠠᠷᠢᠭᠤᠴᠠᠨ᠎ᠠ᠃︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠠᠵᠢᠯ︔      ︵2︶ ᠳᠡᠭᠡᠳᠦ ᠱᠠᠲᠤᠨ ᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠵᠢᠯᠣᠭᠤᠳᠤᠨ ᠡᠩ ᠤᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ︔      ︵3︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ︵ᠲᠣᠭᠤᠷᠢᠭ︶ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠠᠳᠡᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠳᠡᠭᠡᠳᠦ ᠱᠠᠲᠤ ᠪᠠ ᠬᠤᠰᠢᠭᠤ ᠰᠢᠶᠠᠨ ︵ᠲᠣᠭᠤᠷᠢᠭ︶ ᠢ ᠬᠦᠯᠢᠶᠡᠨ ᠠᠪᠴᠤ ᠤᠯᠠᠮᠵᠢᠯᠠᠨ᠎ᠠ᠃︶ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢ ᠰᠢᠪᠠᠳᠠᠨ ᠨᠠᠶᠢᠳᠠᠪᠤᠷᠢᠵᠢᠭᠤᠯᠤᠨ᠎ᠠ︔      ︵5︶ ᠬᠤᠲᠠ ᠶᠢᠨ ᠱᠠᠲᠤᠨ ᠤ ᠬᠤᠯᠪᠤᠭᠲᠠᠯ ᠪᠦᠭᠦᠢ ᠲᠠᠯ᠎ᠠ ᠪᠤᠯᠤᠨ ᠬᠦᠷᠰᠢ ᠵᠡᠷᠭᠡᠯᠡᠳᠡᠭᠡ ᠬᠤᠰᠢᠭᠤ ᠰᠢᠶᠠᠨ ᠲᠤᠭᠤᠷᠢᠭ  ᠲᠤᠰᠠᠯᠠᠮᠵᠢ ᠬᠦᠰᠡᠬᠦ      ︵6︶  ᠬᠤᠰᠢᠭᠤ ᠰᠢᠶᠠᠨ ︵ᠲᠣᠭᠤᠷᠢᠭ︶ ᠢ ᠪᠡᠶᠡᠯᠡᠭᠦᠯᠦᠨ᠎ᠡ᠃  ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ  ᠲᠣᠬᠢᠷᠠᠭᠤᠯᠤᠭᠰᠠᠨ ᠪᠤᠰᠤᠳ ᠠᠵᠢᠯ᠃      ᠲᠣᠰ ᠪᠡᠯᠡᠳᠬᠡᠯ ᠲᠥᠰᠦᠯ ᠳᠤ ᠵᠢᠭᠰᠠᠭᠠᠭᠰᠠᠨ ᠥᠬᠡᠶ ᠰᠠᠯᠠᠭ᠎ᠠ ᠮᠥᠴᠢᠷ ᠨᠢᠭᠡᠴᠡ᠂ ᠵᠢᠯᠣᠭᠤᠳᠬᠤ ᠭᠠᠵᠠᠷ ᠤᠨ ᠵᠠᠷᠯᠢᠭ ᠢ ᠦᠨᠳᠦᠰᠦᠯᠡᠨ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃      2.3 ᠨᠡᠬᠦᠷᠡᠰᠦᠨ ᠠᠭᠤᠷᠬᠠᠢ ᠶᠢᠨ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠵᠦ ᠠᠪᠤᠷᠡᠨ ᠲᠣᠰᠠᠯᠠᠬᠤ ᠵᠢᠯᠥᠭᠤᠳᠬᠤ ᠪᠠᠶᠢᠭᠤᠯᠥᠮᠵᠢ      ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ ᠨᠡᠭᠦᠷᠡᠰᠦᠨ ᠠᠭᠤᠷᠬᠠᠶ ᠶᠢᠨ ᠠᠳᠡᠯ ᠤᠨ ᠨᠢᠭᠡᠳᠦᠭᠡᠷ ᠳᠠᠭᠠᠵᠤ ᠬᠢᠬᠦ ᠬᠥᠮᠦᠨ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠠᠷᠭᠠᠴᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃      ᠭᠤᠣᠯ ᠡᠭᠦᠷᠭᠡ ᠬᠠᠷᠢᠭᠤᠴᠠᠯᠭ᠎ᠠ᠄      ︵1︶ ᠠᠵᠦ ᠠᠬᠤᠶᠢᠯᠠᠯ ᠤᠨ ᠲᠣᠰᠬᠠᠢ ︵ᠬᠠᠪᠰᠤᠷᠭᠠᠭᠰᠠᠨ︶ ᠠᠵᠢᠯ ᠢ ᠴᠢᠩᠭᠠᠳᠬᠠᠨ᠎ᠠ ︔ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ︔      ︵2︶ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔      ︵3︶ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔      ︵4︶ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠤᠷᠢᠳᠠᠪᠠᠷ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠠ︔      ︵5︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      3 ᠬᠢᠨᠡᠨ ᠰᠢᠨᠵᠢᠵᠦ ᠰᠡᠷᠡᠮᠵᠢᠯᠡᠬᠦᠯᠬᠦ      3.1 ᠳᠥᠭᠰᠢᠬᠦᠷᠢ ᠶᠢᠨ ᠬᠢᠨᠡᠨ ᠰᠢᠨᠵᠢᠯᠲᠡ      ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢᠨ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠬᠦᠨ ᠨᠢᠭᠡᠴᠡ ᠨᠦᠭᠦᠳ ᠨᠡᠭᠦᠷᠡᠰᠦᠨ ᠠᠭᠤᠷᠬᠠᠶ ᠶᠢᠨ ᠠᠳᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ ᠳ᠋ᠢᠶᠠᠩᠬᠤᠸᠠ᠂ ᠷᠠᠳᠢᠣ᠋᠂ ᠰᠦᠯᠵᠢᠶ᠎ᠡ ᠪᠣᠯᠤᠨ ᠬᠥᠮᠦᠨ ᠤ ᠬᠦᠴᠦᠨ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ᠠᠳᠠᠯᠢ ᠪᠤᠰᠤ ᠠᠳᠡᠯ ᠤᠨ ᠲᠥᠷᠥᠯ ᠵᠦᠢᠯ ᠵᠢᠴᠢ ᠣᠨᠴᠠᠯᠢᠭ ᠲᠤ ᠴᠢᠭᠯᠡᠭᠦᠯᠦᠨ᠂ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠤᠣᠷ ᠬᠥᠨᠥᠭᠡᠯ ᠤᠨ ᠬᠦᠴᠦᠨ ᠵᠦᠢᠯ ᠢ ᠢᠯᠭᠠᠨ ᠲᠠᠨᠢᠵᠤ᠂ ᠠᠳᠡᠯ ᠤᠨ ᠡᠭᠦᠰᠴᠦ ᠮᠡᠳᠡᠬᠦ ᠰᠢᠭᠤᠳ ᠦᠷ᠎ᠡ ᠳ᠋ᠦᠩ ᠵᠢᠴᠢ ᠡᠭᠦᠰᠦᠮᠡᠯ ᠪᠠ ᠤᠯᠠᠷᠢᠨ ᠡᠭᠦᠰᠦᠭᠰᠡᠨ ᠦᠷ᠎ᠡ ᠳ᠋ᠦᠩ ᠢ ᠵᠠᠳᠠᠯᠵᠤ᠂ ᠡᠯ᠎ᠡ ᠵᠦᠢᠯ ᠤᠨ ᠦᠷ᠎ᠡ ᠳ᠋ᠦᠩ ᠤᠨ ᠬᠤᠣᠷ ᠬᠥᠨᠥᠭᠡᠯ ᠤᠨ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠶᠢ ᠦᠨᠡᠯᠡᠨ ᠵᠢᠱᠢᠵᠦ᠂ ᠠᠳᠡᠯ ᠤᠨ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠢ᠃      ︵1︶ ᠴᠠᠭ ᠠᠭᠤᠷ ᠤᠨ ᠰᠡᠷᠡᠮᠵᠢᠯᠡᠭᠦᠯᠦᠯ᠄ ᠬᠤᠲᠠ ᠶᠢᠨ ᠴᠠᠭ ᠠᠭᠤᠷ ᠤᠨ ᠲᠣᠪᠴᠢᠶ᠎ᠠ ᠲᠦᠢᠯ ᠤᠨ ᠴᠠᠭ ᠠᠭᠤᠷ ᠪᠠ ᠬᠦᠨᠳᠦ ᠶᠡᠭᠡ ᠭᠡᠨᠡᠳᠲᠡ ᠶᠢᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠨ᠎ᠡ᠃      ︵2︶ ᠠᠭᠤᠯᠠᠨ ᠦᠶᠡᠷ ᠤᠨ ᠰᠡᠷᠡᠮᠵᠢᠯᠡᠭᠦᠯᠦᠯ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠭᠤᠯᠠᠨ ᠦᠶᠡᠷ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢᠨ ᠬᠢᠨᠠᠨ ᠬᠡᠮᠵᠢᠯᠲᠡ᠂ ᠠᠭᠤᠷᠬᠠᠢ ᠶᠢᠨ ᠣᠷᠣᠨ ᠤ ᠣᠶᠢᠷ᠎ᠠ ᠬᠠᠪᠢ ᠶᠢᠨ ᠬᠠᠰᠢᠯᠭ᠎ᠠ᠂ ᠤᠰᠤᠨ ᠴᠥᠭᠦᠷᠥᠮ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠳᠤ ᠲᠦᠭᠰᠢᠭᠦᠷᠢᠲᠦ ᠪᠠᠶᠢᠳᠠᠯ ᠭᠠᠷᠤᠭᠰᠠᠨ ᠦᠶ᠎ᠡ ᠳᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠨ᠎ᠡ᠃      ︵3︶ ᠭᠠᠵᠠᠷ ᠤᠨ ᠭᠠᠶ ᠭᠠᠮᠰᠢᠭ ᠢ ᠰᠡᠷᠡᠮᠵᠢᠯᠡᠭᠦᠯᠬᠦ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠲᠠ ᠶᠢᠨ ᠨᠡᠭᠦᠷᠡᠰᠦᠨ ᠠᠭᠤᠷᠬᠠᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠠᠯᠢ ᠶᠢᠨ ᠬᠦᠴᠦᠨ ᠵᠦᠢᠯ ᠠᠴᠠ ᠪᠣᠯᠵᠣ ᠭᠠᠵᠠᠷ ᠤᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠᠨ ᠴᠢᠩᠭᠠᠳᠬᠠᠬᠤ ᠶᠢᠨ ᠬᠠᠮᠲᠤ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠤᠨ ᠭᠠᠶ ᠭᠠᠮᠰᠢᠭ ᠢ ᠤᠷᠢᠳᠴᠢᠯᠠᠨ ᠮᠡᠳᠡᠭᠡᠯᠡᠬᠦ ᠠᠵᠢᠯ ᠢ ᠨᠡᠶᠢᠲᠡᠯᠡᠨ᠎ᠡ᠃      ︵4︶ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ᠄ ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠪᠥᠬᠦ ᠬᠤᠲᠠ ᠶᠢᠨ ᠭᠠᠵᠠᠷ ᠬᠥᠳᠡᠯᠦᠯᠲᠡ ᠶᠢᠨ ᠪᠠᠶᠢᠳᠠᠯ ᠢ ᠮᠥᠷᠳᠡᠨ ᠬᠢᠨᠠᠨ ᠬᠡᠮᠵᠢᠬᠦ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠪᠠ ᠭᠠᠵᠠᠷ ᠬᠥᠳᠡᠯᠦᠯᠲᠡ ᠶᠢᠨ ᠮᠡᠳᠡᠭᠡ ᠵᠠᠩᠭᠢ ᠶᠢ ᠠᠩᠬᠠᠷᠴᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠦᠨ᠎ᠡ᠃      3.2 ᠰᠡᠷᠡᠮᠵᠢᠯᠡᠬᠦᠯᠬᠦ ᠳᠡᠰ ᠬᠤᠪᠢᠶᠠᠬᠤ      ᠠᠮᠤᠷ ᠲᠦᠪᠰᠢᠨ ᠤ ᠠᠳᠡᠯ ᠬᠡᠷᠡᠭ ᠠᠴᠠ ᠪᠣᠯᠵᠣ ᠮᠡᠳᠡᠬᠦ ᠬᠤᠤᠷ ᠬᠥᠨᠥᠭᠡᠯ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠡᠭᠦᠰᠴᠦ ᠮᠡᠳᠡᠬᠦ ᠠᠳᠡᠯ ᠤᠨ ᠲᠠᠰ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠡᠩ ᠤᠨ ︵Ⅳ ᠲᠠᠰ︶᠂ ᠨᠡᠯᠢᠶᠡᠳ ᠶᠡᠭᠡ ︵Ⅲ ᠲᠠᠰ︶᠂ ᠬᠦᠨᠳᠦ ᠶᠡᠭᠡ ︵Ⅱ ᠲᠠᠰ︶᠂ ᠣᠨᠴᠠᠭᠠᠶ ᠬᠦᠨᠳᠦ ᠶᠡᠭᠡ ︵Ⅰ ᠲᠠᠰ︶ ᠭᠡᠵᠦ ᠬᠤᠪᠢᠶᠠᠵᠤ᠂ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠥᠩᠭᠡ ᠪᠠᠷ ᠲᠡᠮᠳᠡᠭᠯᠡᠵᠦ᠂ Ⅰ ᠲᠠᠰ ᠢ ᠬᠠᠮᠤᠭ ᠤᠨ ᠳᠡᠭᠡᠳᠦ ᠲᠠᠰ ᠪᠣᠯᠭᠠᠨ᠎ᠠ᠃      ᠬᠥᠬᠡ ᠥᠩᠭᠡ ᠶᠢᠨ ᠰᠡᠷᠡᠮᠵᠢᠯᠡᠭᠦᠯᠦᠯ ︵Ⅳ ᠲᠠᠰ︶᠄ ᠵᠢᠱᠢᠯᠲᠡ ᠪᠠᠷ ᠡᠩ ᠤᠨ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠶᠢᠨ ᠠᠳᠡᠯ ᠭᠠᠷᠴᠤ᠂ ᠠᠳᠡᠯ ᠤᠳᠠᠯ ᠥᠬᠡᠶ ᠣᠶᠢᠷᠠᠳᠴᠤ᠂ ᠬᠡᠷᠡᠭ ᠤᠨ ᠪᠠᠶᠢᠳᠠᠯ ᠪᠠᠷᠤᠭ ᠶᠡᠬᠡᠳᠴᠦ ᠮᠡᠳᠡᠨ᠎ᠡ᠃      ᠰᠢᠷ᠎ᠠ ᠥᠩᠭᠡ ᠶᠢᠨ ᠰᠡᠷᠡᠮᠵᠢᠯᠡᠭᠦᠯᠦᠯ ︵Ⅲ ᠲᠠᠰ︶᠄ ᠵᠢᠱᠢᠯᠲᠡ ᠪᠠᠷ ᠨᠡᠯᠢᠶᠡᠳ ᠶᠡᠭᠡ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠶᠢᠨ ᠠᠳᠡᠯ ᠭᠠᠷᠴᠤ᠂ ᠠᠳᠡᠯ ᠨᠢᠭᠡᠨᠲᠡ ᠣᠶᠢᠷᠠᠳᠴᠤ᠂ ᠬᠡᠷᠡᠭ ᠤᠨ ᠪᠠᠶᠢᠳᠠᠯ ᠥᠷᠭᠡᠳᠬᠡᠬᠦ ᠬᠠᠨᠳᠤᠰᠢ ᠲᠠᠢ ᠪᠣᠯᠤᠨ᠎ᠠ᠃      ᠤᠯᠠᠪᠤᠷ ᠥᠩᠭᠡ ᠶᠢᠨ ᠰᠡᠷᠡᠮᠵᠢᠯᠡᠭᠦᠯᠦᠯ ︵Ⅱ ᠲᠠᠰ︶᠄ ᠵᠢᠱᠢᠯᠲᠡ ᠪᠠᠷ ᠬᠦᠨᠳᠦ ᠶᠡᠭᠡ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠶᠢᠨ ᠠᠳᠡᠯ ᠭᠠᠷᠴᠤ᠂ ᠠᠳᠡᠯ ᠤᠳᠠᠯ ᠥᠬᠡᠶ ᠭᠠᠷᠴᠤ᠂ ᠬᠡᠷᠡᠭ ᠤᠨ ᠪᠠᠶᠢᠳᠠᠯ ᠶᠠᠭ ᠠᠯᠬᠤᠮ ᠠᠯᠬᠤᠮ ᠢᠶᠠᠷ ᠥᠷᠭᠡᠳᠬᠡᠵᠦ ᠪᠠᠶᠢᠨ᠎ᠠ᠃      ᠤᠯᠠᠭᠠᠨ ᠥᠩᠭᠡ ᠶᠢᠨ ᠰᠡᠷᠡᠮᠵᠢᠯᠡᠭᠦᠯᠦᠯ ︵Ⅰ ᠲᠠᠰ︶᠄ ᠵᠢᠱᠢᠯᠲᠡ ᠪᠠᠷ ᠣᠨᠴᠠᠭᠠᠶ ᠬᠦᠨᠳᠦ ᠶᠡᠭᠡ ᠨᠡᠭᠦᠷᠡᠰᠦᠨ ᠠᠭᠤᠷᠬᠠᠶ ᠶᠢᠨ ᠠᠳᠡᠯ ᠭᠠᠷᠴᠤ᠂ ᠠᠳᠡᠯ ᠴᠠᠭ ᠲᠤᠬᠠᠶ ᠳᠤᠨᠢ ᠭᠠᠷᠴᠤ᠂ ᠬᠡᠷᠡᠭ ᠤᠨ ᠪᠠᠶᠢᠳᠠᠯ ᠶᠠᠭ ᠲᠠᠰᠤᠷᠠᠯᠲᠠ ᠥᠬᠡᠶ ᠳᠡᠯᠭᠡᠷᠡᠵᠦ ᠪᠠᠶᠢᠨ᠎ᠠ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠬᠠᠷᠢᠭᠤᠴᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃      3.3 ᠰᠡᠷᠡᠮᠵᠢᠯᠡᠬᠦᠯᠦᠯ ᠨᠡᠶᠢᠲᠡᠯᠡᠬᠦ      3.3.1 ᠨᠡᠶᠢᠲᠡᠯᠡᠬᠦ ᠡᠷᠬᠡ ᠮᠡᠳᠡᠯ      ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ᠂ ᠤᠰᠤᠨ ᠠᠰᠢᠭᠯᠠᠯᠲᠠ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠯᠦᠭᠡ ᠶᠢᠨ ᠵᠥᠪᠳᠡᠯᠴᠡᠭᠡ ᠪᠠᠨ ᠴᠢᠩᠭᠠᠳᠬᠠᠵᠤ᠂ ᠨᠡᠭᠦᠷᠡᠰᠦᠨ ᠠᠭᠤᠷᠬᠠᠶ ᠶᠢᠨ ᠠᠳᠡᠯ ᠤᠳᠠᠯ ᠦᠭᠡᠶ ᠭᠠᠷᠬᠤ ᠪᠤᠶᠤ ᠡᠭᠦᠰᠬᠦ ᠪᠣᠯᠤᠯᠴᠠᠭ᠎ᠠ ᠨᠡᠮᠡᠭᠳᠡᠬᠦ  ᠦᠶ᠎ᠡ ᠳᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠷᠤᠶ ᠲᠦᠷᠭᠡᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠷ᠎ᠡ ᠨᠢᠭᠡ ᠱᠠᠲᠤᠨ ᠳᠤ ᠮᠡᠳᠡᠭᠦᠯᠬᠦ ᠬᠡᠷᠡᠭᠲᠡᠶ᠃ ᠰᠢᠷ᠎ᠠ ᠪᠠ ᠬᠥᠬᠡ ᠥᠩᠭᠡ ᠶᠢᠨ ᠰᠡᠷᠡᠮᠵᠢ ᠶᠢᠨ ᠳᠡᠰ ᠲᠤ ᠬᠦᠷᠴᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠤᠶᠤ ᠠᠳᠠᠯᠢ ᠱᠠᠲᠤᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ᠂ ᠠᠵᠤ ᠠᠬᠤᠶᠢᠯᠠᠯ ᠤᠨ ᠰᠡᠷᠡᠮᠵᠢᠯᠡᠭᠦᠯᠬᠦ ᠬᠤᠭᠤᠴᠠᠭᠠᠨ ᠳᠤ ᠤᠷᠤᠭᠰᠠᠨ ᠢ ᠨᠡᠶᠢᠲᠡᠯᠡᠨ᠎ᠡ︔ ᠤᠯᠠᠭᠠᠨ ᠪᠠ ᠤᠯᠠᠪᠤᠷ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠵᠢᠯᠣᠭᠤᠳᠬᠤ ᠭᠠᠵᠠᠷ ᠠᠴᠠ ᠬᠠᠷᠢᠭᠤᠴᠠᠨ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ᠂ ᠠᠵᠤ ᠠᠬᠤᠶᠢᠯᠠᠯ ᠤᠨ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ᠃ ᠠᠮᠤᠷ ᠲᠦᠪᠰᠢᠨ ᠤ ᠠᠳᠡᠯ ᠤᠨ ᠰᠦᠷᠳᠡᠭᠦᠯᠦᠯ ᠢ ᠨᠢᠭᠡᠨᠲᠡ ᠠᠷᠢᠯᠭᠠᠵᠤ᠂ ᠨᠡᠶᠢᠲᠡᠯᠡᠭᠰᠡᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠶ ᠳᠤᠨᠢ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠵᠤ᠂ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭ᠎ᠠ ᠶᠢ ᠡᠴᠦᠰᠯᠡᠭᠦᠯᠬᠦ ᠬᠡᠷᠡᠭᠲᠡᠶ᠃      ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠭᠤᠯᠭ᠎ᠠ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄ ᠨᠡᠶᠢᠲᠡᠯᠡᠬᠦ ᠨᠢᠭᠡᠴᠡ᠂ ᠨᠡᠶᠢᠲᠡᠯᠡᠬᠦ ᠴᠠᠭ᠂ ᠭᠠᠷᠴᠤ ᠮᠡᠳᠡᠬᠦ ᠠᠮᠤᠷ ᠲᠦᠪᠰᠢᠨ ᠤ ᠠᠳᠡᠯ ᠤᠨ ᠲᠥᠷᠥᠯ ᠢᠯᠭᠠᠯ᠂ ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠲᠠᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠨ᠎ᠠ᠃ ᠠᠮᠤᠷ ᠲᠦᠪᠰᠢᠨ ᠤ ᠠᠳᠡᠯ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠴᠦᠨ ᠦᠭᠡᠢ ᠪᠣᠯᠭᠠᠬᠤ ᠠᠭᠤᠯᠭ᠎ᠠ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠨᠢᠭᠡᠴᠡ᠄ ᠬᠦᠴᠦᠨ ᠦᠭᠡᠢ ᠪᠣᠯᠭᠠᠬᠤ ᠨᠢᠭᠡᠴᠡ ᠶᠢᠨ ᠨᠡᠷᠡᠶᠢᠳᠦᠯ᠂ ᠠᠮᠤᠷ ᠲᠦᠪᠰᠢᠨ ᠤ ᠠᠳᠡᠯ ᠤᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠪᠠ ᠬᠦᠴᠦᠨ ᠦᠭᠡᠢ ᠪᠣᠯᠭᠠᠬᠤ ᠴᠠᠭ ᠬᠤᠭᠤᠴᠠᠭ᠎ᠠ ᠳᠤ ᠬᠢᠵᠠᠭᠠᠷᠯᠠᠭᠳᠠᠬᠤ ᠬᠡᠷᠡᠭᠲᠡᠢ᠃      3.3.2 ᠰᠡᠷᠡᠮᠵᠢᠯᠡᠬᠦᠯᠬᠦ ᠲᠤᠬᠢᠷᠠᠭᠤᠯᠤᠯᠳᠠ      ᠨᠡᠭᠦᠷᠡᠰᠦᠨ ᠠᠭᠤᠷᠬᠠᠶ ᠶᠢᠨ ᠠᠳᠡᠯ ᠤᠨ ᠬᠥᠭᠵᠢᠯᠲᠡ ᠶᠢᠨ ᠪᠠᠶᠢᠳᠠᠯ ᠪᠣᠯᠤᠨ  ᠰᠢᠢᠳᠪᠦᠷᠢᠯᠡᠬᠦ ᠠᠬᠢᠴᠠ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠠᠯᠠᠭ᠎ᠠ ᠮᠥᠴᠢᠷ ᠨᠢ ᠰᠡᠷᠡᠮᠵᠢᠯᠡᠭᠦᠯᠬᠦ ᠳᠡᠰ ᠢ ᠴᠠᠭ ᠲᠤᠨᠢ ᠲᠣᠬᠢᠷᠠᠭᠤᠯᠤᠨ ᠲᠣᠬᠢᠷᠠᠭᠤᠯᠵᠤ᠂ ᠲᠤᠰ ᠱᠠᠲᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠲᠤ ᠴᠤᠪᠤᠷᠠᠯ ᠶᠣᠰᠣᠭᠠᠷ ᠮᠡᠳᠡᠭᠦᠯᠦᠨ ᠬᠦᠷᠭᠡᠵᠦ ᠨᠡᠶᠢᠲᠡᠯᠡᠨ᠎ᠡ᠃      3.3 ᠨᠡᠶᠢᠲᠡᠯᠡᠬᠦ ᠠᠷᠭ᠎ᠠ ᠵᠠᠮ      ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠥᠯᠥᠭᠡᠯᠡᠭᠳᠡᠬᠦ ᠪᠣᠯᠤᠯᠴᠠᠭ᠎ᠠ ᠲᠠᠢ ᠬᠥᠮᠦᠰ ᠲᠤ ᠨᠡᠶᠢᠲᠡᠯᠡᠵᠦ᠂ ᠠᠮᠤᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ ᠤᠲᠠᠰᠤ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠰᠦᠯᠵᠢᠶ᠎ᠡ᠂ ᠰᠡᠷᠡᠮᠵᠢ ᠶᠢᠨ ᠳᠣᠬᠢᠶᠠᠨ ᠤ ᠮᠠᠰᠢᠨ᠂ ᠤᠬᠠᠭᠤᠯᠬᠤ ᠲᠡᠷᠭᠡ᠂ ᠪᠦᠷᠢᠶ᠎ᠡ ᠪᠤᠶᠤ ᠬᠥᠮᠦᠰ ᠢ ᠵᠣᠬᠢᠶᠠᠨ ᠪᠠᠶᠢᠭᠤᠯᠤᠨ ᠡᠷᠦᠬᠡ ᠳᠠᠷᠠᠭᠠᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠨ᠂ ᠨᠢᠯᠬ᠎ᠠ ᠬᠡᠦᠬᠡᠳ᠂ ᠡᠪᠡᠳᠴᠢᠨ᠂ ᠵᠡᠮᠳᠡᠭ᠂ ᠵᠢᠷᠮᠦᠰᠦᠯᠡᠭᠰᠡᠨ ᠵᠡᠷᠭᠡ ᠣᠨᠴᠣᠭᠤᠶ ᠬᠥᠮᠦᠰ ᠪᠣᠯᠤᠨ ᠰᠤᠷᠭᠠᠭᠤᠯᠢ ᠵᠡᠷᠭᠡ ᠣᠨᠴᠣᠭᠤᠶ ᠲᠠᠯᠠᠪᠤᠷ ᠭᠠᠵᠠᠷ ᠵᠢᠴᠢ ᠰᠡᠷᠡᠮᠵᠢ ᠶᠢᠨ ᠳᠣᠬᠢᠶᠠᠨ ᠤ ᠪᠠᠯᠠᠶ ᠣᠷᠣᠨ ᠳᠤ ᠴᠢᠭᠯᠡᠭᠦᠯᠬᠦ ᠴᠢᠨᠠᠷᠲᠠᠶ ᠮᠡᠳᠡᠭᠳᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃ ᠵᠠᠭᠤᠴᠢᠯᠠᠭᠤᠷ ᠤᠨ ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ ᠡᠩ ᠲᠡᠷᠢᠭᠦᠨ ᠳᠤ ᠰᠠᠶᠢᠲᠤᠷ ᠬᠢᠬᠦ ᠬᠡᠷᠡᠭᠲᠡᠶ᠃      3.4 ᠰᠡᠷᠡᠮᠵᠢᠯᠡᠬᠦᠯᠬᠦ ᠠᠵᠢᠯᠯᠠᠭ᠎ᠠ      3.4.1 ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ      ︵1︶ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠰᠡᠷᠡᠮᠵᠢᠯᠡᠭᠦᠯᠬᠦ ᠵᠠᠷᠯᠢᠭ ᠪᠠᠭᠤᠯᠭᠠᠵᠤ᠂ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠦᠨ᠎ᠡ︔      ︵2︶ ᠤᠷᠢᠳᠴᠢᠯᠠᠨ ᠰᠡᠷᠭᠡᠶᠢᠯᠡᠬᠦ ᠴᠢᠨᠠᠷᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠠᠶᠤᠯᠲᠠᠢ ᠪᠠᠴᠢᠮ ᠪᠠᠶᠢᠳᠠᠯ ᠢ ᠣᠯᠵᠤ ᠮᠡᠳᠡᠪᠡᠯ᠂ ᠲᠡᠷᠡ ᠳᠠᠷᠤᠶ ᠳᠤᠨᠢ ᠬᠥᠮᠦᠰ ᠢ ᠵᠣᠬᠢᠶᠠᠨ ᠪᠠᠶᠢᠭᠤᠯᠵᠤ ᠵᠠᠶᠢᠯᠠᠭᠤᠯᠤᠨ᠎ᠠ᠃      ︵3︶ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠢᠨᠠᠨ ᠬᠡᠮᠵᠢᠵᠦ ᠬᠢᠨᠠᠨ ᠡᠵᠡᠮᠳᠡᠵᠦ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠨᠢᠭᠲᠠ ᠮᠥᠷᠳᠡᠵᠦ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ᠎ᠠ︔      ︵4︶ ᠨᠡᠭᠦᠷᠡᠰᠦᠨ ᠠᠭᠤᠷᠬᠠᠶ ᠶᠢᠨ ᠠᠳᠡᠯ ᠭᠠᠷᠤᠮᠠᠭᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠳᠠᠷᠦ᠋ᠢᠬᠠᠨ ᠮᠡᠳᠡᠭᠦᠯᠬᠦ ᠶᠢᠨ ᠬᠠᠮᠲᠤ ᠤᠷᠢᠳᠠᠪᠠᠷ  ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃      3.4.2 ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠪᠠᠶᠢᠭᠤᠯᠤᠮᠵᠢ ᠶᠢᠨ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ      ᠨᠡᠭᠦᠷᠡᠰᠦᠨ ᠠᠭᠤᠷᠬᠠᠶ ᠶᠢᠨ ᠠᠳᠡᠯ ᠭᠠᠷᠴᠤ ᠮᠡᠳᠡᠬᠦ ᠪᠥᠭᠡᠳ ᠰᠡᠷᠡᠮᠵᠢᠯᠡᠭᠦᠯᠬᠦ ᠲᠠᠰ ᠤᠨ ᠢᠯᠭᠠᠯ ᠳᠤ ᠬᠦᠷᠴᠦ ᠮᠡᠳᠡᠨ᠎ᠡ᠂ ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠨᠢ ᠠᠳᠡᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠦᠨᠡᠯᠡᠨ ᠵᠢᠱᠢᠵᠦ ᠵᠠᠳᠠᠯᠤᠯᠲᠠ ᠬᠢᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠤᠴᠠᠷᠠᠭᠤᠯᠵᠤ ᠮᠡᠳᠡᠬᠦ ᠨᠥᠯᠥᠭᠡ ᠪᠠ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠠᠷᠭᠠᠴᠠᠬᠤ ᠲᠥᠰᠦᠯ ᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃      ︵1︶ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠬᠢᠨᠠᠨ ᠡᠵᠡᠮᠳᠡᠬᠦ᠂ ᠴᠤᠭᠯᠠᠭᠤᠯᠬᠤ ᠶᠢ ᠴᠢᠩᠭᠠᠳᠬᠠᠨ᠎ᠠ︔      ︵2︶ ᠨᠥᠯᠥᠭᠡᠯᠡᠭᠳᠡᠭᠰᠡᠨ ᠬᠥᠮᠦᠰ ᠵᠢᠴᠢ ᠨᠢᠭᠡᠴᠡ ᠳᠤ ᠬᠤᠯᠪᠣᠭᠳᠠᠯ ᠪᠦᠬᠦᠢ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ︔      ︵3︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠥᠮᠦᠰ ᠢ ᠵᠠᠷᠯᠢᠭ ᠬᠦᠯᠢᠶᠡᠬᠦ ᠪᠠᠶᠢᠳᠠᠯ ᠳᠤ ᠣᠷᠣᠭᠤᠯᠬᠤ ᠶᠢ ᠮᠡᠳᠡᠭᠳᠡᠨ᠎ᠡ᠃      ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠪᠠ ᠲᠥᠬᠦᠭᠡᠷᠦᠮᠵᠢ ᠶᠢ ᠪᠠᠶᠢᠴᠠᠭᠠᠬᠤ᠂ ᠰᠢᠯᠵᠢᠭᠦᠯᠦᠨ ᠲᠥᠪᠯᠡᠷᠡᠭᠦᠯᠬᠦ᠃      ︵5︶ ᠠᠳᠡᠯ ᠡᠭᠦᠰᠦᠭᠰᠡᠨ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠳᠡᠯ ᠤᠨ ᠨᠥᠯᠥᠭᠡᠯᠡᠬᠦ ᠬᠡᠪᠴᠢᠶ᠎ᠡ ᠪᠠ ᠬᠦᠴᠦᠯᠡᠴᠡ᠂ ᠠᠳᠡᠯ ᠤᠨ ᠳᠡᠰ ᠢ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ ᠪᠥᠬᠦᠶ ᠰᠠᠨᠠᠭᠤᠯᠭ᠎ᠠ ᠳᠤᠷᠠᠳᠤᠨ᠎ᠠ︔      ︵6︶ ᠲᠣᠭᠲᠠᠭᠠᠯ ᠶᠣᠰᠣᠭᠠᠷ ᠠᠳᠡᠯ ᠤᠨ ᠬᠤᠤᠷ ᠬᠥᠨᠥᠭᠡᠯ ᠳᠤ ᠤᠴᠠᠷᠠᠵᠤ ᠮᠡᠳᠡᠬᠦ ᠰᠡᠷᠡᠮᠵᠢ ᠥᠭᠬᠦ᠂ ᠣᠨᠴᠠ ᠲᠣᠭᠲᠠᠭᠰᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠤᠷ ᠬᠥᠨᠥᠭᠡᠯ ᠠᠴᠠ ᠵᠠᠶᠢᠯᠠᠬᠤ ᠪᠤᠶᠤ ᠬᠥᠩᠭᠡᠷᠡᠭᠦᠯᠬᠦ ᠰᠠᠨᠠᠭᠤᠯᠭ᠎ᠠ᠂ ᠢᠳᠬᠠᠯ᠃      ︵7︶ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠨᠥᠯᠥᠭᠡᠯᠡᠭᠳᠡᠭᠰᠡᠨ ᠪᠤᠶᠤ ᠨᠥᠯᠥᠭᠡᠯᠡᠭᠳᠡᠬᠦ ᠪᠣᠯᠣᠯᠴᠠᠭ᠎ᠠ ᠲᠠᠢ ᠨᠢᠭᠡᠴᠢ ᠪᠠ ᠬᠥᠮᠥᠰ ᠢ ᠰᠠᠨᠠᠭᠤᠯᠬᠤ ᠬᠡᠷᠡᠭᠲᠡᠢ᠃      ︵8︶ ᠬᠤᠲᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠬᠥᠮᠦᠰ ᠢ ᠵᠠᠷᠯᠢᠭ ᠶᠣᠰᠣᠭᠠᠷ ᠵᠠᠷᠯᠢᠭ ᠬᠦᠯᠢᠶᠡᠵᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠬᠦ ᠠᠵᠢᠯ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔      ︵9︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ ᠶᠢ ᠪᠡᠯᠡᠳᠬᠡᠬᠦ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ ᠲᠤᠬᠠᠶ ᠳᠤᠨᠢ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵10︶ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ ᠬᠠᠮᠵᠢᠯᠴᠠᠨ ᠰᠢᠢᠳᠪᠦᠷᠢᠯᠡᠨ᠎ᠡ︔      ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠢᠬᠤᠯᠠ ᠪᠦᠬᠦᠢ ᠰᠡᠷᠭᠡᠶᠢᠯᠡᠬᠦ ᠴᠢᠨᠠᠷᠲᠠᠶ᠂ ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ      3.5 ᠰᠡᠷᠡᠮᠵᠢᠯᠡᠬᠦᠯᠦᠯ ᠠᠴᠠ ᠲᠠᠶᠢᠯᠬᠤ      ᠰᠡᠷᠡᠮᠵᠢᠯᠡᠭᠦᠯᠵᠦ ᠪᠠᠶᠢᠭ᠎ᠠ ᠨᠢᠭᠡᠴᠡ ᠪᠣᠳᠠᠲᠤ ᠪᠠᠶᠢᠳᠠᠯ ᠢᠶᠠᠨ ᠦᠨᠳᠦᠰᠦᠯᠡᠨ ᠰᠡᠷᠡᠮᠵᠢᠯᠡᠭᠦᠯᠬᠦ ᠳᠡᠰ ᠢ ᠴᠠᠭ ᠲᠤᠨᠢ ᠲᠣᠬᠢᠷᠠᠭᠤᠯᠤᠨ ᠲᠣᠬᠢᠷᠠᠭᠤᠯᠬᠤ ᠬᠡᠷᠡᠭᠲᠡᠶ᠃ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠡᠵᠡᠮᠳᠡᠵᠦ᠂ ︽ᠬᠡᠨ ᠨᠡᠶᠢᠲᠡᠯᠡᠪᠡᠯ᠂ ᠬᠡᠨ ᠬᠦᠴᠦᠨ ᠦᠭᠡᠢ ᠪᠣᠯᠭᠠᠬᠤ︾ ᠵᠠᠷᠴᠢᠮ ᠶᠣᠰᠣᠭᠠᠷ᠂ ᠨᠡᠶᠢᠲᠡᠯᠡᠭᠰᠡᠨ ᠨᠢᠭᠡᠴᠡ ᠠᠴᠠ ᠰᠡᠷᠡᠮᠵᠢ ᠶᠢᠨ ᠳᠣᠬᠢᠶ᠎ᠠ ᠶᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠵᠦ᠂ ᠰᠡᠷᠡᠮᠵᠢᠯᠡᠭᠦᠯᠬᠦ ᠠᠵᠢᠯᠯᠠᠭ᠎ᠠ ᠶᠢ ᠡᠴᠦᠰᠯᠡᠭᠦᠯᠵᠦ᠂ ᠨᠢᠭᠡᠨᠲᠡ ᠠᠪᠤᠭᠰᠠᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠨ᠎ᠠ᠃      4 ᠠᠳᠡᠭᠳᠡᠯ ᠤᠨ ᠮᠡᠳᠡᠭᠦᠯᠦᠯᠲᠡ      4.1 ᠠᠳᠡᠭᠳᠡᠯ ᠤᠨ ᠳᠡᠰ      ᠨᠡᠭᠦᠷᠡᠰᠦᠨ ᠠᠭᠤᠷᠬᠠᠢ ᠶᠢᠨ ᠠᠳᠡᠯ ᠠᠴᠠ ᠪᠣᠯᠵᠤ ᠥᠭᠦᠭᠰᠡᠨ ᠬᠥᠮᠥᠨ ᠤ ᠲᠤᠭ᠎ᠠ ᠪᠤᠶᠤ ᠠᠵᠤ ᠠᠬᠤᠢ ᠶᠢᠨ ᠬᠤᠬᠢᠷᠠᠯ ᠢ ᠦᠨᠳᠦᠰᠦᠯᠡᠨ᠂ ᠡᠩ ᠤᠨ ᠠᠳᠡᠯ ︵Ⅳ ᠳᠡᠰ︶᠂ ᠨᠡᠯᠢᠶᠡᠳ ᠶᠡᠭᠡ ᠠᠳᠡᠯ ︵Ⅲ ᠳᠡᠰ︶᠂ ᠬᠦᠨᠳᠦ ᠶᠡᠭᠡ ᠠᠳᠡᠯ ︵Ⅱ ᠳᠡᠰ︶᠂ ᠣᠨᠴᠠ ᠬᠦᠨᠳᠦ ᠶᠡᠭᠡ ᠠᠳᠡᠯ ︵Ⅰ ᠳᠡᠰ︶ ᠳᠥᠷᠪᠡᠨ ᠳᠡᠰ ᠬᠤᠪᠢᠶᠠᠨ᠎ᠠ᠃      ᠡᠩ ᠤᠨ ᠠᠳᠡᠯ ︵Ⅳ ᠳᠡᠰ︶᠄ ᠭᠡᠳᠡᠭ ᠨᠢ᠄ 3 ᠬᠥᠮᠦᠨ ᠠᠴᠠ ᠳᠣᠷᠣᠭᠰᠢ ᠦᠬᠦᠭᠰᠡᠨ᠂ ᠡᠰᠡᠬᠦᠯ᠎ᠡ 10 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠤᠶ᠃      ᠨᠡᠯᠢᠶᠡᠳ ᠶᠡᠭᠡ ᠠᠳᠡᠯ ︵Ⅲ ᠳᠡᠰ︶᠄ 3 ᠬᠥᠮᠦᠨ ᠠᠴᠠ ᠳᠡᠭᠡᠭᠰᠢ 10 ᠬᠥᠮᠦᠨ ᠠᠴᠠ ᠳᠣᠷᠣᠭᠰᠢ ᠦᠬᠦᠭᠰᠡᠨ᠂ ᠡᠰᠡᠬᠦᠯ᠎ᠡ 10 ᠬᠥᠮᠦᠨ ᠠᠴᠠ ᠳᠡᠭᠡᠭᠰᠢ 50 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ ᠳᠡᠭᠡᠭᠰᠢ 5000 ᠲᠦᠮᠡᠨ ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠠᠶᠢᠨ᠎ᠠ᠃      ᠬᠦᠨᠳᠦ ᠶᠡᠭᠡ ᠠᠳᠡᠯ ︵Ⅱ ᠳᠡᠰ︶᠄ 10 ᠬᠥᠮᠦᠨ ᠠᠴᠠ ᠳᠡᠭᠡᠭᠰᠢ 30 ᠬᠥᠮᠦᠨ ᠠᠴᠠ ᠳᠣᠷᠣᠭᠰᠢ ᠦᠬᠦᠭᠰᠡᠨ᠂ ᠡᠰᠡᠬᠦᠯ᠎ᠡ 50 ᠬᠥᠮᠦᠨ ᠠᠴᠠ ᠳᠡᠭᠡᠭᠰᠢ 100 ᠬᠥᠮᠦᠨ ᠠᠴᠠ ᠳᠣᠷᠣᠭᠰᠢ ᠬᠦᠨᠳᠦ ᠰᠢᠷᠬᠠᠲᠤᠭᠰᠠᠨ᠂ ᠡᠰᠡᠬᠦᠯ᠎ᠡ 5000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ ᠳᠣᠷᠣᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠠᠶᠢᠨ᠎ᠠ᠃      ᠣᠨᠴᠠ ᠬᠦᠨᠳᠦ ᠶᠡᠭᠡ ᠠᠳᠡᠯ ︵Ⅰ ᠳᠡᠰ︶᠄ 30 ᠬᠥᠮᠦᠨ ᠠᠴᠠ ᠳᠡᠭᠡᠭᠰᠢ ᠦᠬᠦᠭᠰᠡᠨ᠂ ᠡᠰᠡᠬᠦᠯ᠎ᠡ 100 ᠬᠥᠮᠦᠨ ᠠᠴᠠ ᠳᠡᠭᠡᠭᠰᠢ ᠬᠦᠨᠳᠦ ᠰᠢᠷᠬᠠᠲᠤᠭᠰᠠᠨ᠂ ᠡᠰᠡᠬᠦᠯ᠎ᠡ 1 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠭᠤᠳ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠠᠳᠡᠯ ᠢ ᠵᠢᠭᠠᠵᠤ ᠪᠠᠶᠢᠨ᠎ᠠ᠃      ᠬᠤᠯᠪᠣᠭᠳᠠᠯ ᠪᠦᠬᠦᠢ ᠲᠤᠭ᠎ᠠ ᠬᠡᠮᠵᠢᠶᠡᠨ ᠤ ᠥᠭᠦᠯᠡᠯᠲᠡ ᠳᠤ ︽ᠳᠡᠭᠡᠭᠰᠢ︾ ᠭᠡᠳᠡᠭ ᠨᠢ ᠤᠤᠯ ᠲᠤᠭ᠎ᠠ ᠶᠢ ᠪᠠᠭᠲᠠᠭᠠᠨ᠎ᠠ᠂ ︽ᠳᠣᠷᠣᠭᠰᠢ︾ ᠭᠡᠳᠡᠭ ᠨᠢ ᠤᠭ ᠲᠤᠭ᠎ᠠ ᠶᠢ ᠪᠠᠭᠲᠠᠭᠠᠬᠤ ᠦᠭᠡᠶ᠃      4.2 ᠠᠳᠠᠯ ᠤᠨ ᠮᠡᠳᠡᠬᠦᠯᠦᠯᠳᠠ      ᠱᠠᠲᠤ ᠬᠤᠪᠢᠶᠠᠨ ᠬᠠᠷᠢᠭᠤᠴᠠᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠲᠦᠷᠭᠡᠨ ᠪᠥᠭᠡᠳ ᠣᠨᠣᠪᠴᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠮᠡᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂  ᠠᠳᠡᠯ ᠢ ᠮᠡᠳᠡᠭᠦᠯᠬᠦ ᠳᠡᠭᠡᠨ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠭᠦᠢᠴᠡᠳ ᠪᠠᠶᠢᠬᠤ ᠬᠡᠷᠡᠭᠲᠡᠶ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠃ ᠠᠳᠡᠯ ᠢ ᠮᠡᠳᠡᠭᠦᠯᠦᠭᠰᠡᠨ ᠤ ᠳᠠᠷᠠᠭ᠎ᠠ ᠰᠢᠨ᠎ᠡ ᠪᠠᠶᠢᠳᠠᠯ ᠭᠠᠷᠤᠭᠰᠠᠨ ᠪᠣᠯ ᠴᠠᠭ ᠲᠤᠬᠠᠶ ᠳᠤᠨᠢ ᠨᠥᠬᠦᠵᠦ ᠮᠡᠳᠡᠭᠦᠯᠬᠦ ᠬᠡᠷᠡᠭᠲᠡᠶ᠃      ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠤ ᠳᠠᠷᠠᠭ᠎ᠠ᠂ ᠠᠳᠡᠯ ᠤᠨ ᠲᠤᠬᠠᠢ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠥᠰ ᠳᠠᠷᠤᠢ ᠲᠦᠷᠭᠡᠨ ᠲᠤᠰ ᠨᠢᠭᠡᠴᠡ ᠶᠢᠨ ᠢᠶᠠᠨ ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠢ︔ ᠨᠢᠭᠡᠴᠡ ᠶᠢᠨ ᠬᠠᠷᠢᠭᠤᠴᠠᠯᠭᠠᠲᠠᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ 1 ᠴᠠᠭ ᠤᠨ ᠳᠣᠲᠣᠷ᠎ᠠ ᠬᠠᠷᠢᠶ᠎ᠠ ᠭᠠᠵᠠᠷ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠤᠯᠤᠰ ᠤᠨ ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠰᠠᠭᠤᠭ᠎ᠠ ᠭᠠᠵᠠᠷ ᠤᠨ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠭᠠᠵᠠᠷ ᠲᠤ ᠮᠡᠳᠡᠭᠦᠯᠬᠦ ᠬᠡᠷᠡᠭᠲᠡᠢ᠃ ᠪᠠᠶᠢᠳᠠᠯ ᠪᠠᠴᠢᠮ ᠪᠠᠶᠢᠭ᠎ᠠ  ᠦᠶ᠎ᠡ ᠳᠤ᠂ ᠠᠳᠡᠯ ᠭᠠᠷᠤᠭᠰᠠᠨ ᠨᠡᠭᠦᠷᠡᠰᠦᠨ ᠠᠭᠤᠷᠬᠠᠶ ᠨᠢ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠭᠤᠳ ᠮᠡᠳᠡᠭᠦᠯᠵᠦ ᠪᠣᠯᠤᠨ᠎ᠠ᠃      ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠳᠡᠭᠡᠭᠰᠢ ᠮᠡᠳᠡᠭᠦᠯᠬᠦ ᠬᠡᠷᠡᠭᠲᠡᠶ᠃ ᠬᠤᠲᠠ ᠶᠢᠨ ᠨᠡᠭᠦᠷᠡᠰᠦᠨ ᠠᠭᠤᠷᠬᠠᠢ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠱᠠᠲᠤᠨ ᠤ ᠵᠢᠯᠣᠭᠤᠳᠬᠤ ᠭᠠᠵᠠᠷ ᠲᠤ ᠮᠡᠳᠡᠭᠦᠯᠬᠦ ᠶᠢᠨ ᠬᠠᠮᠲᠤ ᠠᠳᠡᠯ ᠤᠨ ᠳᠡᠰ ᠢᠶᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠦᠨ᠎ᠡ᠃ ᠡᠭᠦᠨ ᠤ ᠬᠠᠮᠲᠤ ᠠᠳᠡᠯ ᠵᠢᠴᠢ ᠠᠪᠤᠷᠠᠨ ᠲᠤᠰᠠᠯᠠᠬᠤ ᠠᠬᠢᠴᠠ ᠶᠢᠨ ᠪᠠᠶᠢᠳᠠᠯ ᠢ ᠮᠥᠷᠳᠡᠬᠦ ᠪᠠ ᠦᠷᠭᠦᠯᠵᠢᠯᠡᠨ ᠮᠡᠳᠡᠭᠦᠯᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ ᠬᠤᠲᠠ ᠶᠢᠨ ᠱᠠᠲᠤᠨ ᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠳᠤ ᠮᠡᠳᠡᠭᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠨᠴᠠ ᠬᠦᠨᠳᠦ ᠶᠡᠭᠡ ᠠᠳᠡᠯ᠂ ᠬᠦᠨᠳᠦ ᠶᠡᠭᠡ ᠠᠳᠡᠯ ᠭᠠᠷᠤᠭᠰᠠᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠱᠠᠲᠤ ᠪᠦᠷᠢ ᠶᠢᠨ ᠮᠡᠳᠡᠭᠦᠯᠦᠨ ᠬᠦᠷᠭᠡᠬᠦ ᠴᠠᠭ ᠨᠢ 1 ᠴᠠᠭ ᠠᠴᠠ ᠬᠡᠲᠦᠷᠡᠵᠦ ᠪᠣᠯᠬᠤ ᠦᠭᠡᠶ᠃ ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠳ᠋ᠢᠶᠠᠩᠬᠤᠸᠠ ᠭᠠᠷᠭᠠᠬᠤ ᠶᠢᠨ ᠬᠠᠮᠲᠤ ᠨᠡᠶᠢᠲᠡᠯᠡᠬᠦ ᠬᠡᠷᠡᠭᠲᠡᠶ᠃      ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠬᠢᠷᠠᠭᠤᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠄ ᠵᠠᠩ ᠸᠧᠨ ᡁᠢ᠂ ᠬᠠᠷᠢᠯᠴᠠᠬᠤ ᠤᠲᠠᠰᠤ᠄ 0478 - 8922001᠂ 13947875688᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠄ ᠵᠠᠩ ᠯᠢ ᠳ᠋ᠦᠩ᠂ ᠬᠠᠷᠢᠯᠴᠠᠬᠤ ᠤᠲᠠᠰᠤ᠄ 0478 - 8215533᠂ 13614886622᠂ ᠡᠳᠦᠷ ᠲᠤᠲᠤᠮ ᠤᠨ ᠵᠢᠵᠢᠭᠦᠷᠯᠡᠭᠴᠢ᠄ ᠵᠠᠩ ᠬᠤᠤ᠂ ᠬᠠᠷᠢᠯᠴᠠᠬᠤ ᠤᠲᠠᠰᠤ᠄ 0478 - 8281758᠂ 15044856366      4.3 ᠮᠡᠳᠡᠭᠦᠯᠦᠯᠲᠡ ᠶᠢᠨ ᠠᠭᠤᠯᠭ᠎ᠠ      4.3.1 ᠠᠳᠡᠯ ᠤᠨ ᠮᠡᠳᠡᠭᠡ ᠵᠠᠩᠭᠢ  ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ      ︵1︶ ᠠᠳᠡᠯ ᠭᠠᠷᠤᠭᠰᠠᠨ ᠨᠢᠭᠡᠴᠡ ᠶᠢᠨ ᠲᠦᠢᠮᠣ ᠪᠠᠶᠢᠳᠠᠯ᠃ ᠡᠭᠦᠨ ᠳᠤ ᠠᠳᠡᠯ ᠤᠨ ᠨᠢᠭᠡᠴᠢ ᠶᠢᠨ ᠪᠦᠷᠢᠨ ᠨᠡᠷᠡᠶᠢᠳᠦᠯ᠂ ᠥᠮᠴᠢᠯᠡᠯ ᠤᠨ ᠬᠡᠯᠪᠡᠷᠢ ᠪᠠ ᠬᠠᠷᠢᠶᠠᠯᠠᠭᠳᠠᠬᠤ ᠬᠠᠷᠢᠴᠠᠭ᠎ᠠ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠤᠨ ᠪᠠᠶᠢᠳᠠᠯ᠂ ᠭᠡᠷᠡᠴᠢ ᠦᠨᠡᠮᠯᠡᠯ ᠤᠨ ᠪᠠᠶᠢᠳᠠᠯ ᠵᠡᠷᠭᠡ ᠪᠠᠭᠲᠠᠨ᠎ᠠ᠃      ︵2︶  ᠠᠳᠡᠯ ᠭᠠᠷᠤᠭᠰᠠᠨ ᠴᠠᠭ᠂ ᠭᠠᠵᠠᠷ ᠣᠷᠣᠨ ᠵᠢᠴᠢ  ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠪᠠᠶᠢᠳᠠᠯ︔      ︵3︶ ᠠᠳᠠᠯ ᠤᠨ ᠲᠥᠷᠥᠯ᠃ ᠳᠡᠭᠡᠪᠦᠷ᠂ ᠭᠠᠵᠠᠷ ᠤᠨ ᠳᠠᠷᠤᠴᠠ᠂ ᠭᠠᠰ᠂ ᠨᠡᠭᠦᠷᠡᠰᠦᠨ ᠤ ᠲᠣᠭᠤᠰᠣ᠂ ᠮᠠᠰᠢᠨ᠂ ᠲᠡᠭᠡᠭᠡᠪᠦᠷᠢ᠂ ᠳᠡᠯᠪᠡᠴᠢᠭᠰᠡᠨ᠂ ᠤᠰᠤᠨ ᠤ ᠬᠥᠨᠥᠭᠡᠯ᠂ ᠭᠠᠯ ᠤᠨ ᠭᠠᠮᠰᠢᠭ᠂ ᠪᠤᠰᠤᠳ ᠵᠦᠢᠯ ᠤᠳ᠃ ᠨᠡᠭᠦᠷᠡᠰᠦᠨ ᠤ ᠪᠤᠰᠤ ᠠᠭᠤᠷᠬᠠᠶ ᠶᠢᠨ ᠠᠳᠡᠯ ᠤᠨ ᠲᠥᠷᠥᠯ ᠢᠯᠭᠠᠯ ᠢ ᠪᠣᠳᠠᠰ ᠢᠶᠠᠷ ᠴᠣᠬᠢᠯᠲᠠ ᠥᠭᠬᠦ᠂ ᠲᠡᠷᠭᠡ ᠬᠥᠰᠬᠡ ᠶᠢ ᠭᠡᠮᠲᠦᠭᠡᠬᠦ᠂ ᠮᠧᠬᠠᠨᠢᠭ ᠢ ᠭᠡᠮᠲᠦᠭᠡᠬᠦ᠂ ᠬᠦᠨᠳᠦ ᠰᠢᠷᠬᠠᠲᠤᠭᠤᠯᠬᠤ᠂ ᠴᠠᠬᠢᠯᠭᠠᠨ ᠳᠤ ᠴᠣᠬᠢᠭᠳᠠᠬᠤ᠂ ᠤᠰᠤᠨ ᠳᠤ ᠵᠢᠪᠪᠦᠬᠦ᠂ ᠰᠢᠲᠠᠭᠠᠬᠤ᠂ ᠭᠠᠯ ᠤᠨ ᠠᠶᠤᠯ᠂ ᠥᠨᠳᠥᠷ ᠭᠠᠵᠠᠷ ᠠᠴᠠ ᠤᠨᠠᠬᠤ᠂ ᠨᠤᠷᠠᠬᠤ᠂ ᠣᠷᠣᠢ ᠠᠴᠠ ᠭᠠᠷᠬᠤ ᠬᠡᠰᠡᠭ ᠢᠶᠠᠷ ᠬᠠᠪᠰᠤᠷᠬᠤ᠂ ᠤᠰᠤ ᠨᠡᠪᠴᠢᠬᠦ᠂ ᠳᠡᠯᠪᠡᠴᠢᠬᠦ᠂ ᠳᠠᠷᠢ ᠶᠢ ᠳᠡᠯᠪᠡᠷᠡᠭᠦᠯᠬᠦ᠂ ᠬᠤᠤᠷᠳᠠᠯ ᠪᠠ ᠠᠮᠢᠰᠬᠤᠯ ᠪᠥᠭᠯᠡᠷᠡᠬᠦ᠂ ᠳᠠᠯᠠᠩ ᠰᠠᠷᠨᠢᠬᠤ᠂ ᠪᠤᠰᠤᠳ ᠭᠠᠵᠠᠷ ᠭᠡᠵᠦ ᠬᠤᠪᠢᠶᠠᠨ᠎ᠠ᠃      ︵4︶ ᠠᠳᠡᠭᠳᠡᠯ ᠢ ᠲᠤᠪᠴᠢ ᠥᠩᠭᠡᠷᠡᠭᠰᠡᠨ᠂ ᠬᠤᠳᠳᠤᠭ ᠲᠤ ᠤᠷᠤᠭᠰᠠᠨ ᠬᠥᠮᠦᠨ ᠤ ᠲᠤᠭ᠎ᠠ᠂ ᠠᠮᠤᠷ ᠲᠦᠪᠰᠢᠨ ᠢᠶᠠᠷ ᠬᠤᠳᠳᠤᠭ ᠲᠤ ᠭᠠᠷᠤᠭᠰᠠᠨ ᠬᠥᠮᠦᠨ ᠤ ᠲᠤᠭ᠎ᠠ᠂ ᠠᠳᠡᠯ ᠳᠤ ᠨᠢᠭᠡᠨᠲᠡ ᠦᠬᠦᠵᠦ ᠰᠢᠷᠬᠠᠳᠤᠭᠰᠠᠨ ᠬᠥᠮᠦᠨ ᠤ ᠲᠤᠭ᠎ᠠ᠂ ᠠᠶᠤᠯ ᠳᠤ ᠬᠤᠯᠪᠣᠭᠳᠠᠭᠰᠠᠨ ᠬᠥᠮᠦᠨ ᠤ ᠲᠤᠭ᠎ᠠ᠂ ᠠᠯᠠᠭ᠎ᠠ ᠪᠣᠯᠤᠭᠰᠠᠨ ᠬᠥᠮᠦᠨ ᠤ ᠲᠤᠭ᠎ᠠ ᠪᠠ ᠠᠩᠬ᠎ᠠ ᠠᠯᠬᠤᠮ ᠪᠠᠷᠤᠭᠯᠠᠭᠰᠠᠨ ᠰᠢᠭᠤᠳ ᠠᠵᠤ ᠠᠬᠤᠶ ᠶᠢᠨ ᠬᠤᠬᠢᠷᠠᠯ ᠭᠠᠷᠤᠭᠰᠠᠨ ᠪᠠᠶᠢᠨ᠎ᠠ᠃      ︵5︶ ᠨᠢᠭᠡᠨᠲᠡ ᠠᠪᠤᠭᠰᠠᠨ ᠠᠷᠭ᠎ᠠ ᠬᠡᠮᠵᠢᠶ᠎ᠡ     ︵6︶ ᠪᠤᠰᠤᠳ ᠮᠡᠳᠡᠭᠦᠯᠬᠦ ᠶᠣᠰᠣᠲᠠᠢ ᠪᠠᠶᠢᠳᠠᠯ᠃      ᠨᠢᠭᠡ ᠴᠠᠭ 15 ᠮᠢᠨᠦ᠋ᠲ ᠤᠨ ᠳᠣᠲᠣᠷ᠎ᠠ ᠤᠷᠢᠳᠠᠪᠠᠷ ᠳ᠋ᠢᠶᠠᠩᠬᠤᠸᠠ ᠶᠢᠨ ᠲᠦᠷᠭᠡᠨ ᠮᠡᠳᠡᠭᠡ ᠶᠢ ᠬᠡᠷᠡᠭᠯᠡᠵᠦ ᠪᠣᠯᠣᠨ᠎ᠠ᠂ ᠳᠠᠷᠠᠭ᠎ᠠ ᠨᠢ ᠪᠢᠴᠢᠭ ᠢᠶᠠᠷ ᠮᠡᠳᠡᠭᠦᠯᠬᠦ ᠬᠡᠷᠡᠭᠲᠡᠢ᠂ ᠲᠦᠷᠭᠡᠨ ᠮᠡᠳᠡᠭᠡ ᠶᠢ ᠳᠠᠷᠤᠬᠤ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄      ︵1︶ ᠠᠳᠡᠯ ᠭᠠᠷᠤᠭᠰᠠᠨ ᠨᠢᠭᠡᠴᠡ ᠶᠢᠨ ᠨᠡᠷᠡᠶᠢᠳᠦᠯ᠂ ᠬᠠᠶ᠋ᠢᠭ᠂ ᠰᠢᠨᠵᠢ ᠴᠢᠨᠠᠷ︔      ︵2︶ ᠠᠳᠡᠯ ᠭᠠᠷᠤᠭᠰᠠᠨ ᠴᠠᠭ᠂ ᠭᠠᠵᠠᠷ︔      ︵3︶ ᠠᠲᠡᠯ ᠬᠡᠷᠡᠭ ᠲᠤ ᠨᠢᠬᠡᠨᠲᠡ ᠰᠢᠷᠬᠠᠲᠤᠭᠰᠠᠨ ᠪᠤᠶᠤ ᠮᠡᠲᠡᠭᠲᠡᠯ ᠭᠠᠷᠭᠠᠵᠤ ᠮᠡᠲᠡᠭᠦ ᠬᠦᠮᠦᠨ ᠤ ᠲᠤᠭ᠎ᠠ ᠳᠣᠷᠣᠭᠰᠢ ᠰᠤᠷᠠᠭ ᠦᠭᠡᠢ ᠪᠤᠯᠤᠭᠰᠠᠨ᠂ ᠠᠶᠤᠯ ᠳᠤ ᠬᠤᠯᠪᠤᠭᠲᠠᠭᠰᠠᠨ ᠬᠦᠮᠦᠨ ᠤ ᠲᠤᠭ᠎ᠠ ᠪᠠᠭᠲᠠᠨ᠎ᠠ︶ ︽ᠵᠠ︾ ᠭᠡᠳ      4.3.2 ᠠᠳᠠᠯ ᠤᠨ ᠨᠥᠬᠦᠪᠦᠷᠢᠯᠡᠨ ᠮᠡᠳᠡᠭᠦᠯᠬᠦ      ᠠᠩᠬ᠎ᠠ ᠤᠳᠠᠭ᠎ᠠ ᠮᠡᠳᠡᠭᠦᠯᠦᠭᠰᠡᠨ ᠪᠠᠶᠢᠳᠠᠯ ᠨᠢ ᠲᠣᠳᠣᠷᠬᠠᠶ ᠦᠭᠡᠶ ᠠᠴᠠ ᠪᠣᠯᠵᠤ᠂ ᠪᠠᠶᠢᠳᠠᠯ ᠨᠢ ᠲᠣᠳᠣᠷᠬᠠᠶ ᠦᠭᠡᠶ ᠪᠣᠯᠤᠭᠰᠠᠨ ᠤ ᠳᠠᠷᠠᠭ᠎ᠠ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠠᠳᠡᠯ ᠢ ᠮᠡᠳᠡᠭᠦᠯᠦᠭᠰᠡᠨ ᠤ ᠳᠠᠷᠠᠭ᠎ᠠ᠂ ᠰᠢᠨ᠎ᠡ ᠪᠠᠶᠢᠳᠠᠯ ᠭᠠᠷᠤᠭᠰᠠᠨ ︵ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠠᠬᠢᠴᠠ ᠶᠢᠨ ᠪᠠᠶᠢᠳᠠᠯ ᠪᠠᠭᠲᠠᠨ᠎ᠠ︶᠂ ᠠᠳᠡᠯ ᠢ ᠮᠡᠳᠡᠭᠦᠯᠬᠦ ᠠᠵᠢᠯ ᠢ ᠬᠠᠷᠢᠭᠤᠴᠠᠵᠤ ᠪᠠᠶᠢᠭ᠎ᠠ ᠨᠢᠭᠡᠴᠡ ᠨᠢ ᠴᠠᠭ ᠲᠤᠬᠠᠶ ᠳᠤᠨᠢ ᠨᠥᠬᠦᠵᠦ ᠮᠡᠳᠡᠭᠦᠯᠬᠦ ᠪᠤᠶᠤ ᠦᠷᠭᠦᠯᠵᠢᠯᠡᠨ ᠮᠡᠳᠡᠭᠦᠯᠬᠦ ᠬᠡᠷᠡᠭᠲᠡᠶ᠂ ᠡᠭᠦᠨ ᠳᠤ ᠠᠳᠡᠭᠰᠡᠨ ᠬᠥᠮᠦᠨ ᠤ ᠲᠤᠭ᠎ᠠ ᠨᠢ ᠬᠤᠪᠢᠷᠠᠯᠲᠠ ᠭᠠᠷᠪᠠᠯ᠂ ᠬᠤᠪᠢᠷᠠᠯᠲᠠ ᠭᠠᠷᠤᠭᠰᠠᠨ ᠤ ᠳᠠᠷᠠᠭᠠᠬᠢ 24 ᠴᠠᠭ ᠤᠨ ᠳᠣᠲᠣᠷ᠎ᠠ ᠨᠥᠬᠦᠵᠦ ᠮᠡᠳᠡᠭᠦᠯᠬᠦ ᠪᠤᠶᠤ ᠦᠷᠭᠦᠯᠵᠢᠯᠡᠨ ᠮᠡᠳᠡᠭᠦᠯᠬᠦ ᠬᠡᠷᠡᠭᠲᠡᠶ᠃      5 ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ      5.1 ᠳᠡᠰ ᠬᠤᠪᠢᠶᠠᠵᠤ ᠠᠷᠭᠠᠴᠠᠬᠤ      ᠨᠡᠭᠦᠷᠡᠰᠦᠨ ᠠᠭᠤᠷᠬᠠᠶ ᠶᠢᠨ ᠠᠳᠡᠯ ᠢ ᠠᠷᠭᠠᠴᠠᠬᠤ ᠳᠤ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠤᠯ ᠪᠣᠯᠭᠠᠬᠤ ᠵᠠᠷᠴᠢᠮ ᠢ ᠵᠢᠷᠤᠮᠯᠠᠬᠤ ᠬᠡᠷᠡᠭᠲᠡᠶ᠃ ᠠᠳᠡᠯ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠭᠠᠴᠠᠨ  ᠰᠢᠢᠳᠪᠦᠷᠢᠯᠡᠬᠦ ᠴᠢᠳᠠᠪᠤᠷᠢ ᠠᠴᠠ ᠬᠡᠲᠦᠷᠡᠭᠰᠡᠨ  ᠦᠶ᠎ᠡ ᠳᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠮᠵᠢᠯᠭᠡ ᠬᠠᠩᠭᠠᠬᠤ ᠪᠤᠶᠤ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃ ᠨᠡᠯᠢᠶᠡᠳ ᠶᠡᠭᠡ᠂ ᠡᠩ ᠤᠨ ᠠᠳᠡᠯ ᠢ ᠲᠣᠰ ᠲᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠠᠷᠭᠠᠴᠠᠭᠠᠨ᠎ᠠ᠃ ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠠᠷᠭᠠᠴᠠᠨ᠎ᠠ᠃      5.2 ᠱᠠᠲᠤ ᠬᠤᠪᠢᠶᠠᠨ ᠳᠠᠭᠠᠬᠤ      ᠠᠮᠤᠷ ᠲᠦᠪᠰᠢᠨ ᠤ ᠠᠳᠡᠯ ᠤᠨ ᠡᠵᠡᠮᠳᠡᠵᠦ ᠪᠣᠯᠬᠤᠶᠢᠴᠠ ᠴᠢᠨᠠᠷ᠂ ᠬᠦᠨᠳᠦ ᠨᠣᠴᠢᠲᠠᠶ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ Ⅰ ᠲᠠᠰ᠂ Ⅱ ᠲᠠᠰ᠂ Ⅲ ᠲᠠᠰ᠂ Ⅳ ᠲᠠᠰ ᠭᠡᠵᠦ ᠳᠥᠷᠪᠡᠨ ᠲᠠᠰ ᠬᠤᠪᠢᠶᠠᠵᠤ᠂ Ⅰ ᠲᠠᠰ ᠢ ᠬᠠᠮᠤᠭ ᠤᠨ ᠳᠡᠭᠡᠳᠦ ᠲᠠᠰ ᠭᠡᠵᠦ ᠬᠤᠪᠢᠶᠠᠨ᠎ᠠ᠃ ᠨᠡᠭᠦᠷᠡᠰᠦᠨ ᠠᠭᠤᠷᠬᠠᠶ ᠶᠢᠨ ᠠᠳᠡᠯ ᠤᠨ ᠲᠠᠰ ᠬᠤᠪᠢᠶᠠᠬᠤ ᠪᠠᠷᠢᠮᠵᠢᠶ᠎ᠠ ᠶᠣᠰᠣᠭᠠᠷ᠂ Ⅰ ᠲᠠᠰ᠂ Ⅱ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ︵ᠪᠤᠶᠤ ᠲᠣᠰ ᠱᠠᠲᠤᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ︶ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠵᠠᠷᠯᠢᠭ ᠢ ᠶᠡᠷᠦᠩᠬᠡᠶ ᠵᠢᠯᠣᠭᠤᠳᠣᠭᠴᠢ ᠠᠴᠠ ᠭᠠᠷ ᠤᠨ ᠥᠰᠥᠭ ᠵᠢᠷᠤᠵᠤ ᠶᠠᠪᠤᠭᠤᠯᠤᠨ᠎ᠠ︔ Ⅲ ᠲᠠᠰ᠂ Ⅳ ᠲᠠᠰ ᠤᠨ ᠳᠠᠭᠠᠵᠤ ᠬᠢᠬᠦ ᠶᠢ ᠡᠬᠢᠯᠡᠭᠦᠯᠬᠦ ᠦᠶ᠎ᠡ ᠳᠤ᠂ ᠲᠣᠰ ᠱᠠᠲᠤᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠬᠡᠷ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠵᠠᠷᠯᠢᠭ ᠢ ᠳᠡᠳ᠋ ᠶᠡᠷᠦᠩᠬᠡᠶ ᠵᠢᠯᠣᠭᠤᠳᠣᠭᠴᠢ ᠪᠤᠶᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠬᠡᠷ ᠤᠨ ᠡᠷᠬᠢᠯᠡᠭᠴᠢ ᠠᠴᠠ ᠭᠠᠷ ᠤᠨ ᠥᠰᠥᠭ ᠵᠢᠷᠤᠵᠤ ᠪᠠᠭᠤᠯᠭᠠᠨ᠎ᠠ︔ ᠠᠳᠡᠯ ᠤᠨ ᠲᠣᠰ ᠪᠡᠶ᠎ᠡ ᠪᠠᠷ ᠨᠡᠯᠢᠶᠡᠳ ᠰᠡᠷᠭᠡᠭ᠂ ᠶᠠᠷᠢᠶ᠎ᠠ ᠬᠡᠯᠡᠯᠴᠡᠭᠡᠨ ᠤ ᠬᠥᠭᠵᠢᠶᠡᠨᠲᠡᠶ ᠪᠣᠯᠤᠭᠰᠠᠨ ᠪᠤᠶᠤ ᠭᠤᠤᠯᠳᠠᠯᠭ᠎ᠠ ᠲᠠᠢ ᠭᠠᠵᠠᠷ ᠣᠷᠣᠨ᠂ ᠴᠢᠬᠤᠯᠠ ᠬᠤᠷᠠᠯ ᠵᠢᠴᠢ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠭᠠᠷᠤᠭᠰᠠᠨ ᠪᠠᠶᠢᠪᠠᠯ᠂ ᠪᠠᠶᠢᠳᠠᠯ ᠢ ᠦᠵᠡᠵᠦ ᠮᠡᠳᠡᠭᠦᠯᠦᠨ ᠵᠥᠪᠰᠢᠶᠡᠷᠡᠭᠦᠯᠵᠦ ᠲᠠᠰ ᠳᠡᠪᠰᠢᠭᠦᠯᠦᠨ ᠡᠬᠢᠯᠡᠭᠦᠯᠵᠦ ᠳᠠᠭᠠᠵᠤ ᠪᠣᠯᠤᠨ᠎ᠠ᠃      5.3 ᠡᠮᠦᠨ᠎ᠡ ᠬᠤᠭᠤᠴᠠᠭᠠᠨ ᠳᠤ ᠰᠢᠢᠳᠪᠦᠷᠢᠯᠡᠬᠦ      5.3.1 ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ      ︵1︶ ᠳᠠᠷᠤᠶ ᠲᠦᠷᠭᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠲᠤᠰ ᠪᠡᠶ᠎ᠡ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠠᠶᠤᠯ ᠳᠤ ᠤᠴᠠᠷᠠᠭᠰᠠᠨ ᠬᠥᠮᠦᠰ ᠢ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠠᠪᠤᠷᠠᠵᠤ᠂ ᠰᠦᠷᠳᠡᠭᠦᠯᠦᠯ ᠳᠤ ᠤᠴᠠᠷᠠᠭᠰᠠᠨ ᠬᠥᠮᠦᠰ ᠢ ᠲᠠᠷᠬᠠᠭᠠᠬᠤ᠂ ᠵᠠᠶᠢᠯᠠᠭᠤᠯᠬᠤ᠂ ᠲᠥᠪᠬᠢᠨᠡᠭᠦᠯᠦᠨ᠎ᠡ︔ ᠠᠶᠤᠯ ᠤᠨ ᠡᠬᠢ ᠶᠢ ᠬᠢᠵᠠᠭᠠᠷᠯᠠᠵᠤ᠂ ᠠᠶᠤᠯ ᠲᠠᠢ ᠣᠷᠣᠨ ᠪᠦᠰᠡ ᠶᠢ ᠲᠣᠳᠣᠷᠬᠠᠶᠢᠯᠠᠵᠤ᠂ ᠠᠶᠤᠯᠲᠠᠶ ᠲᠠᠯᠠᠪᠤᠷ ᠭᠠᠵᠠᠷ ᠢ ᠪᠢᠲᠡᠭᠦᠮᠵᠢᠯᠡᠬᠦ ᠶᠢᠨ ᠬᠠᠮᠲᠤ ᠠᠳᠡᠯ ᠤᠨ ᠥᠷᠭᠡᠳᠬᠦ ᠶᠢ ᠰᠡᠷᠭᠡᠶᠢᠯᠡᠬᠦ ᠶᠢᠨ ᠬᠠᠮᠲᠤ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠴᠠᠭ ᠲᠤᠬᠠᠶ ᠳᠤᠨᠢ ᠮᠡᠳᠡᠭᠦᠯᠦᠨ᠎ᠡ᠃      ︵2︶ ᠵᠠᠳᠠᠯᠤᠨ ᠰᠤᠳᠤᠯᠵᠤ ᠮᠠᠭᠠᠳᠯᠠᠬᠤ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠳ ᠤᠨ ᠠᠮᠤᠷ ᠲᠦᠪᠰᠢᠨ ᠢ ᠪᠠᠲᠤᠯᠠᠭᠰᠠᠨ ᠪᠠᠶᠢᠳᠠᠯ ᠳᠣᠣᠷ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︔      ︵3︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ ᠴᠤᠭᠯᠠᠭᠤᠯᠬᠤ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ ᠲᠤᠬᠠᠶ ᠳᠤᠨᠢ ᠬᠡᠪ ᠤᠨ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ︔      ︵4︶ ᠨᠡᠭᠦᠷᠡᠰᠦᠨ ᠠᠭᠤᠷᠬᠠᠢ ᠶᠢᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠳᠣᠣᠷ᠎ᠠ ᠬᠡᠪ ᠤᠨ ᠪᠠᠶᠢᠳᠠᠯ ᠢᠶᠠᠷ ᠠᠵᠢᠯᠯᠠᠬᠤ ᠶᠢ ᠪᠠᠲᠤᠯᠠᠨ᠎ᠠ︔      ︵5︶ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢᠨ ᠠᠶᠤᠯ ᠦᠭᠡᠶ ᠪᠠ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃      5.3.2 ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠠᠷᠠᠳ ᠤᠨ ᠵᠠᠰᠠᠭ ᠤᠨ ᠣᠷᠳᠣᠨ      ᠨᠡᠭᠦᠷᠡᠰᠦᠨ ᠠᠭᠤᠷᠬᠠᠶ ᠶᠢᠨ ᠠᠳᠡᠯ ᠤᠨ ᠵᠡᠷᠭᠡ ᠲᠠᠰ ᠤᠨ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠦᠨ᠎ᠡ᠃ ᠬᠡᠷᠡᠭ ᠭᠠᠷᠤᠭᠰᠠᠨ ᠨᠢᠭᠡᠴᠡ ᠪᠣᠯᠤᠨ ᠤᠷᠢᠳᠠᠪᠠᠷ ᠬᠦᠷᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠨᠢ ᠪᠤᠰᠢᠭᠤ ᠲᠦᠷᠭᠡᠨ᠂ ᠪᠦᠲᠦᠮᠵᠢᠲᠡᠶ ᠤᠷᠢᠳᠠᠪᠠᠷ  ᠰᠢᠢᠳᠪᠦᠷᠢᠯᠡᠬᠦ ᠠᠵᠢᠯ ᠢ ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠠᠳᠡᠯ ᠤᠨ ᠬᠥᠭᠵᠢᠯᠲᠡ ᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠢᠵᠠᠭᠠᠷᠯᠠᠨ᠂ ᠡᠭᠦᠰᠦᠮᠡᠯ ᠪᠠ ᠤᠯᠠᠷᠢᠨ ᠡᠭᠦᠰᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠲᠤᠰ ᠪᠡᠶ᠎ᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠠᠴᠠ ᠪᠠᠨ ᠬᠡᠲᠦᠷᠡᠭᠰᠡᠨ ᠦᠶ᠎ᠡ ᠳᠤ᠂ ᠳᠡᠭᠡᠷ᠎ᠡ ᠨᠢᠭᠡ ᠱᠠᠲᠤᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠳᠤ ᠴᠠᠭ ᠲᠤᠬᠠᠢ ᠳᠤ ᠨᠢ ᠮᠡᠳᠡᠭᠦᠯᠦᠨ ᠲᠤᠰᠠᠯᠠᠭᠤᠯᠤᠨ᠎ᠠ᠃      5.3.3 ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ      ᠨᠡᠭᠦᠷᠡᠰᠦᠨ ᠠᠭᠤᠷᠬᠠᠶ ᠶᠢᠨ ᠠᠳᠡᠯ ᠤᠨ ᠵᠡᠷᠭᠡ ᠲᠠᠰ ᠤᠨ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠦᠨ᠎ᠡ᠃ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠣᠯᠤᠨ ᠤᠷᠢᠳᠠᠪᠠᠷ ᠬᠥᠷᠥᠭᠰᠡᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠡᠩᠨᠡᠭᠡ ᠨᠢ ᠲᠦᠷᠭᠡᠨ ᠮᠥᠷᠲᠡᠭᠡᠨ ᠪᠦᠲᠦᠮᠵᠢᠲᠡᠶ ᠪᠠᠷ ᠤᠷᠢᠳᠴᠢᠯᠠᠨ  ᠰᠢᠢᠳᠪᠦᠷᠢᠯᠡᠬᠦ ᠠᠵᠢᠯ ᠢ ᠥᠷᠨᠢᠭᠦᠯᠵᠦ᠂ ᠨᠡᠭᠦᠷᠡᠰᠦᠨ ᠠᠭᠤᠷᠬᠠᠶ ᠶᠢᠨ ᠠᠳᠡᠯ ᠤᠨ ᠬᠥᠭᠵᠢᠯᠲᠡ ᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠢᠵᠠᠭᠠᠷᠯᠠᠨ᠂ ᠡᠭᠦᠰᠦᠮᠡᠯ ᠪᠠ ᠤᠯᠠᠷᠢᠨ ᠡᠭᠦᠰᠬᠦ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ ᠲᠤᠰ ᠪᠡᠶ᠎ᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠠᠴᠠ ᠪᠠᠨ ᠬᠡᠲᠦᠷᠡᠭᠰᠡᠨ ᠦᠶ᠎ᠡ ᠳᠤ᠂ ᠳᠡᠭᠡᠷ᠎ᠡ ᠨᠢᠭᠡ ᠱᠠᠲᠤᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠳᠤ ᠴᠠᠭ ᠲᠤᠬᠠᠢ ᠳᠤ ᠨᠢ ᠮᠡᠳᠡᠭᠦᠯᠦᠨ ᠲᠤᠰᠠᠯᠠᠭᠤᠯᠤᠨ᠎ᠠ᠃      5.4 ᠱᠠᠲᠤ ᠬᠤᠪᠢᠶᠠᠨ ᠰᠢᠢᠳᠪᠦᠷᠢᠯᠡᠬᠦ      5.4.1 Ⅳ ᠲᠠᠰ ᠤᠨ ᠳᠠᠭᠠᠵᠤ ᠬᠢᠬᠦ      Ⅳ ᠲᠠᠰ ᠤᠨ ᠴᠤᠤᠷᠢᠶᠠᠳᠣᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠪᠠᠶᠢᠳᠠᠯ ᠳᠤ ᠣᠷᠣᠵᠤ᠂ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠳᠠᠯ ᠢ ᠨᠢ ᠦᠵᠡᠵᠦ ᠪᠠᠶᠢᠭᠠᠳ ᠬᠡᠷᠡᠭ ᠭᠠᠷᠤᠭᠰᠠᠨ ᠭᠠᠵᠠᠷ ᠲᠤ ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠲᠣᠮᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠢᠯᠣᠭᠤᠳᠣᠭᠤᠯᠪᠠ᠃ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠳᠤ ᠮᠡᠳᠡᠭᠳᠡᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ       ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠠᠷᠤᠶ ᠲᠦᠷᠭᠡᠨ ᠲᠣᠰ ᠱᠠᠲᠤᠨ ᠤ ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠴᠤᠤᠷᠢᠶᠠᠲᠤᠯ ᠢ ᠡᠬᠢᠯᠡᠭᠦᠯᠵᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠪᠠᠶᠢᠭᠤᠯᠤᠨ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠦᠨᠡᠯᠡᠨ ᠵᠢᠱᠢᠵᠦ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠤᠨ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠵᠤ᠂ ᠡᠷᠡᠰ ᠰᠢᠭᠤᠷᠬᠠᠶ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠡᠵᠡᠮᠳᠡᠨ᠎ᠡ︔ ᠠᠳᠡᠯ ᠭᠠᠷᠤᠭᠰᠠᠨ ᠭᠠᠵᠠᠷ ᠲᠤ ᠰᠡᠷᠭᠡᠶᠢᠯᠡᠯᠲᠡ ᠶᠢᠨ ᠱᠤᠭᠤᠮ ᠭᠠᠷᠭᠠᠵᠤ᠂ ᠨᠡᠶᠢᠭᠡᠮ ᠤᠨ ᠠᠮᠤᠷ ᠲᠦᠪᠰᠢᠨ ᠢ ᠰᠠᠶᠢᠲᠤᠷ ᠬᠠᠮᠠᠭᠠᠯᠠᠵᠤ᠂ ᠬᠡᠷᠡᠭ ᠤᠨ ᠪᠠᠶᠢᠳᠠᠯ ᠤᠨ ᠥᠷᠭᠡᠳᠬᠦ ᠪᠠ ᠡᠭᠦᠰᠦᠮᠡᠯ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠨ᠎ᠠ︔ ᠲᠤᠬᠠᠶ ᠶᠢᠨ ᠲᠠᠯᠠᠪᠤᠷ ᠲᠤ ᠬᠥᠮᠦᠨ ᠦᠬᠦᠵᠦ ᠰᠢᠷᠬᠠᠲᠤᠭᠰᠠᠨ ᠪᠠᠶᠢᠪᠠᠯ᠂ ᠡᠮᠴᠢᠯᠡᠭᠡᠨ ᠤ ᠠᠪᠤᠷᠠᠨ ᠵᠠᠰᠠᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ︔ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠢᠭᠡᠳᠦᠯᠲᠡᠶ ᠭᠠᠳᠠᠭᠰᠢ ᠨᠡᠶᠢᠲᠡᠯᠡᠨ᠎ᠡ᠃ ᠬᠤᠲᠠ ᠶᠢᠨ ᠵᠢᠯᠣᠭᠤᠳᠬᠤ ᠭᠠᠵᠠᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠶ᠃      5.4.2 Ⅲ ᠲᠠᠰ ᠤᠨ ᠳᠠᠭᠠᠵᠤ ᠰᠢᠢᠳᠪᠦᠷᠢᠯᠡᠬᠦ      Ⅲ ᠲᠠᠰ ᠤᠨ ᠴᠤᠤᠷᠢᠶᠠᠳᠣᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠲᠠᠯᠠᠪᠠᠶ ᠳᠤ ᠣᠴᠢᠭᠤᠯᠵᠤ᠂ ᠨᠡᠭᠦᠷᠡᠰᠦᠨ ᠠᠭᠤᠷᠬᠠᠶ ᠶᠢᠨ ᠠᠳᠡᠯ ᠢ ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠨᠢ ᠡᠷᠡᠰ ᠰᠢᠭᠤᠷᠬᠠᠶ ᠪᠥᠭᠡᠳ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠴᠢ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠢᠯᠣᠭᠤᠳᠤᠨ ᠲᠣᠮᠢᠯᠠᠵᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︔ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠪᠥᠭᠡᠳ ᠨᠢᠭᠡᠳᠦᠯᠲᠡᠶ ᠭᠠᠳᠠᠭᠰᠢ ᠨᠡᠶᠢᠲᠡᠯᠡᠨ᠎ᠡ᠃      5.4.3 Ⅱ ᠳᠡᠰ ᠤᠨ ᠳᠠᠭᠠᠵᠤ ᠬᠢᠵᠦ ᠰᠢᠢᠳᠪᠦᠷᠢᠯᠡᠬᠦ      Ⅱ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ ᠣᠷᠣᠵᠤ᠂ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠪᠦᠷᠢᠯᠳᠦᠬᠦᠨ ᠨᠢᠭᠡᠴᠡ ᠦᠳᠲᠡᠷ ᠲᠦᠷᠭᠡᠨ ᠪᠣᠳᠠᠲᠠᠶᠢᠵᠢᠭᠤᠯᠵᠤ᠂ ᠳᠡᠳ᠋ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠪᠠ ᠬᠤᠲᠠ ᠶᠢᠨ ᠲᠠᠰ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠢ ᠪᠠᠶᠢᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ᠂ ᠬᠤᠰᠢᠭᠤ ᠰᠢᠶᠠᠨ ᠤ ᠱᠠᠲᠤᠨ ᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠠᠳᠡᠯ ᠤᠨ ᠮᠡᠳᠡᠭᠡ ᠵᠠᠩᠭᠢ ᠶᠢ ᠳᠡᠭᠡᠳᠦ ᠱᠠᠲᠤᠨ ᠳᠤ ᠮᠡᠳᠡᠭᠦᠯᠬᠦ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠶ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠲᠤᠬᠠᠶ ᠶᠢᠨ ᠲᠠᠯᠠᠪᠤᠷ ᠲᠤ ᠴᠠᠭ ᠲᠤᠬᠠᠶ ᠳᠤᠨᠢ ᠬᠦᠷᠴᠦ ᠲᠤᠬᠠᠶ ᠶᠢᠨ ᠲᠠᠯᠠᠪᠤᠷ ᠤᠨ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠪᠠᠶᠢᠭᠤᠯᠵᠤ᠂ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠳᠡᠯ ᠤᠨ ᠮᠡᠳᠡᠭᠡ ᠵᠠᠩᠭᠢ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃      5.4.4 Ⅰ ᠳᠡᠰ ᠤᠨ ᠳᠠᠭᠠᠵᠤ ᠰᠢᠢᠳᠪᠦᠷᠢᠯᠡᠬᠦ      Ⅰ ᠲᠠᠰ ᠤᠨ ᠴᠤᠤᠷᠢᠶᠠᠳᠤᠨ ᠲᠠᠭᠠᠬᠤ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠪᠠᠶᠢᠳᠠᠯ ᠳᠤ ᠣᠷᠣᠵᠤ᠂ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠪᠡ︔ ᠪᠦᠷᠢᠯᠳᠦᠬᠦᠨ ᠨᠢᠭᠡᠴᠡ ᠦᠳᠲᠡᠷ ᠲᠦᠷᠭᠡᠨ ᠪᠣᠳᠠᠲᠠᠶᠢᠵᠢᠭᠤᠯᠵᠤ᠂ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠪᠠ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠲᠥᠬᠦᠭᠡᠷᠦᠮᠵᠢ ᠪᠠ ᠡᠳ᠋ ᠪᠣᠳᠠᠰ ᠢ ᠵᠣᠬᠢᠴᠠᠭᠤᠯᠤᠨ ᠲᠤᠰᠠᠯᠠᠨ᠎ᠠ︔ ᠠᠪᠤᠷᠠᠨ ᠲᠤᠰᠠᠯᠠᠬᠤ ᠡᠳ᠋ ᠪᠣᠳᠠᠰ ᠢ ᠬᠦᠯᠢᠶᠡᠨ ᠠᠪᠬᠤ ᠪᠠ ᠬᠤᠪᠢᠶᠠᠷᠢᠯᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢ ᠵᠣᠬᠢᠶᠠᠨ ᠪᠠᠶᠢᠭᠤᠯᠵᠤ᠂ ᠡᠷᠢᠵᠦ ᠠᠪᠤᠷᠠᠬᠤ ᠡᠭᠦᠷᠭᠡ ᠶᠢ ᠬᠤᠪᠢᠶᠠᠷᠢᠯᠠᠨ᠎ᠠ︔ ᠠᠶᠤᠯᠲᠠᠶ ᠣᠷᠣᠨ ᠤ ᠳᠣᠲᠣᠷᠠᠬᠢ ᠤᠯᠤᠰ ᠤᠨ ᠴᠢᠬᠤᠯᠠ ᠲᠥᠬᠦᠭᠡᠷᠦᠮᠵᠢ ᠪᠠ ᠬᠠᠷᠠᠯᠲᠠ ᠳᠤ ᠴᠢᠬᠤᠯᠠ ᠪᠦᠬᠦᠢ ᠰᠡᠷᠭᠡᠶᠢᠯᠡᠨ ᠪᠠᠬᠢᠵᠢᠬᠦᠯᠬᠦ ᠵᠡᠷᠭᠡ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠤᠶᠠᠳᠠᠬᠢ ᠤᠳᠠᠭᠠᠨ ᠤ ᠠᠳᠡᠯ ᠪᠠ ᠡᠭᠦᠰᠦᠮᠡᠯ ᠭᠠᠮᠰᠢᠭ ᠢ ᠰᠡᠷᠭᠡᠶᠢᠯᠡᠨ᠎ᠡ︔ ᠴᠢᠬᠤᠯᠠᠲᠠᠶ ᠦᠶ᠎ᠡ ᠳᠤ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠲᠤᠰᠠᠯᠠᠮᠵᠢ ᠦᠵᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠬᠤᠲᠠ᠂ ᠬᠤᠰᠢᠭᠤ ᠰᠢᠶᠠᠨ ᠤ ᠱᠠᠲᠤᠨ ᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃      ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠶ᠃      ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠲᠤᠬᠠᠶ ᠶᠢᠨ ᠲᠠᠯᠠᠪᠤᠷ ᠲᠤ ᠴᠠᠭ ᠲᠤᠬᠠᠶ ᠳᠤᠨᠢ ᠬᠦᠷᠴᠦ ᠲᠤᠬᠠᠶ ᠶᠢᠨ ᠲᠠᠯᠠᠪᠤᠷ ᠤᠨ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠪᠠᠶᠢᠭᠤᠯᠵᠤ᠂ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠤᠭᠯᠠᠭᠤᠯᠤᠨ ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠳᠡᠯ ᠤᠨ ᠮᠡᠳᠡᠭᠡ ᠵᠠᠩᠭᠢ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃      ᠬᠦᠷᠢᠶ᠎ᠡ ᠴᠠᠷᠠᠭ᠎ᠠ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠨᠥᠯᠥᠭᠡ ᠪᠠᠷ ᠬᠦᠨᠳᠦ ᠨᠣᠴᠢᠲᠠᠢ ᠨᠡᠭᠦᠷᠡᠰᠦᠨ ᠠᠭᠤᠷᠬᠠᠢ ᠶᠢᠨ ᠠᠳᠡᠯ ᠭᠠᠷᠴᠤ᠂ ᠬᠡᠷᠡᠭ ᠭᠠᠷᠤᠭᠰᠠᠨ ᠭᠠᠵᠠᠷ ᠤᠨ ᠬᠤᠲᠠ᠂ ᠬᠤᠰᠢᠭᠤ ᠰᠢᠶᠠᠨ ︵ᠲᠣᠭᠤᠷᠢᠭ︶ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠠᠴᠠ ᠬᠠᠮᠢᠶ᠎ᠠ ᠪᠦᠬᠦᠢ ᠨᠢᠭᠡᠴᠡ ᠪᠠ ᠠᠶᠢᠮᠠᠭ ᠬᠤᠲᠠ ᠳᠤ ᠴᠠᠭ ᠲᠤᠬᠠᠢ ᠳᠤ ᠨᠢ ᠮᠡᠳᠡᠭᠡᠯᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃      5.5 ᠲᠣᠬᠠᠢ ᠶᠢᠨ ᠳᠡᠯᠡᠪᠡᠢ ᠳᠤ ᠰᠢᠢᠳᠪᠦᠷᠢᠯᠡᠬᠦ ᠭᠤᠤᠯᠳᠡᠯᠭ᠎ᠠ     ᠨᠡᠬᠦᠷᠡᠰᠤᠨ ᠠᠭᠤᠷᠬᠠᠢ ᠶᠢᠨ ᠠᠳᠠᠯ ᠤᠨ ᠤᠨᠴᠠᠯᠢᠭ ᠲᠤ ᠴᠢᠭᠯᠡᠬᠦᠯᠤᠨ᠂ ᠠᠶᠤᠯ ᠠᠴᠠ ᠠᠪᠤᠷᠠᠨ ᠳᠤᠰᠠᠯᠠᠬᠤ ᠦᠶ᠎ᠡ ᠳᠤ ᠳᠤᠤᠷᠠᠬᠢ ᠠᠵᠢᠯ ᠤᠳ ᠢ ᠰᠠᠶᠢᠳᠤᠷ ᠬᠢᠬᠦ ᠶᠢ ᠠᠩᠬᠠᠷᠬᠤ ᠬᠡᠷᠡᠭᠳᠠᠢ᠄      ︵1︶ ᠬᠠᠷᠢᠭᠤᠴᠠᠬᠤ ᠰᠠᠯᠠᠭ᠎ᠠ ᠮᠥᠴᠢᠷ ᠨᠢᠭᠡᠴᠡ ᠶᠢ ᠲᠣᠭᠲᠠᠭᠠᠵᠤ ᠪᠠᠶᠢᠭᠠᠳ ᠠᠳᠡᠯ ᠳᠤ ᠨᠥᠯᠥᠭᠡᠯᠡᠭᠳᠡᠵᠦ ᠮᠡᠳᠡᠬᠦ ᠬᠥᠮᠦᠰ ᠢ ᠴᠠᠭ ᠲᠤᠬᠠᠶ ᠳᠤᠨᠢ ᠲᠠᠷᠬᠠᠭᠠᠨ ᠵᠠᠶᠢᠯᠠᠭᠤᠯᠵᠤ᠂ ᠵᠠᠶᠢᠯᠠᠭᠤᠯᠤᠨ ᠵᠠᠶᠢᠯᠠᠭᠤᠯᠤᠨ᠎ᠠ︔ ᠬᠡᠷᠡᠭ ᠭᠠᠷᠤᠭᠰᠠᠨ ᠭᠠᠵᠠᠷ ᠤᠨ ᠡᠷᠭᠢᠨ ᠲᠣᠭᠤᠷᠢᠨ ᠤ ᠣᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠭᠠᠮᠰᠢᠭᠳᠠᠭᠰᠠᠨ ᠪᠤᠶᠤ ᠠᠶᠤᠯ ᠲᠠᠢ ᠣᠯᠠᠨ ᠲᠦᠮᠡᠨ ᠢ ᠲᠠᠷᠬᠠᠭᠠᠨ ᠰᠢᠯᠵᠢᠭᠦᠯᠦᠨ᠎ᠡ︔ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠢ ᠲᠣᠭᠲᠠᠭᠠᠵᠤ᠂ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠬᠠᠩᠭᠠᠵᠤ᠂ ᠡᠮᠴᠢᠯᠡᠭᠡ ᠪᠠᠷ ᠠᠪᠤᠷᠠᠨ ᠵᠠᠰᠠᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ︵2︶ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠪᠣᠯᠤᠨ ᠠᠪᠤᠷᠠᠨ ᠲᠤᠰᠠᠯᠠᠬᠤ ᠬᠥᠮᠦᠰ ᠤᠨ ᠲᠤᠬᠠᠶ ᠶᠢᠨ ᠭᠠᠵᠠᠷ ᠲᠤ ᠬᠦᠷᠴᠦ ᠪᠠᠴᠢᠮ ᠠᠪᠤᠷᠠᠨ ᠲᠤᠰᠠᠯᠠᠬᠤ ᠶᠢ ᠨᠢᠭᠡᠳᠦᠯᠲᠡᠶ ᠵᠣᠬᠢᠴᠠᠭᠤᠯᠤᠨ ᠵᠢᠯᠣᠭᠤᠳᠴᠤ᠂ ᠡᠭᠦᠰᠦᠮᠡᠯ ᠠᠳᠡᠯ ᠤᠨ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠨ᠂ ᠬᠡᠷᠡᠭ ᠤᠨ ᠪᠠᠶᠢᠳᠠᠯ ᠥᠷᠭᠡᠵᠢᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠵᠣᠬᠢᠴᠠᠩᠭᠤᠶ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠠᠪᠤᠷᠠᠨ ᠲᠤᠰᠠᠯᠠᠬᠤ ᠠᠵᠢᠯᠲᠠᠳ ᠤᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠠᠵᠢᠯᠲᠠᠳ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠬᠤᠳᠳᠤᠭ ᠳᠣᠤᠷᠠᠬᠢ ᠠᠳᠡᠯ ᠢ ᠡᠷᠬᠡᠪᠰᠢ ᠲᠤᠰᠬᠠᠶ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠩᠭᠢ ᠠᠴᠠ ᠠᠪᠤᠷᠠᠨ ᠲᠤᠰᠠᠯᠠᠵᠤ᠂ ᠠᠳᠡᠯ ᠤᠨ ᠣᠷᠣᠨ ᠳᠤ ᠣᠷᠣᠵᠤ ᠠᠪᠤᠷᠠᠨ ᠲᠤᠰᠠᠯᠠᠬᠤ ᠬᠥᠮᠦᠰ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠤᠶ ᠪᠦᠬᠦᠢ ᠬᠥᠮᠦᠰ ᠡᠷᠬᠡᠪᠰᠢ ᠠᠶᠤᠯ ᠦᠭᠡᠶ ᠶᠢᠨ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠵᠡᠭᠦᠭᠰᠡᠨ ᠤ ᠳᠠᠷᠠᠭ᠎ᠠ ᠰᠠᠶ᠋ᠢ ᠠᠳᠡᠯ ᠤᠨ ᠠᠪᠤᠷᠠᠨ ᠲᠤᠰᠠᠯᠠᠬᠤ ᠣᠷᠣᠨ ᠳᠤ ᠣᠷᠣᠵᠤ ᠠᠪᠤᠷᠠᠨ ᠲᠤᠰᠠᠯᠠᠬᠤ ᠶᠢ ᠬᠡᠷᠡᠭᠵᠢᠭᠦᠯᠵᠦ ᠪᠣᠯᠤᠨ᠎ᠠ᠃      ︵3︶ ᠣᠨᠴᠣᠭᠤᠶ ᠪᠠᠴᠢᠮ ᠪᠠᠶᠢᠳᠠᠯ ᠢ ᠠᠷᠭᠠᠴᠠᠬᠤ ᠵᠠᠮ ᠢ ᠨᠡᠭᠡᠭᠡᠵᠦ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠪᠣᠯᠤᠨ ᠡᠳ᠋ ᠪᠠᠷᠠᠭ᠎ᠠ ᠶᠢ ᠳᠠᠷᠤᠶ ᠲᠦᠷᠭᠡᠨ ᠠᠳᠡᠯ ᠤᠨ ᠲᠤᠬᠠᠶ ᠶᠢᠨ ᠲᠠᠯᠠᠪᠠᠶ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠷᠬᠠᠶ ᠶᠢᠨ ᠬᠤᠳᠳᠤᠭ ᠤᠨ ᠤᠰᠤ ᠨᠡᠪᠴᠢᠬᠦ᠂ ᠭᠠᠯ ᠤᠨ ᠠᠶᠤᠯ᠂ ᠭᠠᠰ ᠤᠨ ᠭᠠᠰ ᠤᠨ ᠳᠡᠯᠪᠡᠷᠡᠯᠲᠡ᠂ ᠭᠠᠵᠠᠷ ᠤᠨ ᠳᠠᠷᠤᠯᠲᠠ ᠶᠢ ᠲᠠᠭᠠᠷᠢᠬᠤ᠂ ᠶᠡᠭᠡ ᠬᠡᠪᠴᠢᠶ᠎ᠡ ᠪᠠᠷ ᠳᠠᠪᠠᠭ᠋ᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠬᠠᠵᠠᠭᠤ ᠪᠠᠯ ᠨᠤᠷᠠᠬᠤ ᠵᠡᠷᠭᠡ ᠬᠦᠨᠳᠦ ᠶᠡᠭᠡ ᠠᠳᠡᠯ ᠤᠨ ᠭᠠᠶ ᠭᠠᠮᠰᠢᠭ ᠭᠠᠷᠪᠠᠯ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠬᠥᠮᠦᠨ ᠤ ᠬᠦᠴᠦᠨ ᠪᠠ ᠪᠣᠳᠠᠰ ᠤᠨ ᠬᠦᠴᠦᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠦᠶ᠎ᠡ ᠳᠤ᠂ ᠠᠳᠡᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠨᠡᠶᠢᠭᠡᠮ ᠤᠨ ᠬᠦᠴᠦᠨ ᠢ ᠳᠠᠶᠢᠴᠢᠯᠠᠨ᠂ ᠣᠯᠠᠨ ᠲᠦᠮᠡᠨ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠪᠠ ᠡᠳ᠋ ᠪᠣᠳᠠᠰ ᠢ ᠪᠠᠴᠢᠮ ᠲᠠᠲᠠᠪᠤᠷᠢᠯᠠᠨ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ︵4︶ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠲᠤ ᠨᠡᠭᠦᠷᠡᠰᠦᠨ ᠠᠭᠤᠷᠬᠠᠶ ᠶᠢᠨ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠬᠠᠷᠢᠭᠤᠴᠠᠯᠭᠠᠲᠠᠨ ᠬᠢᠭᠡᠳ ᠨᠡᠭᠦᠷᠡᠰᠦᠨ ᠠᠭᠤᠷᠬᠠᠶ ᠶᠢᠨ ᠠᠪᠤᠷᠠᠨ ᠲᠤᠰᠠᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠪᠦᠷᠢᠯᠳᠦᠭᠰᠡᠨ ᠠᠳᠡᠯ ᠤᠨ ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠳᠤᠭᠤᠶᠢᠯᠠᠩ ᠪᠠᠶᠢᠭᠤᠯᠵᠤ᠂ ᠠᠳᠡᠯ ᠤᠨ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ ᠠᠬᠢᠴᠠ ᠶᠢᠨ ᠪᠠᠶᠢᠳᠠᠯ ᠢ ᠦᠨᠳᠦᠰᠦᠯᠡᠨ᠂ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠥᠬᠦᠶ ᠵᠢᠷᠤᠭ ᠪᠠ ᠮᠡᠷᠭᠡᠵᠢᠯ ᠤᠨ ᠮᠠᠲ᠋ᠧᠷᠢᠶᠠᠯ ᠢ ᠪᠥᠬᠦ ᠲᠠᠯ᠎ᠠ ᠪᠠᠷ ᠴᠤᠭᠯᠠᠭᠤᠯᠤᠨ ᠡᠮᠬᠢᠯᠡᠵᠦ᠂ ᠠᠪᠤᠷᠠᠨ ᠲᠤᠰᠠᠯᠠᠬᠤ ᠲᠥᠰᠦᠯ ᠤᠨ ᠪᠣᠯᠤᠮᠵᠢᠲᠤ ᠴᠢᠨᠠᠷ ᠢ ᠶᠡᠷᠦᠩᠬᠡᠶᠢᠯᠡᠨ ᠵᠠᠳᠠᠯᠤᠨ ᠨᠤᠲᠠᠯᠠᠵᠤ᠂ ᠠᠪᠤᠷᠠᠨ ᠲᠤᠰᠠᠯᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ ᠰᠢᠢᠳᠪᠦᠷᠢᠯᠡᠵᠦ᠂  ᠠᠳᠡᠯ ᠤᠨ ᠠᠪᠤᠷᠠᠨ ᠲᠤᠰᠠᠯᠠᠬᠤ ᠬᠥᠭᠵᠢᠯᠲᠡ ᠶᠢᠨ ᠬᠠᠨᠳᠤᠰᠢ ᠶᠢ ᠵᠠᠳᠠᠯᠤᠨ ᠦᠨᠡᠯᠡᠵᠦ᠂  ᠠᠳᠡᠯ ᠤᠨ ᠠᠪᠤᠷᠠᠨ ᠲᠤᠰᠠᠯᠠᠬᠤ ᠦᠷ᠎ᠡ ᠳ᠋ᠦᠩ ᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠵᠦ᠂ ᠲᠤᠬᠠᠶ ᠶᠢᠨ ᠲᠠᠯᠠᠪᠤᠷ ᠤᠨ ᠠᠪᠤᠷᠠᠨ ᠲᠤᠰᠠᠯᠠᠬᠤ ᠲᠥᠰᠦᠯ ᠪᠠ ᠬᠤᠶᠢᠰᠢᠳᠠ ᠶᠢᠨ ᠠᠳᠡᠯ ᠤᠨ ᠪᠠᠶᠢᠴᠠᠭᠠᠯᠲᠠ ᠳᠤ ᠦᠨᠳᠦᠰᠦᠯᠡᠯ ᠬᠠᠩᠭᠠᠬᠤ ᠬᠡᠷᠡᠭᠲᠡᠶ᠃      5.6 ᠮᠡᠳᠡᠭᠡ ᠵᠠᠩᠭᠢ ᠶᠢᠨ ᠨᠡᠶᠢᠲᠡᠯᠡᠯ      ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠨᠢ ᠱᠠᠲᠤ ᠬᠤᠪᠢᠶᠠᠨ ᠳᠠᠭᠠᠬᠤ ᠵᠠᠷᠴᠢᠮ ᠶᠣᠰᠣᠭᠠᠷ᠂ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠮᠡᠳᠡᠭᠡ ᠵᠠᠩᠭᠢ ᠨᠡᠶᠢᠲᠡᠯᠡᠬᠦ ᠨᠢ ᠨᠢᠭᠡᠳᠦᠯᠲᠡᠶ᠂ ᠴᠠᠭ ᠲᠤᠬᠠᠶ ᠳᠤᠨᠢ᠂ ᠣᠨᠣᠪᠴᠢᠲᠠᠶ᠂ ᠪᠤᠰᠤᠳᠴᠢ ᠪᠠᠶᠢᠬᠤ ᠬᠡᠷᠡᠭᠲᠡᠶ᠃      5.7 ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠪᠠ      ᠠᠶᠤᠯ ᠳᠤ ᠤᠴᠠᠷᠠᠭᠰᠠᠨ ᠬᠥᠮᠦᠰ ᠢ ᠪᠦᠬᠦᠨ ᠢ ᠠᠪᠤᠷᠠᠨ ᠭᠠᠷᠭᠠᠬᠤ ︵ᠣᠨᠴᠠᠭᠠᠶ ᠪᠠᠶᠢᠳᠠᠯ ᠪᠠᠭᠲᠠᠬᠤ ᠥᠬᠡᠶ︶᠂ ᠡᠭᠦᠰᠦᠮᠡᠯ ᠠᠳᠡᠯ᠂ ᠡᠭᠦᠰᠦᠮᠡᠯ ᠠᠳᠡᠯ ᠤᠨ ᠰᠦᠷᠳᠡᠭᠦᠯᠦᠯ ᠪᠠ ᠬᠤᠤᠷ ᠬᠥᠨᠥᠭᠡᠯ ᠢ ᠬᠢᠵᠠᠭᠠᠷᠯᠠᠭᠰᠠᠨ ᠪᠤᠶᠤ ᠠᠷᠢᠯᠭᠠᠭᠰᠠᠨ ᠤ ᠳᠠᠷᠠᠭ᠎ᠠ᠂ ᠠᠳᠡᠯ ᠤᠨ ᠲᠠᠰ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠠᠴᠠ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠵᠤ ᠳᠠᠭᠤᠰᠤᠭᠰᠠᠨ ᠢ ᠵᠠᠷᠯᠠᠬᠤ ᠬᠡᠷᠡᠭᠲᠡᠶ᠃      6  ᠬᠤᠶᠢᠨᠠᠬᠢ ᠠᠵᠢᠯ      6.1 ᠬᠤᠶᠢᠳᠤᠬᠢ ᠶᠠᠪᠤᠳᠠᠯ ᠢ ᠰᠢᠢᠳᠪᠦᠷᠢᠯᠡᠬᠦ      ᠬᠤᠶᠢᠨᠠᠬᠢ ᠶᠠᠪᠤᠳᠠᠯ ᠢ  ᠰᠢᠢᠳᠪᠦᠷᠢᠯᠡᠬᠦ ᠳᠤᠭᠤᠶᠢᠯᠠᠩ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ᠂ ᠲᠣᠭᠲᠠᠭᠠᠯ ᠶᠣᠰᠣᠭᠠᠷ ᠨᠡᠭᠦᠷᠡᠰᠦᠨ ᠠᠭᠤᠷᠬᠠᠶ ᠶᠢᠨ ᠠᠳᠡᠯ ᠳᠠᠬᠢ ᠦᠬᠦᠵᠦ ᠰᠢᠷᠬᠠᠲᠤᠭᠰᠠᠳ ᠵᠢᠴᠢ ᠲᠥᠷᠥᠯ ᠰᠠᠳᠤᠨ ᠳᠤ ᠠᠰᠠᠷᠠᠮᠵᠢ᠂ ᠨᠥᠬᠦᠪᠥᠷᠢ ᠪᠤᠶᠤ ᠨᠥᠬᠦᠪᠥᠷᠢ ᠣᠯᠭᠤᠬᠤ ᠶᠢᠨ ᠬᠠᠮᠲᠤ ᠴᠢᠬᠤᠯᠠ ᠪᠦᠬᠦᠢ ᠰᠡᠳᠬᠢᠴᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠬᠡᠷᠡᠭᠲᠡᠶ︔ ᠠᠳᠡᠯ ᠠᠴᠠ ᠪᠣᠯᠵᠤ ᠠᠪᠤᠷᠠᠨ ᠲᠤᠰᠠᠯᠠᠭᠰᠠᠨ ᠳᠤ ᠬᠤᠬᠢᠷᠠᠯ ᠳᠤ ᠨᠥᠬᠦᠪᠥᠷᠢ ᠥᠭᠬᠦ᠂ ᠨᠥᠬᠦᠪᠥᠷᠢ ᠥᠭᠬᠦ ᠠᠵᠢᠯ ᠢ  ᠰᠢᠢᠳᠪᠦᠷᠢᠯᠡᠬᠦ ᠬᠡᠷᠡᠭᠲᠡᠶ᠃      6.2 ᠦᠢᠯᠡᠳᠪᠦᠷᠢᠯᠡᠯ ᠪᠠ ᠪᠦᠲᠦᠭᠡᠨ ᠪᠠᠶᠢᠭᠤᠯᠤᠯᠲᠠ ᠶᠢ ᠰᠡᠷᠭᠦᠭᠡᠨ᠎ᠡ      ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠤᠭᠰᠠᠨ ᠤ ᠳᠠᠷᠠᠭ᠎ᠠ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠰᠡᠷᠭᠦᠭᠡᠵᠦ ᠳᠡᠶᠢᠯᠬᠦ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠢ ᠪᠣᠯ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠠᠴᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠠᠵᠢᠯ ᠢ ᠢᠳᠡᠪᠬᠢᠲᠡᠶ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠢ ᠳᠡᠮᠵᠢᠯᠭᠡ ᠦᠵᠡᠭᠦᠯᠵᠦ᠂ ᠵᠢᠭᠠᠨ ᠵᠢᠯᠣᠭᠤᠳᠬᠤ ᠬᠡᠷᠡᠭᠲᠡᠶ᠃      7 ᠪᠠᠢᠴᠠᠭᠠᠯᠳᠠ ᠵᠠᠳᠠᠯᠤᠯᠳᠠ      ᠠᠳᠡᠯ ᠢ ᠪᠠᠶᠢᠴᠠᠭᠠᠬᠤ ᠳᠤᠭᠤᠶᠢᠯᠠᠩ ᠨᠢ ᠨᠡᠭᠦᠷᠡᠰᠦᠨ ᠠᠭᠤᠷᠬᠠᠢ ᠶᠢᠨ ᠠᠳᠡᠯ ᠢ ᠰᠢᠢᠳᠪᠦᠷᠢᠯᠡᠬᠦ ᠱᠠᠲᠤᠨ ᠳᠤ ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠬᠤ ᠳᠤ ᠣᠷᠣᠯᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠳᠠᠭᠤᠷᠢᠶᠠᠬᠤ᠂ ᠪᠤᠳᠤᠬᠤ ᠵᠢᠴᠢ ᠲᠤᠬᠠᠢ ᠶᠢᠨ ᠬᠥᠮᠥᠨ ᠢ ᠪᠠᠶᠢᠴᠠᠭᠠᠨ ᠠᠰᠠᠭᠤᠬᠤ ᠪᠠᠷ ᠳᠠᠮᠵᠢᠨ᠂ ᠬᠤᠯᠪᠣᠭᠳᠠᠯ ᠪᠦᠬᠦᠢ ᠵᠢᠷᠤᠭ ᠮᠠᠲ᠋ᠧᠷᠢᠶᠠᠯ ᠢ ᠪᠠᠶᠢᠴᠠᠭᠠᠨ ᠦᠵᠡᠵᠦ᠂ ᠠᠳᠡᠯ ᠭᠠᠷᠤᠭᠰᠠᠨ ᠰᠢᠯᠲᠠᠭᠠᠨ᠂ ᠰᠢᠨᠵᠢ ᠴᠢᠨᠠᠷ᠂ ᠬᠠᠷᠢᠭᠤᠴᠠᠯᠭ᠎ᠠ ᠪᠠᠨ ᠳ᠋ᠦᠩᠨᠡᠵᠦ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠣᠨᠴᠠ ᠬᠦᠨᠳᠦ ᠶᠡᠭᠡ᠂ ᠬᠦᠨᠳᠦ ᠶᠡᠭᠡ ᠨᠡᠭᠦᠷᠡᠰᠦᠨ ᠠᠭᠤᠷᠬᠠᠢ ᠶᠢᠨ ᠠᠳᠡᠯ ᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠪᠠᠶᠢᠴᠠᠭᠠᠨ ᠬᠠᠮᠵᠢᠯᠴᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠬᠦᠨᠳᠦ ᠶᠡᠭᠡ ᠵᠢᠴᠢ ᠲᠡᠭᠦᠨ ᠠᠴᠠ ᠳᠣᠷᠣᠭᠰᠢᠬᠢ ᠠᠳᠡᠯ ᠤᠨ ᠪᠠᠶᠢᠴᠠᠭᠠᠯᠲᠠ ᠶᠢ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠠᠴᠠ ᠲᠦᠷᠦᠭᠦᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠬᠠᠮᠵᠢᠯᠴᠠᠨ᠎ᠠ᠃      8 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ      8.1 ᠴᠢᠮᠡᠭᠡ ᠬᠤᠯᠪᠣᠭᠠᠨ ᠤ ᠪᠠᠲᠤᠯᠠᠭ᠎ᠠ      ᠪᠥᠬᠦ ᠬᠤᠲᠠ ᠶᠢ ᠬᠠᠮᠤᠷᠤᠭᠰᠠᠨ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ᠂ ᠠᠭᠤᠷᠬᠠᠶ ᠶᠢᠨ ᠲᠦᠷᠭᠡᠨ ᠠᠪᠤᠷᠠᠬᠤ ᠠᠩᠭᠢ᠂ ᠴᠢᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠨᠤᠭᠤᠳ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠬᠦ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃      8.2 ᠡᠩᠨᠡᠭᠡ ᠶᠢᠨ ᠪᠠᠲᠤᠯᠠᠭ᠎ᠠ      ᠪᠤᠢ ᠪᠦᠬᠦᠢ ᠨᠡᠭᠦᠷᠡᠰᠦᠨ ᠠᠭᠤᠷᠬᠠᠢ ᠶᠢᠨ ᠠᠵᠤ ᠠᠬᠤᠢᠯᠠᠯ ᠡᠷᠬᠡᠪᠰᠢ ᠠᠭᠤᠷᠬᠠᠢ ᠶᠢᠨ ᠲᠦᠷᠭᠡᠨ ᠠᠪᠤᠷᠠᠯᠲᠠ ᠶᠢᠨ ᠠᠩᠭᠢ ᠲᠡᠭᠦᠨ ᠳᠤ ᠦᠶᠢᠯᠡᠴᠢᠯᠡᠬᠦ ᠬᠡᠷᠡᠭᠲᠡᠢ ᠠᠭᠤᠷᠬᠠᠶ ᠶᠢᠨ ᠬᠤᠳᠳᠤᠭ ᠤᠨ ᠠᠵᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠠᠭᠤᠷᠬᠠᠶ ᠶᠢᠨ ᠠᠪᠤᠷᠠᠨ ᠲᠤᠰᠠᠯᠠᠬᠤ ᠠᠩᠭᠢ ᠪᠠᠶᠢᠭᠤᠯᠵᠤ᠂ ᠠᠭᠤᠷᠬᠠᠶ ᠶᠢᠨ ᠠᠪᠤᠷᠠᠨ ᠲᠤᠰᠠᠯᠠᠬᠤ ᠠᠩᠭᠢ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠡᠳᠦᠶ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠳᠤ᠂ ᠬᠠᠷᠢᠶ᠎ᠠ ᠪᠦᠬᠦᠢ ᠨᠡᠭᠦᠷᠡᠰᠦᠨ ᠠᠭᠤᠷᠬᠠᠶ ᠨᠤᠭᠤᠳ ᠨᠢ ᠲᠤᠰᠢᠶᠠᠯ ᠬᠠᠪᠰᠤᠷᠭᠠᠭᠰᠠᠨ ᠲᠦᠷᠭᠡᠨ ᠠᠪᠤᠷᠠᠬᠤ ᠠᠩᠭᠢ ᠪᠠᠶᠢᠭᠤᠯᠬᠤ ᠶᠢᠨ ᠬᠠᠮᠲᠤ ᠣᠶᠢᠷ᠎ᠠ ᠬᠠᠪᠢ ᠶᠢᠨ ᠠᠭᠤᠷᠬᠠᠶ ᠶᠢᠨ ᠠᠪᠤᠷᠠᠨ ᠲᠤᠰᠠᠯᠠᠬᠤ ᠠᠩᠭᠢ ᠯᠤᠭ᠎ᠠ ᠠᠪᠤᠷᠠᠨ ᠲᠤᠰᠠᠯᠠᠬᠤ ᠬᠡᠯᠡᠯᠴᠡᠭᠡᠷ ᠲᠣᠭᠲᠠᠬᠤ ᠬᠡᠷᠡᠭᠲᠡᠶ᠃ ᠠᠭᠤᠷᠬᠠᠢ ᠶᠢᠨ ᠲᠦᠷᠭᠡᠨ ᠠᠪᠤᠷᠠᠯᠲᠠ ᠶᠢᠨ ᠠᠩᠭᠢ ᠦᠶᠢᠯᠡᠴᠢᠯᠡᠭᠡ ᠶᠢᠨ ᠨᠡᠭᠦᠷᠡᠰᠦᠨ ᠠᠭᠤᠷᠬᠠᠢ ᠳᠤ ᠬᠦᠷᠬᠦ ᠴᠠᠭ ᠢ 30 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃      ᠡᠩ ᠤᠨ ᠪᠠ ᠨᠡᠯᠢᠶᠡᠳ ᠶᠡᠭᠡ ᠠᠳᠡᠯ ᠪᠤᠶᠤ ᠲᠦᠭᠰᠢᠭᠦᠷᠢᠲᠦ ᠪᠠᠶᠢᠳᠠᠯ ᠭᠠᠷᠤᠭᠰᠠᠨ  ᠦᠶ᠎ᠡ ᠳᠤ᠂ ᠠᠪᠤᠷᠠᠨ ᠲᠤᠰᠠᠯᠠᠬᠤ ᠬᠡᠯᠡᠯᠴᠡᠭᠡᠷ ᠲᠣᠭᠲᠠᠭᠰᠠᠨ ᠠᠭᠤᠷᠬᠠᠶ ᠶᠢᠨ ᠠᠪᠤᠷᠠᠨ ᠲᠤᠰᠠᠯᠠᠬᠤ ᠡᠩᠨᠡᠭᠡ ᠯᠦᠭᠡ ᠠᠪᠤᠷᠠᠨ ᠲᠤᠰᠠᠯᠠᠬᠤ ᠪᠡᠯᠡᠳᠬᠡᠯ ᠢ ᠪᠤᠰᠢᠭᠤ ᠲᠦᠷᠭᠡᠨ ᠰᠠᠶᠢᠲᠤᠷ ᠬᠢᠵᠦ᠂ ᠤᠷᠢᠶᠠᠯᠠᠭ᠎ᠠ ᠶᠢ ᠬᠦᠯᠢᠶᠡᠨ ᠠᠪᠤᠭᠠᠳ ᠭᠠᠮᠰᠢᠭᠳᠠᠭᠰᠠᠨ ᠣᠷᠣᠨ ᠤ ᠲᠤᠬᠠᠶ ᠶᠢᠨ ᠭᠠᠵᠠᠷ ᠲᠤ ᠳᠠᠷᠦ᠋ᠢᠬᠠᠨ ᠣᠴᠢᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠬᠡᠷᠡᠭᠲᠡᠶ᠃ ᠬᠦᠨᠳᠦ ᠶᠡᠭᠡ ᠣᠨᠴᠠ ᠶᠡᠭᠡ ᠠᠳᠡᠯ ᠪᠤᠶᠤ ᠲᠦᠭᠰᠢᠭᠦᠷᠢᠲᠦ ᠪᠠᠶᠢᠳᠠᠯ ᠭᠠᠷᠤᠭᠰᠠᠨ ᠦᠶ᠎ᠡ ᠳᠤ᠂ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠪᠠᠶᠢᠭᠤᠯᠤᠮᠵᠢ ᠠᠴᠠ ᠠᠶᠤᠯ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠦᠵᠡᠵᠦ᠂ ᠬᠤᠲᠠ ᠶᠢᠨ ᠳᠣᠲᠣᠷᠠᠬᠢ ᠠᠭᠤᠷᠬᠠᠢ ᠶᠢᠨ ᠠᠪᠤᠷᠠᠨ ᠲᠤᠰᠠᠯᠠᠬᠤ ᠠᠩᠭᠢ ᠶᠢ ᠵᠣᠬᠢᠴᠠᠭᠤᠯᠤᠨ ᠳᠠᠶᠢᠴᠢᠯᠠᠵᠤ ᠪᠠᠶᠢᠭᠠᠳ ᠠᠶᠤᠯ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃      8.3 ᠮᠡᠷᠭᠡᠵᠢᠯ ᠬᠢᠭᠡᠳ ᠲᠣᠨᠣᠭᠯᠠᠯ ᠤᠨ ᠪᠠᠲᠤᠯᠠᠭ᠎ᠠ      ᠡᠯ᠎ᠡ ᠱᠠᠲᠤᠨ ᠤ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠬᠤ ᠪᠠᠶᠢᠭᠤᠯᠤᠮᠵᠢ ᠨᠤᠭᠤᠳ ᠠᠳᠡᠯ ᠤᠨ ᠲᠥᠷᠥᠯ ᠢᠯᠭᠠᠯ ᠪᠣᠯᠤᠨ ᠬᠦᠨᠳᠦ ᠨᠣᠴᠢᠲᠠᠶ ᠬᠡᠮᠵᠢᠶ᠎ᠡ ᠶᠢ ᠦᠨᠳᠦᠰᠦᠯᠡᠨ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠴᠠᠭ ᠲᠤᠬᠠᠶ ᠳᠤᠨᠢ ᠰᠢᠯᠵᠢᠭᠦᠯᠦᠨ ᠴᠤᠭᠯᠠᠭᠤᠯᠵᠤ ᠠᠳᠡᠯ ᠤᠨ ᠠᠶᠤᠯ ᠠᠴᠠ ᠠᠪᠤᠷᠠᠬᠤ᠂ ᠪᠠᠶᠢᠴᠠᠭᠠᠨ ᠵᠠᠳᠠᠯᠬᠤ ᠳᠤ ᠣᠷᠣᠯᠴᠠᠭᠤᠯᠬᠤ ᠬᠡᠷᠡᠭᠲᠡᠶ᠃ ᠡᠯ᠎ᠡ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠡᠷᠬᠡᠪᠰᠢ ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ᠂ ᠪᠣᠳᠠᠲᠤ ᠪᠠᠶᠢᠳᠠᠯ ᠢ ᠲᠤᠰᠬᠠᠬᠤ ᠬᠠᠮᠢᠶ᠎ᠠ ᠪᠦᠬᠦᠢ ᠵᠢᠷᠤᠭ ᠢ ᠵᠢᠷᠤᠵᠤ ᠭᠠᠷᠭᠠᠬᠤ ᠶᠢᠨ ᠬᠠᠮᠲᠤ ᠲᠤᠰᠬᠠᠶ ᠬᠥᠮᠦᠨ ᠵᠢᠭᠠᠨ ᠲᠣᠭᠲᠠᠭᠠᠵᠤ ᠬᠠᠮᠢᠶᠠᠷᠤᠭᠤᠯᠬᠤ ᠬᠡᠷᠡᠭᠲᠡᠶ᠃      ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢᠶᠠᠨ  ᠴᠢᠩᠭᠠᠳᠬᠠᠵᠤ᠂ ᠡᠯ᠎ᠡ ᠠᠭᠤᠷᠬᠠᠶ ᠶᠢᠨ ᠠᠪᠤᠷᠠᠨ ᠲᠤᠰᠠᠯᠠᠬᠤ ᠠᠩᠭᠢ ᠶᠢᠨ ᠲᠤᠰᠬᠠᠶᠢᠵᠢᠭᠤᠯᠬᠤ᠂ ᠵᠢᠩᠬᠢᠨᠢᠴᠢᠯᠡᠬᠦ᠂ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠲᠦᠯᠬᠢᠨ ᠠᠬᠢᠭᠤᠯᠵᠤ᠂ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠭᠲᠠᠭᠠᠯ ᠶᠣᠰᠣᠭᠠᠷ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠰᠢᠨᠡᠳᠬᠡᠨ ᠨᠥᠬᠦᠪᠥᠷᠢᠯᠡᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠳᠡᠯ ᠤᠨ ᠠᠶᠤᠯ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠪᠡᠯᠡᠳᠬᠡᠮᠵᠢ ᠪᠡᠯᠡᠳᠬᠡᠮᠵᠢ ᠶᠢ ᠲᠦᠷ ᠴᠠᠭ ᠲᠠᠲᠠᠪᠤᠷᠢᠯᠠᠨ ᠬᠡᠷᠡᠭᠯᠡᠵᠦ ᠪᠣᠯᠤᠨ᠎ᠠ᠃      8.4 ᠲᠡᠭᠡᠭᠡᠪᠦᠷᠢ ᠶᠢᠨ ᠪᠠᠲᠤᠯᠠᠭ᠎ᠠ      ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠤ ᠳᠠᠷᠠᠭ᠎ᠠ᠂ ᠲᠡᠭᠡᠭᠡᠪᠦᠷᠢ ᠶᠢᠨ ᠠᠶᠤᠯ ᠦᠭᠡᠶ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ ᠃ ᠴᠢᠬᠤᠯᠠ ᠲᠠᠢ  ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠣᠨᠴᠣᠭᠤᠶ ᠵᠠᠮ ᠭᠠᠷᠭᠠᠵᠤ᠂ ᠠᠪᠤᠷᠠᠨ ᠲᠤᠰᠠᠯᠠᠬᠤ ᠠᠵᠢᠯᠲᠠᠨ᠂ ᠰᠢᠷᠬᠠᠲᠤᠭᠰᠠᠳ᠂ ᠡᠳ᠋ ᠪᠠᠷᠠᠭ᠎ᠠ ᠪᠣᠯᠤᠨ ᠪᠠᠭᠠᠵᠢ ᠬᠡᠷᠡᠭᠰᠡᠯ ᠤᠨ ᠲᠡᠭᠡᠭᠡᠪᠦᠷᠢ ᠶᠢᠨ ᠰᠠᠭᠠᠳ ᠦᠭᠡᠶ ᠨᠡᠪᠲᠡᠷᠡᠬᠦ ᠪᠠ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      8.5 ᠡᠮᠴᠢᠯᠡᠬᠡᠨ ᠡᠷᠡᠬᠦᠯ ᠬᠠᠮᠠᠭᠠᠯᠠᠯ ᠤᠨ ᠪᠠᠳᠣᠯᠠᠭ᠎ᠠ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠡᠮᠨᠡᠯᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠡᠭᠦᠷᠡᠰᠦᠨ ᠠᠭᠤᠷᠬᠠᠶ ᠶᠢᠨ ᠠᠳᠡᠯ ᠤᠨ ᠰᠢᠷᠬᠠᠲᠤᠭᠰᠠᠳ ᠢ ᠠᠪᠤᠷᠠᠨ ᠵᠠᠰᠠᠬᠤ ᠴᠢᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢ ᠲᠣᠳᠣᠷᠬᠠᠶᠢᠯᠠᠬᠤ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠢ ᠶᠢᠨ ᠠᠳᠡᠯ ᠤᠨ ᠰᠢᠷᠬᠠᠲᠤᠭᠰᠠᠳ ᠢ ᠠᠪᠤᠷᠠᠨ ᠵᠠᠰᠠᠬᠤ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠵᠣᠬᠢᠴᠠᠭᠤᠯᠵᠤ ᠪᠠᠶᠢᠭᠠᠳ ᠰᠢᠷᠬᠠᠲᠤᠭᠰᠠᠳ ᠢ ᠠᠪᠤᠷᠠᠨ ᠵᠠᠰᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ ᠠᠪᠤᠷᠠᠨ ᠲᠤᠰᠠᠯᠠᠬᠤ ᠭᠡᠰᠢᠭᠦᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      8.6 ᠡᠳ᠋ ᠪᠣᠳᠠᠰ ᠤᠨ ᠪᠠᠲᠤᠯᠠᠭ᠎ᠠ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠪᠡᠯᠡᠳᠬᠡᠮᠵᠢ᠂ ᠲᠥᠬᠦᠭᠡᠷᠦᠮᠵᠢ᠂ ᠡᠮᠴᠢᠯᠡᠭᠡ ᠶᠢᠨ ᠪᠠᠭᠠᠵᠢ ᠬᠡᠷᠡᠭᠰᠡᠯ ᠪᠣᠯᠤᠨ ᠡᠮ ᠤᠨ ᠵᠦᠢᠯ ᠢ ᠨᠥᠭᠡᠴᠡᠯᠡᠬᠦ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠴᠢᠬᠤᠯᠠ ᠪᠦᠬᠦᠢ ᠡᠳ᠋ ᠪᠠᠷᠠᠭ᠎ᠠ ᠪᠣᠯᠤᠨ ᠲᠣᠨᠣᠭᠯᠠᠯ ᠢ ᠨᠥᠭᠡᠴᠡᠯᠡᠬᠦ ᠬᠡᠷᠡᠭᠲᠡᠶ᠃      8.7 ᠵᠠᠷᠤᠳᠠᠯ ᠤᠨ ᠪᠠᠲᠤᠯᠠᠭ᠎ᠠ      ᠨᠡᠭᠦᠷᠡᠰᠦᠨ ᠠᠭᠤᠷᠬᠠᠶ ᠶᠢᠨ ᠠᠳᠡᠯ ᠠᠴᠠ ᠠᠪᠤᠷᠠᠨ ᠲᠤᠰᠠᠯᠠᠬᠤ᠂ ᠰᠡᠭᠦᠯᠴᠢ ᠶᠢᠨ ᠶᠠᠪᠤᠳᠠᠯ ᠢ  ᠰᠢᠢᠳᠪᠦᠷᠢᠯᠡᠬᠦ ᠵᠠᠷᠤᠳᠠᠯ ᠢ ᠠᠳᠡᠯ ᠤᠨ ᠬᠠᠷᠢᠭᠤᠴᠠᠯᠭᠠᠲᠤ ᠨᠢᠭᠡᠴᠡ ᠡᠭᠦᠷᠭᠡᠯᠡᠬᠦ ᠪᠤᠶᠤ ᠠᠳᠡᠯ ᠤᠨ ᠬᠠᠷᠢᠭᠤᠴᠠᠯᠭ᠎ᠠ ᠲᠠᠢ ᠨᠢᠭᠡᠴᠡ ᠲᠠᠢ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠲᠣᠭᠲᠠᠬᠤ ᠵᠥᠪᠳᠡᠯᠴᠡᠬᠡᠷ ᠤᠨ ᠳᠠᠭᠠᠳᠬᠠᠯ ᠤᠨ ᠺᠣᠮᠫᠠᠨᠢ ᠭᠡᠷ᠎ᠡ ᠶᠢᠨ ᠲᠣᠭᠲᠠᠭᠠᠯ ᠶᠣᠰᠣᠭᠠᠷ ᠥᠭᠬᠦ ᠬᠡᠷᠡᠭᠲᠡᠶ᠃ ᠠᠳᠡᠯ ᠭᠠᠷᠤᠭᠰᠠᠨ ᠨᠢᠭᠡᠴᠡ ᠨᠢ ᠲᠦᠷ ᠴᠠᠭ ᠳᠠᠭᠠᠭᠠᠵᠤ ᠳᠡᠶᠢᠯᠬᠦ ᠥᠬᠡᠶ ᠦᠶ᠎ᠡ ᠳᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠲᠠᠰ ᠤᠨ ᠬᠠᠷᠠᠭᠠᠯᠵᠠᠭᠰᠠᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠭᠤᠤᠯ ᠴᠣᠭᠴᠠ ᠶᠢ ᠦᠨᠳᠦᠰᠦᠯᠡᠨ᠂ ᠠᠳᠠᠯᠢ ᠱᠠᠲᠤᠨ ᠤ ᠡᠳ᠋ ᠤᠨ ᠵᠠᠰᠠᠭ ᠠᠴᠠ ᠬᠤᠲᠠ ᠶᠢᠨ ᠵᠢᠯᠣᠭᠤᠳᠬᠤ ᠭᠠᠵᠠᠷ ᠤᠨ ᠵᠠᠷᠯᠢᠭ ᠶᠣᠰᠣᠭᠠᠷ ᠤᠷᠢᠳᠠᠪᠠᠷ ᠣᠷᠣᠯᠠᠨ ᠥᠭᠭᠦᠨ᠎ᠡ᠃      9 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠬᠢᠭᠡᠳ ᠵᠣᠯᠭᠠᠯᠳᠤᠯ      ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ︽ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2 ᠳ᠋ᠤᠭᠠᠷ ᠲᠣᠭᠠᠲᠤ︶ ᠤᠨ ᠠᠷᠪᠠᠨ ᠬᠤᠶᠠᠳᠤᠭᠠᠷ ᠵᠦᠢᠯ ᠢ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠬᠤᠯᠪᠣᠭᠳᠠᠬᠤ ᠪᠠᠷᠢᠮᠵᠢᠶ᠎ᠠ ᠶᠢ ᠦᠨᠳᠦᠰᠦᠯᠡᠨ᠂ ᠲᠣᠰ ᠨᠢᠭᠡᠴᠢ ᠶᠢᠨ ᠢᠶᠠᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮᠵᠢ᠂ ᠦᠢᠯᠡᠳᠪᠦᠷᠢᠯᠡᠯ ᠤᠨ ᠬᠡᠪᠴᠢᠶ᠎ᠡ ᠪᠠ ᠭᠠᠷᠴᠤ ᠮᠡᠳᠡᠬᠦ  ᠠᠳᠡᠯ ᠤᠨ ᠣᠨᠴᠠᠯᠢᠭ ᠲᠠᠢ ᠤᠶᠠᠯᠳᠤᠭᠤᠯᠤᠨ᠂ ᠬᠤᠯᠪᠣᠭᠳᠠᠬᠤ ᠪᠡᠯᠡᠳᠬᠡᠯ ᠲᠥᠰᠦᠯ ᠲᠠᠢ ᠵᠣᠯᠭᠠᠯᠳᠤᠭᠤᠯᠬᠤ ᠶᠢ ᠪᠠᠲᠤᠯᠠᠵᠤ᠂ ᠲᠣᠰ ᠨᠢᠭᠡᠴᠢ ᠶᠢᠨ ᠢᠶᠠᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠤᠷᠢᠳᠠᠪᠠᠷ ᠰᠢᠢᠳᠪᠦᠷᠢᠯᠡᠬᠦ ᠵᠡᠷᠭᠡ ᠣᠨᠴᠠᠯᠢᠭ︾ ᠢ ᠢᠯᠡᠷᠡᠭᠦᠯᠬᠦ ᠬᠡᠷᠡᠭᠲᠡᠶ᠃ ᠵᠢᠴᠢ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠲᠦᠷᠢᠮ︾ ︵GB/T29639 - 2020︶ ᠤᠨ ᠬᠤᠯᠪᠣᠭᠳᠠᠬᠤ ᠱᠠᠭᠠᠷᠳᠠᠯᠭ᠎ᠠ᠂ ︽ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠦᠯ︾ ᠤᠨ ᠲᠣᠭᠲᠠᠯᠴᠠᠭ᠎ᠠ ᠶᠢ ᠵᠣᠯᠭᠠᠯᠳᠤᠭᠤᠯᠬᠤ ᠱᠠᠭᠠᠷᠳᠠᠯᠭ᠎ᠠ ᠶᠣᠰᠣᠭᠠᠷ᠂ ᠲᠤᠰ ᠪᠡᠯᠡᠳᠬᠡᠯ ᠲᠥᠰᠦᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠶ ᠶᠢᠨ  ᠠᠳᠡᠯ ᠤᠨ ᠪᠠᠴᠢᠮ ᠶᠠᠭᠠᠷᠠᠯᠲᠠᠢ ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠪᠡᠯᠡᠳᠬᠡᠯ ᠲᠥᠰᠦᠯ︾ ᠲᠠᠢ ᠵᠣᠯᠭᠠᠯᠳᠤᠭᠤᠯᠤᠨ᠎ᠠ᠃      10 ᠳᠠᠭᠠᠯᠲᠠ ᠳᠦᠷᠢᠮ      10.1 ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠳᠬᠡᠯ      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠣᠰ ᠪᠡᠯᠡᠳᠬᠡᠯ ᠲᠥᠰᠦᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃      ᠡᠯ᠎ᠡ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠨ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ ᠶᠣᠰᠣᠭᠠᠷ ᠳᠠᠩᠰᠠᠯᠠᠭᠤᠯᠬᠤ ᠶᠢᠨ ᠬᠠᠮᠲᠤ ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠲᠣᠭᠲᠠᠭᠠᠯ ᠶᠣᠰᠣᠭᠠᠷ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠳᠤ ᠳᠠᠩᠰᠠᠯᠠᠭᠤᠯᠬᠤ ᠬᠡᠷᠡᠭᠲᠡᠶ᠃      10.2 ᠤᠬᠠᠭᠤᠯᠭ᠎ᠠ᠂ ᠪᠣᠯᠪᠠᠰᠤᠷᠠᠭᠤᠯᠤᠯ ᠪᠠ ᠰᠣᠷᠢᠯᠲᠠ      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠣᠰ ᠪᠡᠯᠡᠳᠬᠡᠯ ᠲᠥᠰᠦᠯ ᠤᠨ ᠤᠬᠠᠭᠤᠯᠭ᠎ᠠ᠂ ᠪᠣᠯᠪᠠᠰᠤᠷᠠᠭᠤᠯᠤᠯ ᠪᠠ ᠰᠣᠷᠢᠯᠲᠠ ᠶᠢᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠲᠦᠷᠦᠭᠦᠯᠡᠨ ᠬᠠᠷᠢᠭᠤᠴᠠᠨ᠎ᠠ᠃      10.3 ᠪᠡᠯᠡᠳᠭᠡᠯ ᠲᠦᠰᠦᠯ ᠤᠨ ᠲᠠᠢᠯᠪᠤᠷᠢᠯᠠᠯᠲᠠ      ᠲᠣᠰ ᠪᠡᠯᠡᠳᠬᠡᠯ ᠲᠥᠰᠦᠯ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃      10.4 ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ ᠬᠤᠭᠤᠴᠠᠭ᠎ᠠ      ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠠᠭᠠᠯᠳᠤᠭᠤᠯᠤᠯ᠄ 1. ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠤ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ      2. ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠡᠯ᠎ᠡ ᠠᠵᠢᠯ ᠤᠨ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ      ᠳᠠᠭᠠᠯᠳᠤᠭᠤᠯᠤᠯ 1      ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠴᠢᠬᠤᠯᠠ ᠲᠠᠢ ᠦᠶ᠎ᠡ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠠᠭ ᠲᠤᠬᠠᠢ ᠳᠤᠨᠢ ᠰᠡᠵᠢᠭ ᠢ ᠠᠯᠳᠠᠷᠠᠭᠠᠵᠤ᠂ ᠪᠣᠳᠠᠲᠤ ᠬᠡᠷᠡᠭ ᠢ ᠲᠣᠳᠣᠷᠬᠠᠶᠢᠯᠠᠨ᠎ᠠ︔ ᠵᠠᠭᠤᠴᠢᠯᠠᠭᠤᠷ ᠢ ᠵᠣᠬᠢᠶᠠᠨ ᠪᠠᠶᠢᠭᠤᠯᠵᠤ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠨᠡᠭᠦᠷᠡᠰᠦᠨ ᠠᠭᠤᠷᠬᠠᠢ ᠶᠢᠨ ᠠᠳᠡᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠬᠠᠷᠢᠭᠤᠴᠠᠨ᠎ᠠ︔ ᠵᠠᠭᠤᠴᠢᠯᠠᠭᠤᠷ ᠤᠨ ᠮᠡᠳᠡᠭᠡᠯᠡᠯ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃      ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠣᠭᠤᠳᠬᠤ ᠶᠢ ᠬᠠᠷᠢᠭᠤᠴᠠᠨ᠎ᠠ︔ ᠪᠦᠬᠦ ᠬᠤᠲᠠ ᠶᠢᠨ ᠨᠡᠯᠢᠶᠡᠳ ᠶᠡᠭᠡ ᠠᠴᠠ ᠳᠡᠭᠡᠭᠰᠢᠬᠢ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠠᠮᠢᠶ᠎ᠠ ᠪᠦᠬᠦᠢ ᠡᠩᠨᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠡᠭᠦᠷᠡᠰᠦᠨ ᠠᠭᠤᠷᠬᠠᠢ ᠶᠢᠨ ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠣᠷᠣᠯᠴᠠᠭᠤᠯᠤᠨ᠎ᠠ︔ ᠠᠳᠡᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠭᠠᠮᠰᠢᠭᠳᠠᠭᠰᠠᠨ ᠬᠥᠮᠦᠰ ᠪᠤᠶᠤ ᠰᠦᠷᠳᠡᠭᠦᠯᠦᠭᠳᠡᠵᠦ ᠪᠠᠶᠢᠭ᠎ᠠ ᠬᠥᠮᠦᠰ ᠢ ᠰᠢᠯᠵᠢᠭᠦᠯᠬᠦ ᠪᠠ ᠲᠦᠷ ᠴᠠᠭ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠡ᠃      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠦᠭᠦᠯᠡᠨ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠰᠣᠷᠢᠯᠲᠠ ᠬᠢᠬᠦ ᠵᠡᠷᠭᠡ ᠠᠵᠢᠯ ᠢ ᠡᠭᠦᠷᠭᠡᠯᠡᠨ᠎ᠡ︔ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠵᠤ᠂ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠴᠠ ᠳᠡᠭᠡᠭᠰᠢᠬᠢ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠭᠤᠯᠤᠨ᠎ᠠ︔ ᠨᠡᠭᠦᠷᠡᠰᠦᠨ ᠠᠭᠤᠷᠬᠠᠢ ᠶᠢᠨ ᠠᠳᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ︔ ᠬᠤᠲᠠ ᠶᠢᠨ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠭᠠᠵᠠᠷ ᠢ ᠵᠣᠬᠢᠶᠠᠨ ᠪᠠᠶᠢᠭᠤᠯᠬᠤ ᠪᠠ ᠵᠢᠯᠣᠭᠤᠳᠴᠤ ᠪᠠᠶᠢᠭᠠᠳ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠥᠮᠦᠰ ᠢ ᠲᠠᠷᠬᠠᠭᠠᠬᠤ᠂ ᠠᠮᠤᠷ ᠢ ᠬᠠᠮᠠᠭᠠᠯᠠᠬᠤ ᠪᠠ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠨ᠎ᠠ︔ ᠨᠡᠭᠦᠷᠡᠰᠦᠨ ᠠᠭᠤᠷᠬᠠᠢ ᠶᠢᠨ ᠠᠳᠡᠯ ᠤᠨ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠠ︔ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠴᠠ ᠳᠡᠭᠡᠭᠰᠢᠬᠢ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠷᠢᠭᠤᠴᠠᠨ ᠵᠢᠯᠣᠭᠤᠳᠴᠤ ᠪᠠᠶᠢᠭᠠᠳ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠶᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠲᠠᠢ ᠬᠠᠮᠵᠢᠯᠴᠠᠨ ᠠᠳᠡᠯ ᠭᠠᠷᠤᠭᠰᠠᠨ ᠭᠠᠵᠠᠷ ᠢ ᠰᠠᠶᠢᠲᠤᠷ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠪᠤᠷᠠᠨ ᠲᠤᠰᠠᠯᠠᠬᠤ ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠢᠬᠤᠯᠠ ᠪᠦᠬᠦᠢ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠣᠷᠣᠰᠢᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠠᠳᠡᠯ ᠤᠨ ᠣᠷᠣᠨ ᠪᠦᠰᠡ ᠶᠢᠨ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ᠂ ᠭᠠᠵᠠᠷ ᠤᠨ ᠵᠢᠷᠤᠭ ᠤᠨ ᠮᠠᠲ᠋ᠧᠷᠢᠶᠠᠯ ᠪᠠ ᠰᠠᠭᠤᠷᠢ ᠬᠡᠮᠵᠢᠨ ᠵᠢᠷᠤᠭᠯᠠᠭᠰᠠᠨ ᠦᠷ᠎ᠡ ᠪᠦᠲᠦᠭᠡᠯ ᠢ ᠬᠠᠷᠢᠭᠤᠴᠠᠨ ᠬᠠᠩᠭᠠᠵᠤ᠂ ᠳᠠᠭᠠᠭᠤᠯᠢ ᠣᠳᠣᠨ ᠤ ᠶᠡᠷᠦᠩᠬᠡᠶᠢᠯᠡᠭᠰᠡᠨ ᠣᠷᠣᠨ ᠪᠠᠶᠢᠷᠢ ᠲᠣᠭᠲᠠᠭᠠᠬᠤ ᠰᠠᠭᠤᠷᠢ ᠪᠠᠷᠢᠮᠵᠢᠶ᠎ᠠ ᠶᠢᠨ ᠦᠢᠯᠡᠴᠢᠯᠡᠭᠡ ᠬᠠᠩᠭᠠᠵᠤ᠂ ᠪᠠᠴᠢᠮ ᠪᠠᠶᠢᠳᠠᠯ ᠢ ᠠᠷᠭᠠᠴᠠᠨ ᠬᠡᠮᠵᠢᠨ ᠵᠢᠷᠤᠬᠤ ᠦᠢᠯᠡᠴᠢᠯᠡᠭᠡ ᠬᠠᠩᠭᠠᠨ᠎ᠠ︔ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ ᠵᠡᠷᠭᠡ ᠭᠠᠵᠠᠷ ᠤᠨ ᠭᠠᠮᠰᠢᠭ ᠠᠴᠠ ᠪᠣᠯᠤᠭᠰᠠᠨ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠤᠨ ᠭᠠᠮᠰᠢᠭ ᠭᠠᠷᠤᠭᠰᠠᠨ ᠰᠢᠯᠲᠠᠭᠠᠨ᠂ ᠨᠥᠯᠥᠭᠡᠯᠡᠬᠦ ᠬᠡᠪᠴᠢᠶ᠎ᠡ ᠵᠡᠷᠭᠡ ᠪᠠᠶᠢᠳᠠᠯ ᠢ ᠲᠦᠷᠭᠡᠬᠡᠨ ᠪᠠᠶᠢᠴᠠᠭᠠᠨ ᠲᠣᠳᠣᠯᠠᠵᠤ᠂ ᠪᠠᠴᠢᠮ ᠪᠠᠶᠢᠳᠠᠯ ᠢ ᠠᠷᠭᠠᠴᠠᠨ ᠵᠠᠰᠠᠬᠤ ᠠᠷᠭ᠎ᠠ ᠬᠡᠮᠵᠢᠶ᠎ᠡ ᠳᠤᠷᠠᠳᠴᠤ᠂ ᠭᠠᠵᠠᠷ ᠤᠨ ᠭᠠᠶ ᠭᠠᠮᠰᠢᠭ ᠤᠨ ᠪᠠᠶᠢᠳᠠᠯ ᠢ ᠬᠥᠩᠭᠡᠷᠡᠭᠦᠯᠬᠦ ᠪᠠ ᠡᠵᠡᠮᠳᠡᠬᠦ ᠬᠡᠷᠡᠭᠲᠡᠶ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃      ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠄ ᠨᠡᠭᠦᠷᠡᠰᠦᠨ ᠠᠭᠤᠷᠬᠠᠶ ᠶᠢᠨ ᠣᠷᠣᠨ ᠤ ᠣᠶᠢᠷ᠎ᠠ ᠬᠠᠪᠢ ᠶᠢᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠠᠭᠤᠯᠠᠨ ᠦᠶᠡᠷ ᠤᠨ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ᠂ ᠡᠪᠡᠳᠴᠢᠨ ᠡᠮᠭᠡᠭ ᠢ ᠰᠡᠷᠭᠡᠶᠢᠯᠡᠬᠦ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠣᠷᠣᠨ ᠨᠤᠲᠤᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃      ᠬᠤᠲᠠ ᠶᠢᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠶᠢ ᠬᠠᠷᠢᠭᠤᠴᠠᠵᠤ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠨ᠎ᠠ︔ ᠴᠠᠭ ᠠᠭᠤᠷ ᠤᠨ ᠭᠠᠮᠰᠢᠭ ᠠᠴᠠ ᠪᠣᠯᠤᠭᠰᠠᠨ ᠨᠡᠭᠦᠷᠡᠰᠦᠨ ᠠᠭᠤᠷᠬᠠᠢ ᠶᠢᠨ ᠠᠳᠡᠯ ᠤᠨ ᠭᠠᠮᠰᠢᠭ ᠤᠨ ᠪᠠᠶᠢᠴᠠᠭᠠᠯᠲᠠ᠂ ᠦᠨᠡᠯᠡᠨ ᠵᠢᠱᠢᠯᠲᠡ ᠵᠢᠴᠢ ᠴᠠᠭ ᠠᠭᠤᠷ ᠤᠨ ᠵᠠᠳᠠᠯᠤᠯᠲᠠ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃      ᠬᠤᠲᠠ ᠶᠢᠨ ᠭᠠᠵᠠᠷ ᠬᠥᠳᠡᠯᠦᠯᠲᠡ ᠶᠢᠨ ᠲᠣᠪᠴᠢᠶ᠎ᠠ᠄ ᠨᠡᠭᠦᠷᠡᠰᠦᠨ ᠠᠭᠤᠷᠬᠠᠢ ᠶᠢᠨ ᠣᠷᠣᠨ ᠤ ᠬᠡᠪᠴᠢᠶᠡᠨ ᠳᠣᠲᠣᠷᠠᠬᠢ ᠭᠠᠵᠠᠷ ᠬᠥᠳᠡᠯᠦᠯᠲᠡ᠂ ᠠᠭᠤᠷᠬᠠᠢ ᠶᠢᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠪᠠ ᠭᠠᠵᠠᠷ ᠬᠥᠳᠡᠯᠦᠯᠲᠡ ᠶᠢᠨ ᠠᠵᠢᠯᠯᠠᠭ᠎ᠠ ᠶᠢᠨ ᠬᠠᠨᠳᠤᠰᠢ ᠶᠢ ᠰᠤᠳᠤᠯᠤᠨ ᠮᠠᠭᠠᠳᠯᠠᠬᠤ ᠰᠠᠨᠠᠯ ᠬᠠᠩᠭᠠᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠪᠣᠯᠤᠨ ᠭᠠᠵᠠᠷ ᠬᠥᠳᠡᠯᠦᠯᠲᠡ ᠶᠢᠨ ᠮᠡᠳᠡᠭᠡ ᠵᠠᠩᠭᠢ ᠶᠢ ᠠᠩᠬᠠᠷᠴᠤ᠂ ᠴᠠᠭ ᠲᠤᠬᠠᠶ ᠳᠤᠨᠢ ᠨᠡᠪᠲᠡᠷᠡᠭᠦᠯᠦᠨ᠎ᠡ᠃      ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠄ ᠠᠪᠤᠷᠠᠨ ᠲᠤᠰᠠᠯᠠᠬᠤ ᠬᠡᠷᠡᠭᠴᠡᠭᠡ ᠪᠠᠨ ᠦᠨᠳᠦᠰᠦᠯᠡᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠨ᠎ᠠ᠃      ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ᠄ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠨ᠎ᠠ᠃      ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠪᠠᠶᠠᠨᠨᠠᠭᠤᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠠᠶᠠᠨᠨᠠᠭᠤᠷ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠪᠠᠶᠠᠨᠨᠠᠭᠤᠷ ᠤᠨ ᠬᠤᠪᠢᠶᠠᠷᠢ ᠺᠣᠮᠫᠠᠨᠢ᠄ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷᠠᠬᠢ ᠨᠡᠶᠢᠲᠡ ᠶᠢᠨ ᠰᠦᠯᠵᠢᠶᠡᠨ ᠤ ᠴᠢᠮᠡᠭᠡ ᠬᠤᠯᠪᠣᠭᠠᠨ ᠤ ᠰᠢᠰᠲ᠋ᠧᠮ ᠤᠨ ᠲᠥᠬᠦᠭᠡᠷᠦᠮᠵᠢ᠂ ᠲᠥᠬᠦᠭᠡᠷᠦᠮᠵᠢ ᠶᠢ ᠪᠦᠷᠢᠨ ᠪᠦᠲᠦᠨ ᠪᠠᠶᠢᠯᠭᠠᠬᠤ ᠶᠢ ᠪᠠᠲᠤᠯᠠᠵᠤ᠂ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠭᠤᠴᠠᠭᠠᠨ ᠳᠠᠬᠢ ᠴᠢᠮᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃      ᠳᠠᠭᠠᠯᠳᠤᠭᠤᠯᠤᠯ 2      ᠪᠠᠶᠠᠨᠨᠠᠭᠤᠷ ᠬᠤᠲᠠ ᠶᠢᠨ ᠨᠡᠭᠦᠷᠡᠰᠦᠨ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ      ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠳᠣᠤᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ᠂ ᠠᠮᠤᠷ ᠲᠦᠪᠰᠢᠨ ᠢ ᠵᠠᠰᠠᠵᠤ ᠲᠣᠭᠲᠠᠭᠤᠨ ᠪᠠᠶᠢᠳᠠᠯ ᠢ ᠬᠠᠮᠠᠭᠠᠯᠠᠬᠤ ᠳᠤᠭᠤᠶᠢᠯᠠᠩ᠂ ᠶᠠᠷᠢᠶ᠎ᠠ ᠬᠡᠯᠡᠯᠴᠡᠭᠡ ᠤᠬᠠᠭᠤᠯᠬᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠬᠤᠶᠢᠨᠠᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ ᠪᠠ ᠠᠳᠡᠯ ᠢ ᠪᠠᠶᠢᠴᠠᠭᠠᠬᠤ ᠳᠤᠭᠤᠶᠢᠯᠠᠩ ᠵᠡᠷᠭᠡ 9 ᠠᠵᠢᠯᠯᠠᠬᠤ ᠳᠤᠭᠤᠶᠢᠯᠠᠩ ᠪᠠᠶᠢᠭᠤᠯᠪᠠ᠃      ᠨᠢᠭᠡ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ ᠶᠢ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠭᠦᠷᠭᠡᠯᠡᠵᠦ᠂ ᠪᠦᠷᠢᠯᠳᠦᠬᠦᠨ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠡᠭᠦᠷᠭᠡᠯᠡᠨ᠎ᠡ᠃ ᠲᠦᠭᠰᠢᠭᠦᠷᠢᠲᠦ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ ᠶᠢ ᠬᠠᠷᠢᠭᠤᠴᠠᠵᠤ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠨᠠᠷᠢᠨ ᠪᠢᠴᠢᠭ᠂ ᠬᠤᠷᠠᠯ ᠤᠨ ᠶᠠᠪᠤᠳᠠᠯ ᠢ ᠳᠠᠭᠠᠭᠠᠨ ᠡᠷᠭᠢᠯᠡᠵᠦ᠂ ᠡᠯ᠎ᠡ ᠳᠤᠭᠤᠶᠢᠯᠠᠩ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠵᠤ᠂ ᠦᠢᠯᠡᠴᠢᠯᠡᠵᠦ᠂ ᠰᠢᠮᠳᠠᠭᠤᠯᠤᠨ ᠰᠢᠢᠳᠪᠦᠷᠢᠯᠡᠭᠦᠯᠵᠦ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠯᠤᠭ᠎ᠠ ᠬᠠᠮᠲᠤᠷᠠᠨ᠂ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠵᠢᠴᠢ ᠠᠳᠡᠯ ᠭᠠᠷᠤᠭᠰᠠᠨ ᠨᠢᠭᠡᠴᠡ ᠵᠡᠷᠭᠡ ᠬᠦᠮᠦᠰ ᠣᠷᠣᠯᠴᠠᠪᠠ᠃  ᠠᠳᠡᠯ ᠤᠨ ᠲᠤᠬᠠᠶ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠭᠡᠨᠡᠳᠲᠡ ᠶᠢᠨ ᠭᠠᠮᠰᠢᠭ ᠤᠨ ᠬᠤᠪᠢᠷᠠᠯᠲᠠ ᠶᠢ ᠴᠠᠭ ᠲᠤᠬᠠᠶ ᠳᠤᠨᠢ ᠰᠢᠢᠳᠪᠦᠷᠢᠯᠡᠨ᠂ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ ᠤᠨ ᠲᠣᠭᠲᠠᠭᠠᠭᠰᠠᠨ ᠠᠶᠤᠯ ᠠᠴᠠ ᠠᠪᠤᠷᠠᠨ ᠲᠤᠰᠠᠯᠠᠬᠤ ᠲᠥᠰᠦᠯ ᠪᠣᠯᠤᠨ ᠠᠷᠭ᠎ᠠ ᠬᠡᠮᠵᠢᠶ᠎ᠡ ᠶᠢ ᠪᠣᠳᠠᠲᠠᠶ ᠬᠡᠷᠡᠭᠵᠢᠭᠦᠯᠦᠨ᠎ᠡ᠃      ᠭᠤᠷᠪᠠ᠂ ᠮᠡᠷᠭᠡᠵᠢᠯ ᠤᠨ ᠪᠠᠲᠤᠯᠠᠭ᠎ᠠ ᠶᠢᠨ ᠳᠤᠭᠤᠶᠢᠯᠠᠩ      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠵᠢᠴᠢ ᠠᠳᠡᠯ ᠤᠨ ᠨᠢᠭᠡᠴᠡ ᠲᠠᠢ ᠬᠠᠮᠲᠤ ᠪᠠᠷ ᠣᠷᠣᠯᠴᠠᠪᠠ᠃ ᠠᠳᠡᠯ ᠭᠠᠷᠤᠭᠰᠠᠨ ᠨᠢᠭᠡᠴᠢ ᠪᠣᠯᠤᠨ ᠠᠶᠤᠯ ᠭᠠᠮᠰᠢᠭ ᠠᠴᠠ ᠠᠪᠤᠷᠠᠬᠤ ᠬᠤᠯᠪᠣᠭᠳᠠᠯ ᠪᠦᠬᠦᠢ ᠵᠢᠷᠤᠭ᠂ ᠮᠡᠷᠭᠡᠵᠢᠯ ᠤᠨ ᠮᠠᠲ᠋ᠧᠷᠢᠶᠠᠯ ᠢ ᠬᠠᠷᠢᠭᠤᠴᠠᠨ ᠬᠤᠷᠢᠶᠠᠩᠭᠤᠶᠢᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠥᠰᠦᠯ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠦᠭᠰᠢᠭᠦᠷᠢᠲᠦ ᠪᠠᠶᠢᠳᠠᠯ ᠢ ᠡᠵᠡᠮᠰᠢᠵᠦ᠂ ᠰᠤᠳᠤᠯᠤᠨ ᠮᠠᠭᠠᠳᠯᠠᠵᠤ᠂ ᠠᠳᠡᠯ ᠤᠨ ᠠᠪᠤᠷᠠᠨ ᠲᠤᠰᠠᠯᠠᠬᠤ ᠶᠠᠪᠤᠴᠠ ᠳᠤ ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠠᠳᠡᠯ ᠢ ᠰᠡᠷᠭᠡᠶᠢᠯᠡᠬᠦ᠂ ᠡᠭᠦᠰᠦᠮᠡᠯ᠂ ᠤᠯᠠᠷᠢᠨ ᠡᠭᠦᠰᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠰᠠᠨᠠᠭᠤᠯᠭ᠎ᠠ ᠳᠤᠷᠠᠳᠬᠤ ᠬᠡᠷᠡᠭᠲᠡᠶ᠃      ᠳᠥᠷᠪᠡ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ᠂ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠵᠢᠴᠢ ᠠᠳᠡᠯ ᠤᠨ ᠨᠢᠭᠡᠴᠡ ᠣᠷᠣᠯᠴᠠᠨ᠎ᠠ᠃ ᠲᠤᠰᠬᠠᠶ ᠮᠡᠷᠭᠡᠵᠢᠯᠲᠡᠨ ᠵᠢᠴᠢ ᠡᠮᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ ᠰᠢᠷᠬᠠᠲᠤᠭᠰᠠᠳ ᠢ ᠡᠮᠨᠡᠨ ᠵᠠᠰᠠᠬᠤ ᠪᠠ ᠲᠤᠬᠠᠶ ᠶᠢᠨ ᠲᠠᠯᠠᠪᠠᠶ ᠶᠢᠨ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ ᠶᠢ ᠬᠠᠷᠢᠭᠤᠴᠠᠨ᠎ᠠ᠃      ᠲᠠᠪᠤ᠂ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠳᠤᠭᠤᠶᠢᠯᠠᠩ      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠨ᠂  ᠨᠡᠭᠦᠷᠡᠰᠦᠨ  ᠠᠭᠤᠷᠬᠠᠢ  ᠶᠢᠨ  ᠠᠳᠡᠯ  ᠭᠠᠷᠤᠭᠰᠠᠨ  ᠭᠠᠵᠠᠷ ᠤᠨ  ᠬᠤᠰᠢᠭᠤ  ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠳᠡᠯ ᠤᠨ ᠨᠢᠭᠡᠴᠡ ᠣᠷᠣᠯᠴᠠᠨ᠎ᠠ᠃  ᠠᠳᠡᠯ ᠤᠨ ᠲᠤᠬᠠᠶ ᠶᠢᠨ ᠲᠠᠯᠠᠪᠠᠶ ᠶᠢᠨ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠥᠮᠦᠰ ᠢ ᠲᠠᠷᠬᠠᠭᠠᠬᠤ ᠪᠠ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠬᠤ ᠶᠢ ᠬᠠᠷᠢᠭᠤᠴᠠᠵᠤ᠂  ᠠᠳᠡᠯ ᠢ ᠬᠢᠨᠠᠨ ᠪᠠᠶᠢᠴᠠᠭᠠᠬᠤ ᠪᠠ ᠡ᠊ᠨᠳᠡᠭᠰᠡᠨ ᠬᠥᠮᠦᠰ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠠᠵᠢᠯ ᠢ ᠥᠷᠨᠢᠭᠦᠯᠦᠨ᠎ᠡ᠃      ᠵᠢᠷᠭᠤᠭ᠎ᠠ᠂ ᠶᠠᠷᠢᠶ᠎ᠠ ᠬᠡᠯᠡᠯᠴᠡᠭᠡ ᠤᠬᠠᠭᠤᠯᠬᠤ ᠳᠤᠭᠤᠶᠢᠯᠠᠩ      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠡᠭᠦᠷᠡᠰᠦᠨ ᠠᠭᠤᠷᠬᠠᠢ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠠ ᠤᠬᠠᠭᠤᠯᠬᠤ ᠰᠠᠯᠠᠭ᠎ᠠ ᠮᠥᠴᠢᠷ ᠣᠷᠣᠯᠴᠠᠨ᠎ᠠ᠃ ᠮᠡᠳᠡᠭᠡ ᠵᠠᠩᠭᠢ ᠨᠡᠶᠢᠲᠡᠯᠡᠬᠦ᠂ ᠰᠣᠨᠢᠨ ᠮᠡᠳᠡᠭᠡ ᠮᠡᠳᠡᠭᠡᠯᠡᠬᠦ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠵᠡᠷᠭᠡ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃      ᠳᠣᠯᠤᠭ᠎ᠠ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ      ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ᠂ ᠪᠠᠶᠠᠨᠨᠠᠭᠤᠷ ᠤᠨ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠪᠠᠶᠠᠨᠨᠠᠭᠤᠷ ᠤᠨ ᠬᠤᠪᠢᠶᠠᠷᠢ ᠺᠣᠮᠫᠠᠨᠢ᠂ ᠰᠢᠯᠵᠢᠮᠡᠯ ᠬᠤᠯᠪᠣᠭᠠᠨ ᠤ ᠪᠠᠶᠠᠨᠨᠠᠭᠤᠷ ᠤᠨ ᠬᠤᠪᠢᠶᠠᠷᠢ ᠺᠣᠮᠫᠠᠨᠢ ᠪᠣᠯᠤᠨ ᠠᠳᠡᠯ ᠭᠠᠷᠤᠭᠰᠠᠨ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠵᠢᠴᠢ ᠠᠳᠡᠯ ᠭᠠᠷᠤᠭᠰᠠᠨ ᠨᠢᠭᠡᠴᠡ ᠣᠷᠣᠯᠴᠠᠵᠠᠶ᠃ ᠠᠶᠤᠯ ᠭᠠᠮᠰᠢᠭ ᠠᠴᠠ ᠠᠪᠤᠷᠠᠬᠤ ᠳᠤᠮᠳᠠᠬᠢ ᠡᠳ᠋ ᠪᠣᠳᠠᠰ ᠪᠣᠯᠤᠨ ᠲᠥᠬᠦᠭᠡᠷᠦᠮᠵᠢ ᠶᠢ ᠲᠣᠬᠢᠷᠠᠭᠤᠯᠬᠤ ᠪᠠ ᠬᠠᠩᠭᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ᠂ ᠴᠢᠮᠡᠭᠡ ᠬᠤᠯᠪᠣᠭ᠎ᠠ᠂ ᠴᠠᠬᠢᠯᠭᠠᠨ ᠬᠠᠩᠭᠠᠯᠲᠠ ᠶᠢ ᠬᠡᠪ ᠤᠨ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠨᠠᠢᠮᠠ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠳᠤᠭᠤᠶᠢᠯᠠᠩ      ᠨᠡᠭᠦᠷᠡᠰᠦᠨ ᠠᠭᠤᠷᠬᠠᠶ  ᠶᠢᠨ  ᠠᠳᠡᠯ  ᠭᠠᠷᠤᠭᠰᠠᠨ ᠭᠠᠵᠠᠷ  ᠤᠨ ᠬᠤᠰᠢᠭᠤ  ᠰᠢᠶᠠᠨ ︵ᠲᠣᠭᠤᠷᠢᠭ︶  ᠤ ᠠᠷᠠᠳ  ᠤᠨ  ᠵᠠᠰᠠᠭ  ᠤᠨ ᠣᠷᠳᠣᠨ ᠲᠦᠷᠦᠭᠦᠯᠡᠨ ᠬᠢᠵᠦ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠣᠯᠤᠨ  ᠠᠳᠡᠯ ᠭᠠᠷᠤᠭᠰᠠᠨ ᠭᠠᠵᠠᠷ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠵᠢᠴᠢ  ᠠᠳᠡᠯ ᠭᠠᠷᠤᠭᠰᠠᠨ ᠨᠢᠭᠡᠴᠢ ᠣᠷᠣᠯᠴᠠᠨ᠎ᠠ᠃ ᠰᠢᠷᠬᠠᠲᠤᠭᠰᠠᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ᠂ ᠠᠰᠠᠷᠠᠮᠵᠢ᠂ ᠲᠥᠯᠥᠪᠦᠷᠢ ᠥᠭᠬᠦ ᠵᠡᠷᠭᠡ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠶᠢᠰᠦ᠂ ᠠᠳᠡᠯ ᠢ ᠪᠠᠶᠢᠴᠠᠭᠠᠬᠤ ᠳᠤᠭᠤᠶᠢᠯᠠᠩ      ᠤᠯᠤᠰ ᠤᠨ ᠠᠳᠡᠯ ᠤᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠨᠡᠭᠦᠷᠡᠰᠦᠨ ᠠᠭᠤᠷᠬᠠᠶ ᠶᠢᠨ ᠠᠳᠡᠯ ᠭᠠᠷᠤᠭᠰᠠᠨ ᠰᠢᠯᠲᠠᠭᠠᠨ ᠪᠣᠯᠤᠨ ᠶᠠᠪᠤᠴᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠬᠠᠷᠢᠭᠤᠴᠠᠯᠭ᠎ᠠ ᠶᠢ  ᠰᠢᠢᠳᠪᠦᠷᠢᠯᠡᠭᠰᠡᠨ ᠰᠠᠨᠠᠯ ᠢᠶᠠᠨ ᠳᠤᠷᠠᠳᠴᠤ᠂ ᠪᠠᠶᠢᠴᠠᠭᠠᠭᠰᠠᠨ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠶ᠃ ᠬᠦᠨᠳᠦ ᠶᠡᠭᠡ ᠵᠢᠴᠢ ᠳᠣᠤᠷᠠᠬᠢ ᠠᠳᠡᠯ ᠢ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠨ᠎ᠠ᠃    
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ