ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ︵ᠪᠡᠯᠡᠳᠬᠡᠬᠦ︶ ᠵᠥᠪᠯᠡᠯ ᠤᠨ ᠠᠯᠪᠠᠨ ᠬᠡᠷ᠂ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠬᠤᠯᠪᠣᠭᠳᠠᠯ ᠪᠥᠬᠦᠶ | ᠲᠣᠰᠣ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠵᠤ ᠠᠬᠤᠶᠢᠯᠠᠯ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠠᠶᠠᠨᠨᠠᠭᠤᠷ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ | ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 7 ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠪᠠᠶᠠᠨᠨᠠᠭᠤᠷ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠠᠶᠤᠯ ᠦᠭᠡᠢ ᠶᠢᠨ | ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠯ | ᠭᠠᠷᠴᠠᠭ | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | 1.3 ᠬᠡᠷᠡᠭᠯᠡᠬᠦ ᠬᠡᠪᠴᠢᠶ᠎ᠡ | 1.4 ᠠᠵᠢᠯ ᠤᠨ ᠵᠠᠷᠴᠢᠮ | 1.5 ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ | 2 ᠵᠤᠬᠢᠶᠡᠨ ᠪᠠᠢᠭᠤᠯᠵᠤ ᠵᠢᠯᠥᠭᠤᠳᠬᠤ ᠰᠢᠰᠲ᠋ᠧᠮᠵᠢ ᠪᠠ ᠡᠬᠦᠷᠭᠡ ᠬᠠᠷᠢᠭᠤᠴᠠᠯᠭ᠎ᠠ | 2.1 ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ | 2.2 ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | 2.3 ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ | 2.4 ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ | 2.5 ᠲᠣᠰᠬᠠᠢ ᠮᠡᠷᠭᠡᠵᠢᠯᠳᠡᠨ ᠤ ᠲᠤᠭᠤᠶᠢᠯᠡᠩ | 2.6 ᠬᠠᠮᠢᠶ᠎ᠠ ᠪᠦᠬᠦᠢ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ | 3 ᠳᠥᠭᠰᠢᠬᠦᠷᠢ ᠪᠠ ᠬᠤᠤᠷ ᠬᠥᠨᠥᠭᠡᠯ ᠤᠨ ᠵᠠᠳᠠᠯᠤᠯᠲᠠ | 3.1 ᠳᠥᠭᠰᠢᠬᠦᠷᠢ ᠶᠢᠨ ᠵᠠᠳᠠᠯᠥᠯᠳᠡ | 3.2 ᠬᠤᠤᠷ ᠬᠥᠨᠥᠭᠡᠯ ᠤᠨ ᠵᠠᠳᠠᠯᠤᠯᠲᠠ | 4. ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ | 5 ᠬᠢᠨᠠᠨ ᠬᠡᠮᠵᠢᠯᠲᠡ ᠶᠢᠨ ᠰᠡᠷᠡᠮᠵᠢᠯᠡᠭᠦᠯᠬᠦ ᠪᠠ ᠰᠡᠷᠡᠮᠵᠢᠯᠡᠭᠦᠯᠦᠯ ᠨᠡᠶᠢᠲᠡᠯᠡᠬᠦ | 5.1 ᠬᠢᠨᠠᠨ ᠰᠢᠨᠵᠢᠬᠦ ᠤᠷᠢᠳᠴᠢᠯᠠᠨ ᠮᠡᠳᠡᠭᠡᠯᠡᠬᠦ | 5.2 ᠰᠡᠷᠡᠮᠵᠢᠯᠡᠬᠦᠯᠬᠦ ᠳᠡᠰ | 5.3 ᠰᠡᠷᠡᠮᠵᠢᠯᠡᠬᠦᠯᠦᠯ | 5.3.1 ᠨᠡᠶᠢᠲᠡᠯᠡᠬᠦ ᠡᠷᠬᠡ ᠮᠡᠳᠡᠯ | 5.3.2 ᠰᠡᠷᠡᠮᠵᠢᠯᠡᠬᠦᠯᠬᠦ ᠲᠤᠬᠢᠷᠠᠭᠤᠯᠤᠯᠳᠠ | 5.3.3 ᠨᠡᠶᠢᠲᠡᠯᠡᠬᠦ ᠠᠷᠭ᠎ᠠ ᠵᠠᠮ | 5.4 ᠰᠡᠷᠡᠮᠵᠢᠯᠡᠬᠦᠯᠬᠦ ᠠᠵᠢᠯᠯᠠᠭ᠎ᠠ | 6᠃ ᠮᠡᠲᠡᠭᠡ ᠵᠠᠩᠭᠢ ᠶᠢᠨ ᠮᠡᠲᠡᠭᠦᠯᠦᠯᠲᠡ ᠪᠠ ᠤᠷᠢᠲᠠᠪᠠᠷ ᠰᠶᠢᠳᠪᠦᠷᠢᠯᠡᠭᠦ | 6.1 ᠮᠡᠳᠡᠭᠡ ᠵᠠᠩᠭᠢ ᠶᠢᠨ ᠮᠡᠳᠡᠭᠦᠯᠦᠯᠲᠡ | 6.2 ᠤᠷᠢᠳᠠᠪᠠᠷ ᠰᠢᠢᠳᠪᠦᠷᠢᠯᠡᠬᠦ | 6.2 ᠠᠳᠡᠯ ᠤᠨ ᠠᠵᠤ ᠠᠬᠤᠶᠢᠯᠠᠯ | 6.2 ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠠᠷᠠᠳ ᠤᠨ ᠵᠠᠰᠠᠭ ᠤᠨ ᠣᠷᠳᠣᠨ | 7 ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | 7.1 ᠱᠠᠲᠤ ᠬᠤᠪᠢᠶᠠᠨ ᠠᠷᠭᠠᠴᠠᠬᠤ | 7.2 ᠱᠠᠲᠤ ᠬᠤᠪᠢᠶᠠᠨ ᠳᠠᠭᠠᠬᠤ | 7.3 ᠱᠠᠲᠤ ᠬᠤᠪᠢᠶᠠᠨ ᠰᠢᠢᠳᠪᠦᠷᠢᠯᠡᠬᠦ | 7.3.1 Ⅳ ᠲᠠᠰ ᠤᠨ ᠳᠠᠭᠠᠵᠤ ᠬᠢᠵᠦ ᠰᠢᠢᠳᠪᠦᠷᠢᠯᠡᠪᠡ | 7.3.2 Ⅲ ᠲᠠᠰ ᠤᠨ ᠳᠠᠭᠠᠵᠤ ᠰᠢᠢᠳᠪᠦᠷᠢᠯᠡᠬᠦ | 7.3.3 Ⅱ ᠳᠡᠰ ᠤᠨ ᠳᠠᠭᠠᠵᠤ ᠬᠢᠵᠦ ᠰᠢᠢᠳᠪᠦᠷᠢᠯᠡᠬᠦ | 7.3.4 Ⅰ ᠳᠡᠰ ᠤᠨ ᠳᠠᠭᠠᠵᠤ ᠰᠢᠢᠳᠪᠦᠷᠢᠯᠡᠬᠦ | 7.4 ᠮᠡᠳᠡᠭᠡ ᠵᠠᠩᠭᠢ ᠨᠡᠶᠢᠲᠡᠯᠡᠬᠦ | 7.5 ᠲᠠᠭᠠᠵᠤ ᠬᠢᠬᠦ ᠶᠢ ᠵᠣᠭᠰᠤᠭᠠᠬᠤ | 8 ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ | 8.1 ᠬᠤᠢᠨᠠᠬᠢ ᠠᠵᠢᠯ ᠬᠡᠷᠡᠭ ᠢ ᠰᠢᠢᠳᠪᠦᠷᠢᠯᠡᠬᠦ | 8.2 ᠠᠳᠡᠯ ᠤᠨ ᠪᠠᠶᠢᠴᠠᠭᠠᠯᠲᠠ | 8.3 ᠳ᠋ᠦᠩᠨᠡᠯᠲᠡ ᠦᠨᠡᠯᠡᠯᠲᠡ | 9 ᠪᠠᠳᠣᠯᠠᠭ᠎ᠠ ᠶᠢᠨ ᠠᠷᠭ᠎ᠠ ᠭᠡᠮᠵᠢᠶ᠎ᠠ | 9.1 ᠡᠩᠨᠡᠭᠡ ᠶᠢᠨ ᠪᠠᠲᠤᠯᠠᠭ᠎ᠠ | 9.2 ᠡᠳ᠋ ᠪᠣᠳᠠᠰ ᠲᠣᠨᠣᠭᠯᠠᠯ ᠤᠨ ᠪᠠᠲᠤᠯᠠᠭ᠎ᠠ | 9.3 ᠪᠡᠯᠡ ᠮᠦᠡᠭᠬᠦ ᠶᠢᠨ ᠪᠠᠳᠣᠯᠠᠭ᠎ᠠ | 9.4 ᠮᠡᠷᠭᠡᠵᠢᠯ ᠤᠨ ᠪᠠᠳᠣᠯᠠᠭ᠎ᠠ | 9.5 ᠤᠬᠠᠭᠤᠯᠭ᠎ᠠ ᠬᠢᠭᠡᠳ ᠪᠣᠯᠪᠠᠰᠤᠷᠠᠭᠤᠯᠤᠯ | 9.5.1 ᠣᠬᠠᠭᠤᠯᠭ᠎ᠠ | 9.5.2 ᠪᠣᠯᠪᠠᠰᠤᠷᠠᠯ | 10 ᠳᠠᠭᠠᠯᠲᠠ ᠳᠦᠷᠢᠮ | 10.1 ᠪᠡᠯᠡᠳᠭᠡᠯ ᠲᠦᠰᠦᠯ ᠤᠨ ᠬᠠᠮᠢᠶᠠᠷᠤᠯᠲᠠ | 10.2 ᠪᠡᠯᠡᠳᠬᠡᠯ ᠲᠥᠰᠦᠯ ᠢ ᠬᠡᠷᠡᠭᠵᠢᠭᠦᠯᠪᠡ᠃ | 1 ᠶᠡᠷᠦᠩᠭᠡᠢ ᠳᠥᠷᠢᠮ | 1.1 ᠨᠡᠶᠢᠷᠡᠭᠤᠯᠥᠨ ᠵᠤᠬᠢᠶ᠋ᠬᠠᠰᠠᠨ ᠵᠣᠷᠢᠯᠭ᠎ᠠ | ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠳᠤ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ︵ᠳᠣᠷᠣᠭᠰᠢ ᠬᠤᠭᠤᠯᠠᠶ ᠭᠡᠵᠦ | ᠲᠣᠪᠴᠢᠯᠠᠨ᠎ᠠ︶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠭᠤᠯᠠᠶ | ᠭᠤᠣᠷᠰᠤ ᠶᠢᠨ ᠠᠮᠤᠷ ᠲᠦᠪᠰᠢᠨ ᠤ ᠠᠳᠡᠯ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ ᠤᠬᠠᠭᠠᠨᠴᠢ ᠪᠠᠷ᠂ ᠡᠮᠬᠢ ᠵᠢᠷᠤᠮ ᠲᠠᠢ ᠪᠠᠷ ᠠᠷᠭᠠᠴᠠᠵᠤ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠰ ᠳᠠᠷᠠᠭᠠᠯᠠᠯ ᠢ | ᠵᠢᠷᠤᠮᠵᠢᠭᠤᠯᠵᠤ᠂ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠪᠦᠲᠦᠮᠵᠢᠲᠡᠶ ᠡᠵᠡᠮᠳᠡᠬᠦ ᠪᠠ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ | 1.2 ᠨᠡᠶᠢᠷᠡᠭᠤᠯᠥᠨ ᠵᠤᠬᠢᠶ᠋ᠬᠠᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠯ ᠤᠨᠲᠠᠷᠠᠭᠠᠬᠤ ᠬᠠᠤᠯᠢ︾᠂ ︽ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾᠂ | ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠮᠡᠳᠡᠭᠦᠯᠦᠯᠲᠡ ᠪᠠ ᠪᠠᠶᠢᠴᠠᠭᠠᠨ ᠰᠢᠢᠳᠪᠦᠷᠢᠯᠡᠬᠦ ᠳᠦᠷᠢᠮ︾᠂ ︽ᠤᠯᠤᠰ ᠤᠨ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ ᠪᠡᠯᠡᠳᠬᠡᠯ ᠲᠥᠰᠦᠯ ᠢ | ᠲᠣᠭᠲᠠᠭᠠᠪᠠ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢ ᠬᠠᠮᠠᠭᠠᠯᠠᠬᠤ ᠬᠠᠤᠯᠢ︾ ᠳᠤ ᠲᠣᠭᠲᠠᠭᠠᠭᠰᠠᠨ ᠬᠤᠭᠤᠯᠠᠶ ᠶᠢᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠳᠣᠭᠢᠷᠠᠨ᠎ᠠ᠃ ᠰᠢᠲᠠᠮᠠᠬᠠᠶ ᠬᠡᠢ ᠶᠢᠨ ᠠᠶ ᠰᠠᠪᠠ ᠶᠢᠨ ᠳᠣᠲᠣᠭᠠᠳᠤ ᠶᠢᠨ | ᠲᠥᠪᠯᠡᠷᠡᠭᠦᠯᠦᠨ ᠳᠠᠮᠵᠢᠭᠤᠯᠬᠤ ᠭᠤᠤᠷᠰᠤ ᠬᠤᠭᠤᠯᠠᠶ ᠶᠢᠨ ᠲᠣᠤᠷ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠬᠤᠭᠤᠯᠠᠶ ᠪᠣᠯᠤᠨ ᠲᠣᠰᠣ ᠪᠣᠯᠪᠠᠰᠤᠷᠠᠭᠤᠯᠬᠤ᠂ | ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠣᠷᠣᠨ ᠤ ᠳᠣᠲᠣᠷᠠᠬᠢ ᠬᠤᠭᠤᠯᠠᠶ ᠶᠢᠨ ᠠᠶᠤᠯ ᠦᠭᠡᠶ ᠶᠢᠨ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠲᠤᠰ ᠪᠡᠯᠡᠳᠬᠡᠯ ᠲᠥᠰᠦᠯ ᠢ ᠬᠡᠷᠡᠭᠯᠡᠬᠦ ᠦᠭᠡᠶ᠂ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠦᠬᠦᠢ ᠪᠡᠯᠡᠳᠬᠡᠯ | ᠲᠥᠰᠦᠯ ᠢ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠨ᠎ᠠ᠃ | ᠲᠤᠰ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠡᠳᠡᠭ ᠪᠣᠯ ᠬᠤᠭᠤᠯᠠᠶ ᠭᠤᠣᠷᠰᠤ ᠶᠢ | ᠠᠵᠢᠯᠯᠠᠭᠤᠯᠬᠤ᠂ ᠠᠵᠢᠯᠯᠠᠭᠤᠯᠬᠤ ᠶᠢ ᠵᠣᠭᠰᠣᠭᠠᠬᠤ᠂ ᠪᠢᠲᠡᠭᠦᠮᠵᠢᠯᠡᠨ ᠬᠠᠳᠠᠭᠠᠯᠠᠬᠤ᠂ ᠬᠡᠷᠡᠭᠯᠡᠭᠡᠨ ᠠᠴᠠ ᠭᠠᠷᠭᠠᠬᠤ ᠵᠡᠷᠭᠡ ᠶᠠᠪᠤᠴᠠ ᠳᠤ ᠭᠠᠷᠤᠭᠰᠠᠨ | ᠭᠤᠭᠤᠵᠢᠭᠳᠠᠬᠤ᠂ ᠭᠠᠯ ᠤᠨ ᠭᠠᠮᠰᠢᠭ᠂ ᠳᠡᠯᠪᠡᠷᠡᠬᠦ ᠵᠡᠷᠭᠡ ᠠᠮᠦᠷ ᠲᠦᠪᠰᠢᠨ ᠤ ᠠᠳᠡᠯ ᠢ ᠵᠢᠭᠠᠵᠤ ᠪᠠᠶᠢᠨ᠎ᠠ᠃ | 1.4 ᠠᠵᠢᠯ ᠤᠨ ᠵᠠᠷᠴᠢᠮ | ︵1︶ ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠬᠡᠷᠡᠭᠲᠡᠶ᠃ ᠠᠷᠠᠳ ᠤᠯᠠᠨ ᠤ ᠠᠮᠢ ᠨᠠᠰᠤ ᠪᠠ ᠡᠷᠡᠭᠦᠯ ᠮᠡᠨᠳᠤ ᠶᠢᠨ | ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠶᠢ ᠴᠢᠩᠭᠠᠳᠬᠠᠵᠤ᠂ ᠠᠳᠡᠯ | ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠡᠵᠡᠮᠳᠡᠵᠦ᠂ ᠬᠥᠮᠦᠨ ᠬᠠᠷ᠎ᠠ᠂ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠬᠤ ᠬᠡᠷᠡᠭᠲᠡᠢ᠃ | ︵2︶ ᠨᠢᠭᠡᠳᠦᠯᠲᠡᠶ ᠵᠢᠯᠣᠭᠤᠳᠴᠤ᠂ ᠱᠠᠲᠤ ᠬᠤᠪᠢᠶᠠᠨ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ︵ᠲᠣᠭᠤᠷᠢᠭ︶ ᠠᠷᠠᠳ ᠤᠨ | ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠢ ᠪᠦᠲᠦᠮᠵᠢᠲᠡᠢ ᠰᠢᠢᠳᠪᠦᠷᠢᠯᠡᠪᠡ᠃ | ︵3︶ ᠪᠡᠯᠡᠳᠬᠡᠯ ᠪᠠ ᠬᠡᠷᠡᠭᠯᠡᠯᠲᠡ ᠶᠢ ᠤᠶᠠᠯᠳᠤᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠠᠵᠤ ᠠᠬᠤᠶᠢᠯᠠᠯ ᠤᠳ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ ᠡᠯ᠎ᠡ ᠲᠥᠷᠥᠯ ᠤᠨ ᠲᠤᠰᠬᠠᠶ ᠮᠡᠷᠭᠡᠵᠢᠯ ᠪᠠ ᠲᠤᠰᠢᠶᠠᠯ ᠬᠠᠪᠰᠤᠷᠭᠠᠭᠰᠠᠨ ᠪᠠᠴᠢᠮ ᠪᠠᠶᠢᠳᠠᠯ ᠢ ᠠᠷᠭᠠᠴᠠᠭᠠᠬᠤ | ᠡᠩᠨᠡᠭᠡ ᠶᠢ ᠵᠣᠬᠢᠶᠠᠨ ᠪᠠᠶᠢᠭᠤᠯᠵᠤ᠂ ᠡᠳᠦᠷ ᠲᠤᠲᠤᠮ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ᠂ ᠬᠤᠭᠤᠯᠠᠶ ᠶᠢᠨ ᠠᠮᠤᠷ | ᠲᠦᠪᠰᠢᠨ ᠤ ᠠᠳᠡᠯ ᠢ ᠠᠷᠭᠠᠴᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ︵4︶ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠵᠤ᠂ ᠬᠠᠮᠢᠶᠠᠷᠤᠯᠲᠠ ᠶᠢ ᠴᠢᠩᠭᠠᠳᠬᠠᠵᠤ᠃ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠳᠤ ᠲᠦᠰᠢᠭᠯᠡᠨ᠂ ᠲᠤᠰᠬᠠᠶ ᠮᠡᠷᠭᠡᠵᠢᠯᠲᠡᠨ ᠤ ᠡᠩᠨᠡᠭᠡ ᠪᠠ ᠲᠤᠰᠬᠠᠶ ᠮᠡᠷᠭᠡᠵᠢᠯ᠂ ᠲᠤᠰᠬᠠᠶ ᠬᠡᠷᠡᠭᠯᠡᠭᠡᠨ ᠤ ᠲᠣᠨᠣᠭᠯᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵5︶ ᠣᠷᠣᠨ ᠪᠦᠰᠡ ᠪᠠᠷ ᠢᠶᠠᠨ ᠬᠠᠮᠵᠢᠯᠴᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠨ᠎ᠡ᠃ ᠣᠷᠣᠨ ᠪᠦᠰᠡ ᠠᠯᠤᠰᠯᠠᠭᠰᠠᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠨ ᠠᠪᠤᠷᠠᠨ ᠲᠤᠰᠠᠯᠠᠬᠤ ᠬᠠᠮᠵᠢᠯᠴᠠᠨ ᠴᠢᠳᠠᠪᠤᠷᠢ ᠶᠢ ᠴᠢᠩᠭᠠᠷᠠᠭᠤᠯᠤᠨ᠂ ᠮᠡᠳᠡᠭᠡ ᠵᠠᠩᠭᠢ ᠨᠡᠪᠲᠡᠷᠡᠯᠴᠡᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠪᠠ | ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠬᠠᠮᠲᠤᠷᠠᠨ ᠥᠷᠨᠢᠭᠦᠯᠵᠦ᠂ ᠬᠤᠭᠤᠯᠠᠶ ᠭᠤᠣᠷᠰᠤ ᠶᠢᠨ | ᠠᠮᠤᠷ ᠲᠦᠪᠰᠢᠨ ᠤ ᠠᠳᠡᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠡᠶᠡᠯᠡᠭᠦᠯᠦᠨ᠎ᠡ᠃ | 1.5 ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠠᠴᠠ ᠪᠣᠯᠤᠭᠰᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠵᠢᠴᠢ ᠡᠳ᠋ ᠬᠦᠷᠦᠩᠭᠡ ᠶᠢᠨ ᠬᠤᠬᠢᠷᠠᠯ | ᠵᠡᠷᠭᠡ ᠬᠦᠨᠳᠦ ᠨᠣᠴᠢᠲᠠᠶ ᠬᠡᠮᠵᠢᠶ᠎ᠡ ᠶᠣᠰᠣᠭᠠᠷ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠣᠨᠴᠠ ᠬᠦᠨᠳᠦ ᠶᠡᠭᠡ ︵Ⅰ ᠲᠠᠰ︶᠂ | ᠬᠦᠨᠳᠦ ᠶᠡᠭᠡ ︵Ⅱ ᠲᠠᠰ︶᠂ ᠨᠡᠯᠢᠶᠡᠳ ᠶᠡᠭᠡ ︵Ⅲ ᠲᠠᠰ︶᠂ ᠡᠩ ᠤᠨ ︵Ⅳ ᠳᠡᠰ︶ ᠭᠡᠵᠦ ᠳᠥᠷᠪᠡᠨ ᠳᠡᠰ ᠬᠤᠪᠢᠶᠠᠨ᠎ᠠ᠃ ︵ᠳᠡᠰ ᠬᠤᠪᠢᠶᠠᠬᠤ | ᠪᠠᠷᠢᠮᠵᠢᠶ᠎ᠠ ᠶᠢ ᠳᠠᠭᠠᠯᠳᠤᠭᠤᠯᠤᠯ 1 ᠳᠤ ᠦᠵᠡ︶ | 2 ᠵᠤᠬᠢᠶᠡᠨ ᠪᠠᠢᠭᠤᠯᠵᠤ ᠵᠢᠯᠥᠭᠤᠳᠬᠤ ᠰᠢᠰᠲ᠋ᠧᠮᠵᠢ ᠪᠠ ᠡᠬᠦᠷᠭᠡ ᠬᠠᠷᠢᠭᠤᠴᠠᠯᠭ᠎ᠠ | 2.1 ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠪᠠᠶᠠᠨᠨᠠᠭᠤᠷ ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ᠬᠤᠲᠠ ᠶᠢᠨ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠶᠡᠷᠦᠩᠬᠡᠶ | ᠵᠢᠯᠣᠭᠤᠳᠣᠭᠴᠢ ᠶᠢ ᠬᠤᠪᠢᠳᠠᠨ ᠬᠠᠮᠢᠶᠠᠷᠬᠤ ᠳᠡᠳ᠋ ᠬᠤᠲᠠ ᠶᠢᠨ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢ ᠬᠤᠲᠠ ᠶᠢᠨ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠬᠤ ᠳᠡᠳ᠋ ᠨᠠᠷᠢᠨ ᠪᠢᠴᠢᠭ ᠤᠨ ᠳᠠᠷᠤᠭ᠎ᠠ ᠵᠢᠴᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠡᠭᠦᠷᠭᠡᠯᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ | ︵1︶ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠢ | ᠠᠷᠭᠠᠴᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ | ︵2︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ | ᠰᠠᠯᠠᠭ᠎ᠠ ᠮᠥᠴᠢᠷ ᠲᠤ ᠠᠳᠡᠯ ᠤᠨ ᠮᠡᠳᠡᠭᠡ ᠵᠠᠩᠭᠢ ᠶᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠲᠠ ᠶᠢᠨ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠪᠠ ᠴᠣᠬᠤᠯᠠᠪᠤᠷᠢ ᠶᠢ ᠭᠥᠯᠢᠶᠡᠨ ᠠᠪᠴᠤ ᠤᠯᠠᠮᠵᠢᠯᠠᠬᠤ ᠶᠢᠨ ᠬᠠᠮᠲᠤ ᠰᠢᠮᠳᠠᠭᠤᠯᠤᠨ | ᠨᠠᠶᠢᠳᠠᠪᠤᠷᠢᠵᠢᠭᠤᠯᠤᠨ᠎ᠠ︔ | ︵3︶ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠤᠭᠤᠯᠠᠶ ᠭᠤᠣᠷᠰᠤ ᠶᠢᠨ ᠠᠮᠦᠷ ᠲᠥᠪᠰᠢᠨ ᠤ ᠠᠳᠡᠯ ᠢ ᠬᠤᠯᠪᠣᠭᠳᠠᠯ ᠪᠦᠬᠦᠢ | ᠬᠤᠲᠠ ᠯᠤᠭ᠎ᠠ ᠵᠣᠬᠢᠴᠠᠭᠤᠯᠬᠤ ᠠᠵᠢᠯ ᠢ ᠰᠠᠶᠢᠲᠤᠷ ᠬᠢᠨ᠎ᠠ︔ | ︵4︶ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠪᠣᠯᠤᠨ ᠬᠥᠷᠰᠢ ᠵᠡᠷᠭᠡᠯᠡᠳᠡᠭᠡ ᠠᠬ᠎ᠠ ᠳᠡᠭᠦᠦ ᠬᠤᠲᠠ ᠳᠤ ᠳᠡᠮᠵᠢᠯᠭᠡ ᠭᠤᠶᠤᠪᠠ᠃ | 2.2 ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠵᠣᠬᠢᠴᠠᠭᠤᠯᠵᠤ ᠪᠠᠶᠢᠭᠠᠳ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠨ᠎ᠡ︔ ᠴᠢᠬᠤᠯᠠᠲᠠᠶ ᠦᠶ᠎ᠡ ᠳᠤ ᠰᠣᠨᠢᠨ | ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠠᠭ ᠲᠤᠬᠠᠶ ᠳᠤᠨᠢ ᠰᠡᠵᠢᠭ ᠢ ᠲᠠᠶᠢᠯᠵᠤ᠂ ᠪᠣᠳᠠᠲᠤ ᠬᠡᠷᠡᠭ ᠢ ᠲᠣᠳᠣᠷᠬᠠᠶᠢᠯᠠᠨ᠂ | ᠴᠤᠤᠷᠬᠠᠯ ᠢ ᠨᠢᠴᠤᠭᠠᠨᠠ᠃ | ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ ᠵᠡᠷᠭᠡ | ᠠᠵᠢᠯ ᠢ ᠬᠠᠷᠢᠭᠤᠴᠠᠨ᠎ᠠ︔ ᠵᠠᠭᠤᠴᠢᠯᠠᠭᠤᠷ ᠤᠨ ᠮᠡᠳᠡᠭᠡᠯᠡᠯ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠲᠤᠰᠬᠠᠶ | ᠠᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ︔ ᠬᠠᠮᠢᠶ᠎ᠠ ᠪᠦᠬᠦᠢ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ︔ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠲᠠᠢ | ᠬᠠᠮᠲᠤᠷᠠᠨ ᠭᠠᠮᠰᠢᠭᠳᠠᠭᠰᠠᠨ ᠬᠥᠮᠦᠰ ᠪᠤᠶᠤ ᠰᠦᠷᠳᠡᠭᠦᠯᠦᠯ ᠳᠤ ᠤᠴᠠᠷᠠᠭᠰᠠᠨ ᠬᠥᠮᠦᠰ ᠢ ᠰᠢᠯᠵᠢᠭᠦᠯᠬᠦ ᠪᠠ ᠲᠦᠷ ᠲᠥᠪᠬᠢᠨᠡᠭᠦᠯᠬᠦ ᠠᠵᠢᠯ ᠢ ᠰᠠᠶᠢᠲᠤᠷ ᠬᠢᠨ᠎ᠠ︔ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠪᠠᠷ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠯ ᠢ ᠪᠠᠶᠢᠴᠠᠭᠠᠨ | ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠭᠠᠵᠠᠷ ᠲᠤ ᠵᠠᠮ ᠤᠨ ᠵᠠᠮ | ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠬᠥᠮᠦᠰ ᠢ ᠲᠠᠷᠬᠠᠭᠠᠬᠤ᠂ ᠭᠤᠤᠯᠳᠠᠯᠭ᠎ᠠ ᠲᠠᠢ ᠬᠠᠷᠠᠯᠲᠠ ᠶᠢᠨ ᠠᠮᠤᠷ ᠲᠦᠪᠰᠢᠨ ᠤ ᠬᠠᠮᠠᠭᠠᠯᠠᠯᠲᠠ ᠪᠠ ᠨᠡᠶᠢᠭᠡᠮ ᠤᠨ ᠠᠮᠤᠷ | ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠬᠦ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠪᠥᠬᠦ ᠬᠤᠲᠠ ᠶᠢᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠬᠠᠮᠵᠢᠯᠴᠠᠨ ᠵᠢᠯᠣᠭᠤᠳᠬᠤ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠭᠠᠵᠠᠷ | ᠣᠷᠣᠨ ᠪᠠ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠲᠣᠨᠤᠭ ᠲᠥᠬᠦᠭᠡᠷᠦᠮᠵᠢ ᠪᠠ ᠡᠳ᠋ | ᠪᠣᠳᠠᠰ ᠨᠥᠭᠡᠴᠡᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠳᠤ ᠬᠠᠮᠵᠢᠯᠴᠠᠨ᠎ᠠ︔ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ | ᠵᠣᠬᠢᠶᠠᠬᠤ᠂ ᠵᠠᠰᠠᠪᠤᠷᠢ ᠣᠷᠣᠭᠤᠯᠬᠤ᠂ ᠰᠣᠷᠢᠯᠲᠠ ᠬᠢᠬᠦ ᠵᠡᠷᠭᠡ ᠠᠵᠢᠯ ᠢ ᠰᠠᠶᠢᠲᠤᠷ ᠬᠢᠨ᠎ᠠ︔ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ | ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠡᠵᠡᠮᠳᠡᠬᠦ ᠪᠠ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠷᠠᠭᠤᠯᠤᠨ᠎ᠠ︔ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ | ᠮᠡᠳᠡᠭᠡ ᠵᠠᠩᠭᠢ ᠶᠢ ᠨᠡᠶᠢᠲᠡᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠠᠵᠤ ᠦᠢᠯᠡᠳᠪᠦᠷᠢ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠦᠢᠯᠡᠳᠪᠦᠷᠢᠯᠡᠯ᠂ ᠲᠠᠲᠠᠪᠤᠷᠢᠯᠠᠨ ᠬᠤᠳᠠᠯᠳᠤᠨ ᠠᠪᠬᠤ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠬᠦ ᠶᠢ ᠬᠠᠷᠢᠭᠤᠴᠠᠨ᠎ᠠ᠃ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠄ ᠡᠯ᠎ᠡ ᠭᠠᠵᠠᠷ ᠣᠷᠣᠨ ᠢ ᠵᠢᠯᠣᠭᠤᠳᠤᠨ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ ᠶᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠭᠠᠮᠰᠢᠭᠳᠠᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ | ᠬᠡᠪᠴᠢᠶᠡᠨ ᠳᠤ ᠣᠷᠣᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠲᠠᠢ ᠬᠠᠮᠵᠢᠯᠴᠠᠨ ᠠᠳᠡᠭᠰᠡᠨ ᠬᠥᠮᠦᠰ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠬᠡᠷᠡᠭ | ᠶᠠᠪᠤᠳᠠᠯ ᠢ ᠰᠠᠶᠢᠲᠤᠷ ᠬᠢᠨ᠎ᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ | ᠠᠪᠤᠷᠠᠨ ᠲᠤᠰᠠᠯᠠᠬᠤ ᠪᠡᠯᠡ ᠮᠥᠩᠭᠦ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠳᠠᠭᠠᠯᠠᠵᠤ ᠪᠠᠶᠢᠭ᠎ᠠ | ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ᠂ ᠭᠠᠵᠠᠷ ᠤᠨ ᠵᠢᠷᠤᠭ ᠤᠨ ᠮᠠᠲ᠋ᠧᠷᠢᠶᠠᠯ ᠪᠠ ᠰᠠᠭᠤᠷᠢ ᠬᠡᠮᠵᠢᠨ ᠵᠢᠷᠤᠭᠯᠠᠭᠰᠠᠨ ᠦᠷ᠎ᠡ | ᠪᠦᠲᠦᠭᠡᠯ ᠢ ᠬᠠᠩᠭᠠᠬᠤ ᠶᠢ ᠬᠠᠷᠢᠭᠤᠴᠠᠵᠤ᠂ ᠳᠠᠭᠠᠭᠤᠯᠢ ᠣᠳᠣᠨ ᠤ ᠠᠶᠠᠯᠠᠯ ᠵᠠᠯᠠᠵᠤ ᠣᠷᠣᠨ ᠲᠣᠭᠲᠠᠭᠠᠬᠤ ᠦᠨᠳᠦᠰᠦᠨ ᠪᠠᠷᠢᠮᠵᠢᠶᠠᠲᠤ ᠥᠷᠲᠡᠭᠡ ᠶᠢᠨ ᠪᠠᠶᠢᠷᠢ | ᠲᠣᠭᠲᠠᠭᠠᠬᠤ ᠦᠢᠯᠡᠴᠢᠯᠡᠭᠡ ᠬᠠᠩᠭᠠᠨ᠎ᠠ︔ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ ᠵᠡᠷᠭᠡ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ | ᠠᠳᠡᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠨᠵᠢᠯᠡᠭᠡᠨ ᠤ ᠭᠠᠮᠰᠢᠭ ᠭᠠᠷᠤᠭᠰᠠᠨ ᠰᠢᠯᠲᠠᠭᠠᠨ᠂ ᠨᠥᠯᠥᠭᠡᠯᠡᠬᠦ ᠬᠡᠪᠴᠢᠶ᠎ᠡ ᠵᠡᠷᠭᠡ | ᠪᠠᠶᠢᠳᠠᠯ ᠢ ᠲᠦᠷᠭᠡᠬᠡᠨ ᠪᠠᠶᠢᠴᠠᠭᠠᠨ ᠲᠣᠳᠣᠯᠠᠵᠤ᠂ ᠪᠠᠴᠢᠮ ᠪᠠᠶᠢᠳᠠᠯ ᠢ ᠠᠷᠭᠠᠴᠠᠨ ᠵᠠᠰᠠᠬᠤ ᠠᠷᠭ᠎ᠠ ᠬᠡᠮᠵᠢᠶ᠎ᠡ ᠳᠤᠷᠠᠳᠴᠤ᠂ ᠭᠠᠵᠠᠷ ᠰᠢᠨᠵᠢᠯᠡᠭᠡᠨ ᠤ ᠭᠠᠶ | ᠭᠠᠮᠰᠢᠭ ᠤᠨ ᠪᠠᠶᠢᠳᠠᠯ ᠢ ᠪᠠᠭᠠᠰᠬᠠᠬᠤ ᠪᠠ ᠡᠵᠡᠮᠳᠡᠬᠦ ᠬᠡᠷᠡᠭᠲᠡᠶ᠃ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠭᠠᠵᠠᠷ ᠤᠨ ᠣᠷᠴᠢᠨ | ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠵᠢᠯᠣᠭᠤᠳᠬᠤ ᠶᠢ ᠬᠠᠷᠢᠭᠤᠴᠠᠵᠤ᠂ ᠠᠳᠡᠯ ᠤᠨ ᠲᠤᠬᠠᠶ ᠶᠢᠨ ᠲᠠᠯᠠᠪᠤᠷ ᠤᠨ | ᠪᠣᠬᠢᠷᠲᠤᠯ ᠤᠨ ᠪᠠᠶᠢᠳᠠᠯ ᠵᠢᠴᠢ ᠬᠠᠨᠳᠤᠰᠢ ᠶᠢᠨ ᠬᠤᠪᠢᠷᠠᠯᠲᠠ ᠶᠢ ᠵᠠᠳᠠᠯᠤᠨ ᠰᠤᠳᠤᠯᠵᠤ ᠮᠠᠭᠠᠳᠯᠠᠵᠤ᠂ ᠠᠳᠡᠯ ᠠᠴᠠ ᠪᠣᠯᠵᠣ ᠣᠷᠴᠢᠨ ᠲᠣᠭᠤᠷᠢᠨ ᠤ ᠪᠣᠬᠢᠷᠲᠤᠯ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠣᠬᠢᠷᠲᠤᠯ ᠲᠠᠢ ᠣᠷᠣᠨ ᠪᠦᠰᠡ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ | ᠳᠤᠷᠠᠳᠤᠨ᠎ᠠ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠠᠳᠡᠯ ᠤᠨ ᠬᠤᠬᠢᠷᠠᠯ ᠪᠤᠶᠤ ᠰᠦᠷᠳᠡᠭᠦᠯᠦᠯ ᠳᠤ | ᠤᠴᠠᠷᠠᠭᠰᠠᠨ ᠪᠠᠷᠢᠯᠭ᠎ᠠ ᠶᠢᠨ ᠪᠠᠷᠢᠯᠭ᠎ᠠ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠵᠡᠷᠭᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ | ᠬᠠᠮᠵᠢᠯᠴᠠᠬᠤ ᠪᠠ ᠵᠢᠯᠣᠭᠤᠳᠬᠤ ᠶᠢ ᠬᠠᠷᠢᠭᠤᠴᠠᠵᠤ᠂ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠤᠰᠤᠨ ᠴᠥᠭᠦᠷᠥᠮ᠂ ᠭᠤᠤᠯ ᠤᠨ ᠵᠠᠮ ᠵᠡᠷᠭᠡ | ᠤᠰᠤᠨ ᠠᠰᠢᠭᠯᠠᠯᠲᠠ ᠶᠢᠨ ᠬᠦᠨᠳᠦ ᠶᠡᠭᠡ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠶᠢ | ᠬᠠᠷᠢᠭᠤᠴᠠᠨ᠎ᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠠᠶᠤᠯ ᠠᠴᠠ ᠠᠪᠤᠷᠠᠨ ᠲᠤᠰᠠᠯᠠᠬᠤ | ᠬᠤᠭᠤᠴᠠᠭᠠᠨ ᠳᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠢᠨᠠᠨ ᠬᠡᠮᠵᠢᠯᠲᠡ ᠪᠠ ᠵᠠᠳᠠᠯᠤᠯᠲᠠ ᠶᠢ ᠴᠢᠩᠭᠠᠳᠬᠠᠬᠤ ᠶᠢ | ᠬᠠᠷᠢᠭᠤᠴᠠᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠡᠮᠴᠢᠯᠡᠭᠡᠨ ᠤ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ | ᠣᠷᠣᠨ ᠨᠤᠲᠤᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ ᠨᠥᠬᠦᠴᠡᠯ ᠵᠥᠪᠰᠢᠶᠡᠷᠡᠭᠰᠡᠨ ᠪᠠᠶᠢᠳᠠᠯ ᠳᠣᠤᠷ᠎ᠠ᠂ ᠬᠤᠭᠤᠯᠠᠶ ᠶᠢᠨ ᠠᠮᠤᠷ | ᠲᠦᠪᠰᠢᠨ ᠤ ᠠᠳᠡᠯ ᠢ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠵᠢᠭᠠᠪᠤᠷᠢ ᠶᠢᠨ ᠮᠡᠳᠡᠭᠡ ᠵᠠᠩᠭᠢ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ | ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠴᠠᠭ ᠲᠤᠬᠠᠶ ᠳᠤᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠨᠡᠪᠲᠡᠷᠡᠭᠦᠯᠦᠨ᠎ᠡ᠃ | ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠣᠷᠣᠨ ᠪᠦᠰᠡ ᠶᠢᠨ ᠳᠣᠲᠣᠷᠠᠬᠢ ᠣᠶ | ᠰᠢᠭᠤᠶ ᠡᠪᠡᠰᠦ ᠪᠡᠯᠴᠢᠭᠡᠷ ᠢ ᠰᠢᠢᠳᠪᠦᠷᠢᠯᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠳᠤᠮᠳᠠᠬᠢ ᠣᠨᠴᠠ | ᠲᠥᠷᠥᠯ ᠤᠨ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ ᠳᠤ ᠣᠷᠣᠯᠴᠠᠵᠤ᠂ ᠡᠭᠦᠰᠦᠮᠡᠯ | ᠠᠳᠡᠯ ᠭᠠᠷᠬᠤ ᠶᠢ ᠰᠡᠷᠭᠡᠶᠢᠯᠡᠨ᠎ᠡ᠃ | ᠬᠤᠲᠠ ᠶᠢᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠢ ᠬᠢᠨᠠᠨ ᠬᠡᠮᠵᠢᠬᠦ᠂ ᠲᠥᠰᠦᠭᠡᠯᠡᠬᠦ᠂ ᠤᠷᠢᠳᠴᠢᠯᠠᠨ ᠮᠡᠳᠡᠭᠡᠯᠡᠬᠦ ᠶᠢ ᠬᠠᠷᠢᠭᠤᠴᠠᠵᠤ᠂ ᠴᠠᠭ | ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠨ᠎ᠠ︔ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠭᠤᠯᠠᠶ ᠶᠢᠨ ᠠᠮᠤᠷ | ᠲᠦᠪᠰᠢᠨ ᠤ ᠠᠳᠡᠯ ᠤᠨ ᠭᠠᠮᠰᠢᠭ ᠢ ᠪᠠᠶᠢᠴᠠᠭᠠᠬᠤ᠂ ᠦᠨᠡᠯᠡᠨ ᠵᠢᠱᠢᠬᠦ ᠵᠢᠴᠢ ᠴᠠᠭ ᠠᠭᠤᠷ ᠢ ᠵᠠᠳᠠᠯᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ | ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠄ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠭᠠᠯ ᠤᠨ ᠠᠶᠤᠯ ᠤᠨ ᠪᠠᠶᠢᠳᠠᠯ ᠢ | ᠡᠵᠡᠮᠳᠡᠬᠦ ᠪᠠ ᠠᠷᠢᠯᠭᠠᠬᠤ ᠵᠡᠷᠭᠡ ᠲᠤᠰᠬᠠᠶ ᠮᠡᠷᠭᠡᠵᠢᠯ ᠤᠨ ᠠᠵᠢᠯ ᠢ ᠬᠠᠷᠢᠭᠤᠴᠠᠨ᠎ᠠ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ᠄ ᠬᠤᠭᠤᠯᠠᠶ ᠭᠤᠣᠷᠰᠤ ᠶᠢᠨ ᠠᠵᠢᠯ ᠤᠨ ᠠᠮᠤᠷ ᠲᠦᠪᠰᠢᠨ ᠤ ᠠᠳᠡᠯ ᠢ ᠲᠡᠷᠡ ᠳᠠᠷᠤᠶ ᠳᠤᠨᠢ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠵᠤ ᠰᠢᠢᠳᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠣᠰ ᠨᠢᠭᠡᠴᠢ ᠶᠢᠨ | ᠢᠶᠠᠨ ︽ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠢ ᠲᠣᠭᠲᠠᠭᠠᠬᠤ ᠶᠢᠨ ᠬᠠᠮᠲᠤ ᠲᠣᠰ ᠪᠡᠯᠡᠳᠬᠡᠯ ᠲᠥᠰᠦᠯ︾ ᠲᠠᠢ ᠵᠣᠯᠭᠠᠭᠤᠯᠤᠨ᠎ᠠ︔ ᠪᠠᠴᠢᠮ ᠪᠠᠶᠢᠳᠠᠯ ᠢ | ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠪᠠ ᠲᠥᠬᠦᠭᠡᠷᠦᠮᠵᠢ ᠶᠢ ᠬᠠᠳᠠᠭᠠᠯᠠᠵᠤ ᠲᠣᠬᠢᠷᠠᠭᠤᠯᠬᠤ ᠶᠢ ᠬᠠᠷᠢᠭᠤᠴᠠᠨ᠎ᠠ᠃ ᠲᠣᠰ ᠨᠢᠭᠡᠴᠢ ᠶᠢᠨ ᠢᠶᠠᠨ ᠪᠠᠴᠢᠮ | ᠪᠠᠶᠢᠳᠠᠯ ᠢ ᠠᠷᠭᠠᠴᠠᠭᠠᠬᠤ ᠪᠠᠶᠢᠳᠠᠯ ᠳᠣᠤᠷᠠᠬᠢ ᠠᠵᠢᠯᠯᠠᠭᠠᠨ ᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ | ︽ᠬᠤᠭᠤᠯᠠᠶ ᠭᠤᠣᠷᠰᠤ ᠶᠢᠨ ᠠᠵᠢᠯᠯᠠᠭᠠᠨ︾ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠤᠭᠤᠯᠠᠶ ᠭᠤᠣᠷᠰᠤ ᠶᠢᠨ ᠬᠠᠮᠢᠶ᠎ᠠ ᠪᠦᠬᠦᠢ ᠪᠡᠯᠡᠳᠬᠡᠮᠵᠢ | ᠲᠥᠬᠦᠭᠡᠷᠦᠮᠵᠢ ᠶᠢ ᠡᠬᠢᠯᠡᠭᠦᠯᠬᠦ ᠴᠢᠳᠠᠪᠤᠷᠢ ᠪᠠ ᠠᠵᠢᠯᠯᠠᠭᠠᠨ ᠢ ᠠᠮᠤᠷ ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠭᠤᠯᠠᠶ ᠭᠤᠣᠷᠰᠤ ᠶᠢᠨ | ᠠᠵᠢᠯ ᠤᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠩᠭᠠᠯᠭ᠎ᠠ ᠶᠢ ᠰᠠᠶᠢᠲᠤᠷ ᠬᠢᠵᠦ᠂ | ᠬᠤᠭᠤᠯᠠᠶ ᠭᠤᠣᠷᠰᠤ ᠶᠢᠨ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠢ ᠴᠠᠭ ᠲᠤᠬᠠᠶ ᠳᠤ ᠨᠢ ᠰᠡᠷᠭᠦᠭᠡᠵᠦ᠂ ᠬᠤᠭᠤᠯᠠᠶ ᠭᠤᠣᠷᠰᠤ ᠶᠢᠨ ᠠᠮᠤᠷ ᠲᠦᠪᠰᠢᠨ | ᠲᠣᠭᠲᠠᠭᠤᠨ ᠢᠶᠠᠷ ᠠᠵᠢᠯᠯᠠᠬᠤ ᠪᠠ ᠴᠢᠯᠠᠭᠤᠨ ᠲᠣᠰᠣ ᠬᠡᠢ ᠬᠠᠩᠭᠠᠬᠤ ᠪᠠᠲᠤᠯᠠᠭ᠎ᠠ ᠶᠢ ᠪᠠᠲᠤᠯᠠᠬᠤ ᠬᠡᠷᠡᠭᠲᠡᠢ᠃ | ᠠᠷᠭᠠᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠢᠯᠣᠭᠤᠳᠬᠤ ᠭᠠᠵᠠᠷ ᠠᠴᠠ ᠪᠦᠷᠢᠯᠳᠦᠬᠦᠨ ᠨᠢᠭᠡᠴᠡ ᠵᠢᠴᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠵᠦ ᠪᠣᠯᠤᠨ᠎ᠠ᠃ | 2.3 ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠬᠤᠲᠠ ᠶᠢᠨ | ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠡᠭᠦᠷᠭᠡᠯᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠠᠳᠡᠯ ᠤᠨ ᠮᠡᠳᠡᠭᠡ ᠵᠠᠩᠭᠢ ᠶᠢ ᠴᠤᠭᠯᠠᠭᠤᠯᠤᠨ ᠳᠡᠭᠡᠭᠰᠢ ᠮᠡᠳᠡᠭᠦᠯᠬᠦ ᠶᠢᠨ | ᠬᠠᠮᠲᠤ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠡᠯᠡᠨ᠎ᠡ︔ | ᠬᠤᠲᠠ ᠶᠢᠨ ᠵᠢᠯᠣᠭᠤᠳᠬᠤ ᠭᠠᠵᠠᠷ ᠤᠨ ᠵᠢᠭᠠᠪᠤᠷᠢ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ ᠬᠤᠲᠠ ᠶᠢᠨ ᠵᠢᠯᠣᠭᠤᠳᠬᠤ | ᠭᠠᠵᠠᠷ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ | ᠡᠭᠦᠷᠭᠡᠯᠡᠨ᠎ᠡ᠃ | 2.4 ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ | ᠡᠯ᠎ᠡ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ ᠵᠢᠯᠣᠭᠤᠳᠬᠤ ᠭᠠᠵᠠᠷ ᠤᠨ ᠪᠦᠷᠢᠯᠳᠦᠬᠦᠨ ᠢᠶᠠᠷ ᠯᠠᠪᠯᠠᠯᠲᠠ | ᠪᠣᠯᠭᠠᠵᠤ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠤᠰᠢᠭᠤ ᠰᠢᠶᠠᠨ ︵ᠲᠣᠭᠤᠷᠢᠭ︶ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ | ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠬᠤ ᠬᠡᠷᠡᠭᠲᠡᠶ᠃ | 2.5 ᠲᠣᠰᠬᠠᠢ ᠮᠡᠷᠭᠡᠵᠢᠯᠳᠡᠨ ᠤ ᠲᠤᠭᠤᠶᠢᠯᠡᠩ | ᠬᠤᠲᠠ ᠶᠢᠨ ᠵᠢᠯᠣᠭᠤᠳᠬᠤ ᠭᠠᠵᠠᠷ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠬᠠᠮᠢᠶ᠎ᠠ ᠪᠦᠬᠦᠢ ᠬᠦᠷᠢᠶᠡᠨ ᠤ ᠮᠡᠷᠭᠡᠵᠢᠯ ᠪᠠ ᠬᠠᠮᠢᠶᠠᠷᠤᠯᠲᠠ ᠶᠢᠨ | ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠦ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠦᠷᠦᠭᠦᠯᠡᠨ ᠵᠣᠬᠢᠶᠠᠨ ᠪᠠᠶᠢᠭᠤᠯᠬᠤ ᠪᠠ ᠬᠠᠮᠢᠶᠠᠷᠬᠤ ᠠᠵᠢᠯ ᠢ | ᠬᠠᠷᠢᠭᠤᠴᠠᠨ᠎ᠠ᠃ ᠭᠤᠣᠯ ᠡᠭᠦᠷᠭᠡ ᠬᠠᠷᠢᠭᠤᠴᠠᠯᠭ᠎ᠠ᠄ | ︵1︶ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠢ ᠬᠠᠮᠵᠢᠨ ᠠᠳᠡᠯ ᠤᠨ ᠰᠢᠯᠲᠠᠭᠠᠨ᠂ ᠬᠥᠭᠵᠢᠯᠲᠡ ᠶᠢᠨ ᠬᠠᠨᠳᠤᠰᠢ ᠪᠠ ᠬᠤᠤᠷ ᠬᠥᠨᠥᠭᠡᠯ ᠤᠨ | ᠬᠡᠮᠵᠢᠶ᠎ᠡ ᠶᠢ ᠵᠠᠳᠠᠯᠤᠨ ᠰᠤᠳᠤᠯᠵᠤ ᠮᠠᠭᠠᠳᠯᠠᠨ᠎ᠠ︔ | ︵2︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠥᠰᠦᠯ ᠤᠨ ᠰᠠᠨᠠᠭᠤᠯᠭ᠎ᠠ ᠳᠤᠷᠠᠳᠴᠤ᠂ ᠲᠤᠬᠠᠶ ᠶᠢᠨ ᠲᠠᠯᠠᠪᠠᠶ ᠶᠢᠨ | ᠵᠢᠯᠣᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠬᠤᠰᠢᠭᠤ ᠰᠢᠶᠠᠨ ︵ᠲᠣᠭᠤᠷᠢᠭ︶ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠪᠠᠶᠢᠭᠤᠯᠤᠮᠵᠢ ᠨᠢ ᠴᠦ ᠬᠡᠷᠡᠭᠴᠡᠭᠡ ᠪᠠᠨ ᠦᠨᠳᠦᠰᠦᠯᠡᠨ ᠵᠣᠬᠢᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠬᠤ ᠬᠡᠷᠡᠭᠲᠡᠶ᠃ | 2.6 ᠬᠠᠮᠢᠶ᠎ᠠ ᠪᠦᠬᠦᠢ ᠠᠵᠦ ᠠᠬᠤᠶᠢᠯᠠᠯ ᠤᠨ ᠪᠠᠴᠢᠮ ᠪᠠᠶᠢᠳᠡᠯ ᠢ ᠠᠷᠭᠠᠴᠠᠬᠤ ᠶᠢᠨ ᠵᠢᠯᠥᠭᠤᠳᠬᠤ ᠪᠠᠶᠢᠭᠤᠯᠥᠮᠵᠢ | ᠬᠠᠮᠢᠶ᠎ᠠ ᠪᠥᠬᠦᠶ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠪᠠᠶᠢᠭᠤᠯᠵᠤ᠂ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠨᠢᠭᠡᠳᠦᠭᠡᠷ ᠴᠤᠤᠷᠢᠶᠠᠲᠤᠨ ᠳᠠᠭᠠᠬᠤ ᠬᠥᠮᠦᠨ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ | ᠠᠷᠭᠠᠴᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠭᠤᠤᠯ ᠡᠭᠦᠷᠭᠡ ᠬᠠᠷᠢᠭᠤᠴᠠᠯᠭ᠎ᠠ᠄ ᠠᠵᠤ ᠠᠬᠤᠶᠢᠯᠠᠯ ᠤᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠨ᠎ᠠ︔ ᠠᠵᠤ ᠠᠬᠤᠶᠢᠯᠠᠯ ᠤᠨ ᠲᠤᠰᠬᠠᠶ ︵ᠬᠠᠪᠰᠤᠷᠭᠠᠭᠰᠠᠨ︶ ᠲᠤᠰᠢᠶᠠᠯ ᠤᠨ ᠪᠠᠴᠢᠮ | ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ︔ | ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠭᠡᠮ ᠢ ᠴᠠᠭ | ᠲᠤᠬᠠᠶ ᠳᠤᠨᠢ ᠠᠷᠢᠯᠭᠠᠨ᠎ᠠ︔ ᠮᠡᠳᠡᠭᠡ ᠵᠠᠩᠭᠢ ᠮᠡᠳᠡᠭᠦᠯᠬᠦ ᠪᠠ ᠤᠷᠢᠳᠠᠪᠠᠷ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ︔ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠲᠠᠢ ᠬᠠᠮᠵᠢᠯᠴᠠᠨ ᠠᠶᠤᠯ ᠠᠴᠠ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | 3 ᠳᠥᠭᠰᠢᠬᠦᠷᠢ ᠪᠠ ᠬᠤᠤᠷ ᠬᠥᠨᠥᠭᠡᠯ ᠤᠨ ᠵᠠᠳᠠᠯᠤᠯᠲᠠ | 3.1 ᠳᠥᠭᠰᠢᠬᠦᠷᠢ ᠶᠢᠨ ᠵᠠᠳᠠᠯᠥᠯᠳᠡ | ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠪᠣᠯ ᠠᠶᠤᠯᠲᠠᠶ ᠬᠢᠮᠢ ᠶᠢᠨ ᠪᠣᠳᠠᠰ ᠮᠥᠨ᠂ ᠬᠤᠭᠤᠯᠠᠶ ᠪᠠᠷ ᠳᠠᠮᠵᠢᠭᠤᠯᠤᠨ ᠬᠦᠷᠭᠡᠭᠰᠡᠨ ᠴᠢᠯᠠᠭᠤᠨ | ᠲᠣᠰᠣ᠂ ᠪᠠᠶᠢᠭᠠᠯᠢ ᠶᠢᠨ ᠰᠢᠲᠠᠮᠠᠬᠠᠶ ᠬᠡᠶ ᠳᠤ ᠥᠨᠳᠥᠷ ᠳᠠᠷᠤᠯᠲᠠ᠂ ᠨᠣᠴᠣᠮᠠᠲᠠᠭᠠᠶ᠂ ᠳᠡᠯᠪᠡᠷᠡᠮᠡᠲᠡᠭᠡᠶ ᠵᠡᠷᠭᠡ ᠣᠨᠴᠠᠯᠢᠭ ᠲᠠᠢ᠃ ᠳᠠᠮᠵᠢᠭᠤᠯᠬᠤ ᠬᠤᠭᠤᠯᠠᠶ ᠶᠢᠨ | ᠠᠮᠤᠷ ᠲᠦᠪᠰᠢᠨ ᠤ ᠠᠳᠡᠯ ᠳᠤ ᠭᠤᠣᠯᠳᠠᠭᠤ᠄ | ︵1︶ ᠬᠤᠭᠤᠯᠠᠢ ᠶᠢᠨ ᠠᠵᠢᠯᠯᠠᠭᠠᠨ ᠤ ᠠᠶᠤᠯᠭᠦᠢ ᠶᠢᠨ ᠭᠡᠨᠡᠳᠡᠯ ᠡᠭᠦᠰᠬᠦ᠃ ᠲᠥᠬᠦᠭᠡᠷᠦᠮᠵᠢ ᠲᠥᠬᠦᠭᠡᠷᠦᠮᠵᠢ ᠶᠢᠨ ᠭᠡᠮᠲᠦᠯ᠂ ᠬᠤᠭᠤᠯᠠᠶ ᠢᠳᠡᠭᠳᠡᠭᠰᠡᠨ | ᠪᠤᠶᠤ ᠠᠵᠢᠯᠯᠠᠬᠤ ᠳᠤ ᠠᠯᠳᠠᠰᠢ ᠭᠠᠷᠤᠭᠰᠠᠨ ᠵᠡᠷᠭᠡ ᠰᠢᠯᠲᠠᠭᠠᠨ ᠠᠴᠠ ᠪᠣᠯᠤᠭᠰᠠᠨ ᠳᠠᠮᠵᠢᠭᠤᠯᠬᠤ ᠬᠤᠭᠤᠯᠠᠢ ᠳᠤ ᠶᠡᠭᠡ ᠬᠡᠮᠵᠢᠶᠡᠨ ᠤ ᠲᠣᠰᠣ ᠬᠡᠢ ᠭᠤᠭᠤᠵᠢᠬᠤ᠂ | ᠭᠠᠯ ᠭᠠᠷᠬᠤ᠂ ᠳᠡᠯᠪᠡᠷᠡᠯᠲᠡ ᠶᠢᠨ ᠠᠳᠡᠯ ᠭᠠᠷᠤᠭᠰᠠᠨ ᠪᠠᠶᠢᠨ᠎ᠠ᠃ | ︵2︶ ᠬᠤᠭᠤᠯᠠᠢ ᠶᠢ ᠡᠪᠳᠡᠬᠦ᠃ ᠨᠦᠬᠡ ᠭᠠᠷᠭᠠᠵᠤ ᠲᠣᠰᠣ ᠬᠤᠯᠠᠭᠠᠶᠢᠯᠠᠭᠰᠠᠨ᠂ ᠭᠤᠷᠪᠠᠳᠠᠬᠢ ᠡᠲᠡᠭᠡᠳ ᠠᠴᠠ ᠪᠠᠷᠢᠯᠭ᠎ᠠ ᠶᠢᠨ ᠠᠵᠢᠯ ᠬᠢᠵᠦ᠂ ᠬᠤᠭᠤᠯᠠᠶ | ᠭᠤᠣᠷᠰᠤ ᠶᠢᠨ ᠳᠦᠬᠦᠭᠡᠷᠦᠮᠵᠢ ᠶᠢ ᠵᠣᠷᠢᠭᠤᠳᠠ ᠡᠪᠳᠡᠭᠰᠡᠨ ᠠᠴᠠ ᠪᠣᠯᠵᠤ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠪᠠ ᠬᠥᠮᠦᠨ ᠬᠠᠷ᠎ᠠ ᠦᠬᠦᠵᠦ | ᠰᠢᠷᠬᠠᠲᠤᠭᠰᠠᠨ ᠠᠳᠡᠯ ᠭᠠᠷᠤᠭᠰᠠᠨ ᠪᠠᠶᠢᠨ᠎ᠠ᠃ | ︵3︶ ᠪᠠᠶᠢᠭᠠᠯᠢ ᠶᠢᠨ ᠭᠠᠮᠰᠢᠭ ᠠᠴᠠ ᠪᠤᠯᠤᠭᠰᠠᠨ ᠠᠳᠡᠯ᠃ ᠦᠶᠡᠷ᠂ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ᠂ ᠭᠠᠵᠠᠷ ᠬᠥᠳᠡᠯᠦᠯᠲᠡ | ᠵᠡᠷᠭᠡ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠤᠭᠤᠯᠠᠶ ᠶᠢᠨ ᠲᠠᠰᠤᠷᠠᠬᠤ᠂ ᠲᠣᠰᠣ ᠬᠡᠢ ᠶᠡᠭᠡ ᠬᠡᠮᠵᠢᠶ᠎ᠡ ᠪᠠᠷ ᠯᠡᠪᠡᠷᠡᠭᠰᠡᠨ ᠠᠴᠠ ᠣᠷᠴᠢᠨ ᠲᠣᠭᠤᠷᠢᠨ ᠤ | ᠪᠣᠬᠢᠷᠲᠤᠯ᠂ ᠬᠥᠮᠦᠨ ᠬᠠᠷ᠎ᠠ ᠦᠬᠦᠵᠦ ᠰᠢᠷᠬᠠᠲᠤᠬᠤ᠂ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠨ ᠠᠳᠡᠯ ᠭᠠᠷᠪᠠ᠃ | 3.2 ᠬᠤᠤᠷ ᠬᠥᠨᠥᠭᠡᠯ ᠤᠨ ᠵᠠᠳᠠᠯᠤᠯᠲᠠ | ᠬᠤᠭᠤᠯᠠᠶ ᠭᠤᠣᠷᠰᠤ ᠳᠡᠪᠢᠰᠦᠭᠰᠡᠨ᠂ ᠭᠠᠯ ᠤᠨ ᠠᠶᠤᠯ ᠪᠤᠶᠤ ᠳᠡᠯᠪᠡᠷᠡᠬᠦ ᠵᠡᠷᠭᠡ ᠠᠮᠤᠷ ᠲᠦᠪᠰᠢᠨ ᠤ ᠠᠳᠡᠯ ᠭᠠᠷᠪᠠᠯ᠂ ᠬᠥᠮᠦᠨ ᠬᠠᠷ᠎ᠠ ᠥᠭᠦᠵᠦ | ᠰᠢᠷᠬᠠᠲᠤᠭᠰᠠᠨ ᠪᠠ ᠠᠵᠤ ᠠᠬᠤᠶ ᠶᠢᠨ ᠬᠤᠬᠢᠷᠠᠯ ᠤᠴᠠᠷᠠᠭᠤᠯᠵᠤ ᠮᠡᠳᠡᠬᠦ ᠠᠴᠠ ᠭᠠᠳᠠᠨ᠎ᠠ᠂ ᠪᠠᠰᠠ ᠬᠡᠰᠡᠭ ᠣᠷᠣᠨ ᠪᠦᠰᠡ ᠶᠢᠨ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠵᠢᠴᠢ ᠴᠢᠬᠤᠯᠠ ᠰᠠᠭᠤᠷᠢ ᠪᠡᠯᠡᠳᠬᠡᠮᠵᠢ ᠶᠢ ᠡᠪᠳᠡᠬᠦ ᠪᠣᠯᠤᠯᠴᠠᠭ᠎ᠠ ᠲᠠᠢ᠃ | ︵1︶ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠠᠵᠤ ᠠᠬᠤᠢ ᠶᠢᠨ ᠰᠢᠭᠤᠳ ᠬᠤᠬᠢᠷᠠᠯ ᠭᠠᠷᠤᠭᠰᠠᠨ ᠵᠢᠴᠢ ᠳᠡᠭᠡᠳᠦ ᠤᠷᠤᠰᠬᠠᠯ ᠤᠨ ᠲᠣᠰᠣ | ᠰᠢᠲᠠᠭᠴᠢ ᠬᠡᠢ ᠶᠢᠨ ᠠᠭᠤᠷᠬᠠᠢ ᠪᠠ ᠳᠣᠣᠷᠠᠳᠤ ᠤᠷᠤᠰᠬᠠᠯ ᠤᠨ ᠦᠢᠯᠡᠳᠪᠦᠷᠢ ᠠᠭᠤᠷᠬᠠᠢ ᠶᠢᠨ ᠠᠵᠤ ᠠᠬᠤᠢᠯᠠᠯ ᠤᠨ ᠠᠵᠢᠯ ᠵᠣᠭᠰᠣᠵᠤ ᠭᠠᠷᠤᠯᠲᠠ ᠬᠠᠰᠤᠭᠳᠠᠭᠰᠠᠨ | ︵2︶ ᠳᠣᠣᠷᠠᠳᠤ ᠤᠷᠤᠰᠬᠠᠯ ᠤᠨ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠲᠡ ᠶᠢᠨ ᠠᠰᠠᠷᠠᠮᠵᠢ ᠶᠢᠨ ᠪᠠᠶᠢᠭᠤᠯᠤᠮᠵᠢ᠂ ᠵᠠᠮ ᠬᠠᠷᠢᠯᠴᠠᠭ᠎ᠠ | ᠲᠡᠭᠡᠭᠡᠪᠦᠷᠢ ᠵᠢᠴᠢ ᠰᠠᠭᠤᠭᠠᠯᠢ ᠠᠷᠠᠳ ᠤᠨ ᠠᠮᠢᠳᠤᠷᠠᠯ ᠤᠨ ᠲᠣᠰᠣ ᠬᠡᠢ ᠶᠢᠨ ᠬᠠᠩᠭᠠᠯᠲᠠ ᠶᠢ ᠲᠠᠰᠤᠯᠳᠠᠭᠤᠯᠪᠠ︔ | ︵3︶ ᠣᠷᠣᠨ ᠪᠦᠰᠡ ᠶᠢᠨ ᠴᠢᠨᠠᠷᠲᠠᠶ ᠤᠰᠤ᠂ ᠴᠠᠬᠢᠯᠭᠠᠨ᠂ ᠬᠡᠢ ᠶᠢᠨ ᠬᠠᠩᠭᠠᠮᠵᠢ ᠲᠠᠰᠤᠷᠠᠭᠰᠠᠨ ᠪᠤᠶᠤ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ | ᠳᠠᠮᠫᠤᠷᠠᠭᠰᠠᠨ ᠵᠡᠷᠭᠡ ᠠᠳᠡᠯ ᠳᠤ ᠤᠴᠠᠷᠠᠭᠰᠠᠨ ᠠᠴᠠ ᠣᠯᠠᠨ ᠲᠦᠮᠡᠨ ᠤ ᠭᠡᠯᠮᠡᠭᠳᠡᠯ ᠡᠭᠦᠰᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠪᠡ︔ | ︵4︶ ᠣᠷᠴᠢᠨ ᠠᠬᠤᠢ ᠶᠢ ᠪᠣᠬᠢᠷᠳᠤᠭᠤᠯᠵᠤ᠂ ᠣᠯᠠᠨ ᠨᠡᠢᠲᠡ ᠶᠢᠨ ᠡᠷᠡᠭᠦᠯ ᠬᠠᠮᠠᠭᠠᠯᠠᠯ ᠪᠣᠯᠣᠨ ᠣᠷᠴᠢᠨ ᠠᠬᠤᠢ ᠶᠢ ᠬᠠᠮᠠᠭᠠᠯᠠᠬᠤ ᠳᠤ ᠨᠡᠯᠢᠶᠡᠳ ᠤᠷᠲᠤ | ᠬᠤᠭᠤᠴᠠᠭᠠᠨ ᠤ ᠨᠠᠵᠠᠭᠠᠢ ᠨᠥᠯᠥᠭᠡ ᠦᠵᠡᠭᠦᠯᠵᠦ ᠪᠠᠢᠨ᠎ᠠ᠃ | 4. ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠠᠶᠤᠯ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ ᠲᠣᠭᠤᠷᠢᠨ | ᠬᠠᠮᠠᠭᠠᠯᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠭᠤᠯᠠᠶ ᠭᠤᠣᠷᠰᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ᠂ ᠰᠡᠯᠪᠢᠨ ᠵᠠᠰᠠᠵᠤ᠂ | ᠰᠠᠶᠢᠨ ᠰᠠᠶᠢᠬᠠᠨ ᠠᠵᠢᠯᠯᠠᠭᠠᠨ ᠤ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠭᠤᠯᠠᠶ ᠭᠤᠣᠷᠰᠤ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯ᠎ᠠ ᠶᠢᠨ ᠲᠠᠯᠳᠠ ᠭᠡᠮ ᠢ ᠠᠵᠤ ᠠᠬᠤᠶᠢᠯᠠᠯ ᠥᠪᠡᠷ ᠢᠶᠠᠨ ᠠᠷᠢᠯᠭᠠᠬᠤ ᠳᠤ | ᠪᠡᠷᠬᠡᠲᠡᠶ ᠪᠠᠶᠢᠪᠠᠯ᠂ ᠴᠠᠭ ᠲᠤᠬᠠᠶ ᠳᠤ ᠨᠢ ᠬᠤᠰᠢᠭᠤ ᠰᠢᠶᠠᠨ ︵ᠲᠣᠭᠤᠷᠢᠭ︶ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠭᠤᠯᠠᠶ | ᠭᠤᠣᠷᠰᠤ ᠶᠢᠨ ᠬᠠᠮᠠᠭᠠᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ︔ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠲᠦᠭᠰᠢᠭᠦᠷᠢ ᠨᠡᠯᠢᠶᠡᠳ ᠶᠡᠭᠡ ᠪᠠᠶᠢᠭ᠎ᠠ ᠬᠡᠰᠡᠭ ᠪᠠ ᠲᠠᠯᠠᠪᠤᠷ | ᠭᠠᠵᠠᠷ ᠲᠤ ᠭᠤᠣᠯᠳᠠᠯᠭ᠎ᠠ ᠲᠠᠢ ᠬᠢᠨᠠᠨ ᠰᠢᠨᠵᠢᠯᠡᠯᠲᠡ ᠬᠢᠵᠦ᠂ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ | ᠣᠷᠣᠨ ᠤ ᠪᠠᠨ ᠬᠤᠭᠤᠯᠠᠶ ᠭᠤᠣᠷᠰᠤ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠵᠤ | ᠠᠬᠤᠶᠢᠯᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠵᠠᠰᠠᠬᠤ ᠠᠵᠢᠯ ᠥᠷᠨᠢᠭᠦᠯᠬᠦ ᠶᠢ ᠰᠢᠮᠳᠠᠭᠤᠯᠬᠤ ᠬᠡᠷᠡᠭᠲᠡᠶ︔ ᠬᠤᠭᠤᠯᠠᠶ ᠭᠤᠣᠷᠰᠤ ᠶᠢᠨ | ᠪᠡᠯᠡᠳᠬᠡᠮᠵᠢ ᠶᠢ ᠬᠠᠤᠯᠢ ᠠᠴᠠ ᠵᠥᠷᠢᠴᠡᠨ ᠡᠵᠡᠯᠡᠬᠦ᠂ ᠡᠪᠳᠡᠵᠦ ᠰᠦᠢᠳᠭᠡᠬᠦ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠬᠤᠷᠢᠭᠯᠠᠨ ᠵᠣᠭᠰᠣᠭᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠣᠰ ᠲᠣᠰ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ | ᠭᠦᠢᠴᠡᠳᠬᠡᠯᠭᠡᠬᠦ︔ ᠬᠤᠭᠤᠯᠠᠶ ᠭᠤᠣᠷᠰᠤ ᠶᠢᠨ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ | 5 ᠬᠢᠨᠠᠨ ᠬᠡᠮᠵᠢᠯᠲᠡ ᠶᠢᠨ ᠰᠡᠷᠡᠮᠵᠢᠯᠡᠭᠦᠯᠬᠦ ᠪᠠ ᠰᠡᠷᠡᠮᠵᠢᠯᠡᠭᠦᠯᠦᠯ ᠨᠡᠶᠢᠲᠡᠯᠡᠬᠦ | 5.1 ᠬᠢᠨᠠᠨ ᠰᠢᠨᠵᠢᠬᠦ ᠤᠷᠢᠳᠴᠢᠯᠠᠨ ᠮᠡᠳᠡᠭᠡᠯᠡᠬᠦ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠢᠴᠢ ᠡᠯ᠎ᠡ ᠬᠤᠰᠢᠭᠤ ᠰᠢᠶᠠᠨ ︵ᠲᠣᠭᠤᠷᠢᠭ︶ ᠤ ᠬᠤᠭᠤᠯᠠᠶ ᠭᠤᠣᠷᠰᠤ ᠶᠢᠨ | ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢᠵᠢᠯᠲᠠ ᠪᠠ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ ᠭᠤᠤᠯᠳᠠᠯᠭ᠎ᠠ ᠲᠠᠢ ᠪᠡᠯᠡᠳᠬᠡᠮᠵᠢ ᠲᠥᠬᠦᠭᠡᠷᠦᠮᠵᠢ᠂ | ᠭᠤᠤᠯᠳᠠᠯᠭ᠎ᠠ ᠲᠠᠢ ᠣᠷᠣᠨ ᠪᠦᠰᠡ᠂ ᠴᠢᠬᠤᠯᠠ ᠠᠵᠢᠯ ᠤᠨ ᠪᠠᠶᠢᠷᠢ ᠵᠢᠴᠢ ᠦᠢᠯᠡᠳᠪᠦᠷᠢᠯᠡᠯ ᠤᠨ ᠠᠵᠢᠯ ᠤᠨ ᠠᠮᠤᠷ ᠲᠦᠪᠰᠢᠨ ᠢ ᠨᠥᠯᠥᠭᠡᠯᠡᠬᠦ ᠣᠷᠴᠢᠨ | ᠲᠣᠭᠤᠷᠢᠨ ᠤ ᠪᠠᠶᠢᠳᠠᠯ ᠢ ᠬᠢᠨᠠᠨ ᠰᠢᠨᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠭᠠᠷᠴᠤ ᠮᠡᠳᠡᠬᠦ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠢ | ᠶᠡᠷᠦᠩᠬᠡᠶᠢᠯᠡᠨ ᠦᠨᠡᠯᠡᠨ ᠵᠢᠱᠢᠬᠦ ᠪᠠ ᠬᠠᠨᠳᠤᠰᠢ ᠳᠤ ᠵᠠᠳᠠᠯᠤᠯᠲᠠ ᠬᠢᠵᠦ᠂ ᠲᠦᠭᠰᠢᠭᠦᠷᠢ ᠶᠢ ᠴᠠᠭ ᠲᠤᠬᠠᠶ ᠳᠤ ᠨᠢ ᠰᠠᠨᠠᠭᠤᠯᠵᠤ᠂ ᠤᠷᠢᠳᠴᠢᠯᠠᠨ ᠰᠡᠷᠡᠮᠵᠢᠯᠡᠭᠦᠯᠬᠦ | ᠳᠡᠮᠵᠢᠯᠭᠡ ᠬᠠᠩᠭᠠᠨ᠎ᠠ᠃ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠣᠯ ᠠᠳᠡᠯ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭ᠎ᠠ ᠶᠢᠨ ᠭᠤᠣᠯ | ᠴᠣᠭᠴᠠ ᠮᠥᠨ᠂ ᠸᠢᠳᠢᠣ᠋ ᠪᠠᠷ ᠬᠢᠨᠠᠨ ᠡᠵᠡᠮᠳᠡᠬᠦ᠂ ᠠᠯᠤᠰ ᠠᠴᠠ ᠬᠢᠨᠠᠨ ᠰᠢᠨᠵᠢᠬᠦ᠂ ᠠᠦ᠋ᠲ᠋ᠣ᠋ ᠪᠠᠷ ᠲᠦᠭᠰᠢᠭᠦᠷᠢ ᠮᠡᠳᠡᠭᠦᠯᠬᠦ᠂ ᠣᠶᠤᠨᠴᠢ ᠪᠠᠷ ᠢᠯᠭᠠᠨ ᠲᠠᠨᠢᠬᠤ ᠵᠡᠷᠭᠡ | ᠤᠶᠤᠨᠴᠢᠯᠠᠭᠰᠠᠨ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠬᠤᠭᠤᠯᠠᠶ ᠭᠤᠣᠷᠰᠤ ᠶᠢᠨ | ᠠᠮᠦᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠳᠡᠯ ᠢ | ᠬᠢᠨᠠᠨ ᠰᠢᠨᠵᠢᠭᠰᠡᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠲᠤᠬᠠᠢ ᠶᠢᠨ ᠭᠠᠵᠠᠷ ᠤᠨ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠪᠠ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠬᠤᠳᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠪᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠶ᠃ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠭᠤᠤᠯ ᠠᠭᠤᠯᠭ᠎ᠠ ᠳᠤ᠄ | ᠦᠨᠳᠦᠰᠦᠨ ᠪᠠᠶᠢᠳᠠᠯ᠂ ᠰᠤᠳᠤᠯᠤᠨ ᠮᠠᠭᠠᠳᠯᠠᠬᠤ ᠪᠠᠷ ᠳᠠᠮᠵᠢᠭᠠᠳ ᠡᠭᠦᠰᠴᠦ ᠮᠡᠳᠡᠬᠦ ᠬᠤᠤᠷ ᠬᠥᠨᠥᠭᠡᠯ ᠵᠢᠴᠢ ᠬᠡᠮᠵᠢᠶ᠎ᠡ᠂ ᠨᠦᠯᠦᠭᠡᠯᠡᠵᠦ ᠮᠡᠳᠡᠬᠦ ᠬᠡᠪᠴᠢᠶ᠎ᠡ ᠵᠢᠴᠢ | ᠰᠠᠨᠠᠭᠤᠯᠭ᠎ᠠ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ | 5.2 ᠰᠡᠷᠡᠮᠵᠢᠯᠡᠬᠦᠯᠬᠦ ᠳᠡᠰ | ᠬᠤᠭᠤᠯᠠᠶ ᠶᠢᠨ ᠠᠮᠤᠷ ᠲᠦᠪᠰᠢᠨ ᠤ ᠠᠳᠡᠯ ᠳᠤ ᠤᠴᠠᠷᠠᠭᠤᠯᠵᠤ ᠮᠡᠳᠡᠬᠦ ᠬᠤᠤᠷ ᠬᠥᠨᠥᠭᠡᠯ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠬᠠᠨᠳᠤᠰᠢ ᠶᠢ | ᠦᠨᠳᠦᠰᠦᠯᠡᠨ᠂ ᠡᠭᠦᠰᠴᠦ ᠮᠡᠳᠡᠬᠦ ᠠᠳᠡᠯ ᠤᠨ ᠲᠠᠰ᠂ ᠤᠷᠢᠳᠴᠢᠯᠠᠨ ᠰᠡᠷᠡᠮᠵᠢᠯᠡᠭᠦᠯᠬᠦ ᠲᠠᠰ ᠢ ᠡᠩ ᠤᠨ ︵Ⅳ ᠲᠠᠰ︶᠂ ᠨᠡᠯᠢᠶᠡᠳ ᠶᠡᠭᠡ ︵Ⅲ ᠲᠠᠰ︶᠂ | ᠬᠦᠨᠳᠦ ᠶᠡᠭᠡ ︵Ⅱ ᠲᠠᠰ︶᠂ ᠣᠨᠴᠠᠭᠠᠶ ᠬᠦᠨᠳᠦ ᠶᠡᠭᠡ ︵Ⅰ ᠲᠠᠰ︶ ᠭᠡᠵᠦ ᠬᠤᠪᠢᠶᠠᠨ᠎ᠠ᠂ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠥᠩᠭᠡ ᠲᠠᠢ | ᠲᠡᠮᠳᠡᠭ ᠢ ᠬᠡᠷᠡᠭᠯᠡᠵᠦ᠂ Ⅰ ᠲᠠᠰ ᠢ ᠬᠠᠮᠤᠭ ᠤᠨ ᠳᠡᠭᠡᠳᠦ ᠲᠠᠰ ᠭᠡᠵᠦ ᠬᠤᠪᠢᠶᠠᠨ᠎ᠠ᠃ | ᠬᠥᠬᠡ ᠥᠩᠭᠡ ᠶᠢᠨ ᠰᠡᠷᠡᠮᠵᠢᠯᠡᠭᠦᠯᠦᠯ ︵Ⅳ ᠲᠠᠰ︶᠄ ᠵᠢᠱᠢᠯᠲᠡ ᠪᠠᠷ ᠡᠩ ᠤᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠬᠤ | ᠪᠣᠯᠤᠨ᠎ᠠ᠃ | ᠰᠢᠷ᠎ᠠ ᠥᠩᠭᠡ ᠶᠢᠨ ᠰᠡᠷᠡᠮᠵᠢᠯᠡᠭᠦᠯᠦᠯ ︵Ⅲ ᠲᠠᠰ︶᠄ ᠵᠢᠱᠢᠯᠲᠡ ᠪᠠᠷ ᠨᠡᠯᠢᠶᠡᠳ ᠶᠡᠭᠡ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ | ᠭᠠᠷᠴᠤ᠂ ᠠᠳᠡᠯ ᠨᠢᠭᠡᠨᠲᠡ ᠣᠶᠢᠷᠠᠳᠴᠤ᠂ ᠬᠡᠷᠡᠭ ᠤᠨ ᠪᠠᠶᠢᠳᠠᠯ ᠥᠷᠭᠡᠳᠬᠡᠬᠦ ᠬᠠᠨᠳᠤᠰᠢ ᠲᠠᠢ᠃ | ᠤᠯᠠᠪᠤᠷ ᠥᠩᠭᠡ ᠶᠢᠨ ᠰᠡᠷᠡᠮᠵᠢᠯᠡᠭᠦᠯᠦᠯ ︵Ⅱ ᠲᠠᠰ︶᠄ ᠵᠢᠱᠢᠯᠲᠡ ᠪᠠᠷ ᠬᠦᠨᠳᠦ ᠶᠡᠭᠡ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ | ᠭᠠᠷᠬᠤ ᠪᠣᠯᠤᠨ᠎ᠠ᠂ ᠠᠳᠡᠯ ᠤᠳᠠᠯ ᠥᠬᠡᠶ ᠡᠭᠦᠰᠬᠦ ᠭᠡᠵᠦ ᠪᠠᠶᠢᠨ᠎ᠠ᠂ ᠬᠡᠷᠡᠭ ᠤᠨ ᠪᠠᠶᠢᠳᠠᠯ ᠨᠢ ᠶᠠᠭ ᠠᠯᠬᠤᠮ ᠠᠯᠬᠤᠮ ᠢᠶᠠᠷ ᠥᠷᠭᠡᠳᠬᠡᠵᠦ ᠪᠠᠶᠢᠨ᠎ᠠ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ︵Ⅰ ᠲᠠᠰ︶᠄ ᠵᠢᠱᠢᠯᠲᠡ ᠪᠠᠷ ᠣᠨᠴᠠᠭᠠᠶ ᠬᠦᠨᠳᠦ ᠶᠡᠭᠡ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠴᠤ᠂ | ᠠᠳᠡᠯ ᠴᠠᠭ ᠲᠤᠬᠠᠶ ᠳᠤᠨᠢ ᠭᠠᠷᠴᠤ᠂ ᠬᠡᠷᠡᠭ ᠤᠨ ᠪᠠᠶᠢᠳᠠᠯ ᠶᠠᠭ ᠲᠠᠰᠤᠷᠠᠯᠲᠠ ᠥᠬᠡᠶ ᠳᠡᠯᠭᠡᠷᠡᠵᠦ ᠪᠠᠶᠢᠨ᠎ᠠ᠃ | 5.3 ᠰᠡᠷᠡᠮᠵᠢᠯᠡᠬᠦᠯᠦᠯ | 5.3.1 ᠨᠡᠶᠢᠲᠡᠯᠡᠬᠦ ᠡᠷᠬᠡ ᠮᠡᠳᠡᠯ | ᠡᠯ᠎ᠡ ᠱᠠᠲᠤᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠶᠢᠭᠠᠯᠢ ᠶᠢᠨ ᠡᠬᠢ ᠪᠠᠶᠠᠯᠢᠭ᠂ ᠴᠠᠭ | ᠠᠭᠤᠷ᠂ ᠭᠠᠵᠠᠷ ᠬᠥᠳᠡᠯᠦᠯᠲᠡ ᠵᠡᠷᠭᠡ ᠰᠠᠯᠠᠭ᠎ᠠ ᠮᠥᠴᠢᠷ ᠯᠦᠭᠡ ᠶᠢᠨ ᠵᠥᠪᠳᠡᠯᠴᠡᠭᠡ ᠪᠠᠨ ᠴᠢᠩᠭᠠᠳᠬᠠᠵᠤ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ | ᠭᠠᠷᠬᠤ ᠭᠡᠵᠦ ᠪᠠᠶᠢᠭ᠎ᠠ ᠪᠤᠶᠤ ᠡᠭᠦᠰᠬᠦ ᠪᠣᠯᠤᠮᠵᠢ ᠶᠡᠭᠡᠰᠬᠦ ᠦᠶ᠎ᠡ ᠳᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠳᠠᠷᠦ᠋ᠢᠬᠠᠨ ᠰᠡᠷᠡᠮᠵᠢᠯᠡᠭᠦᠯᠬᠦ ᠮᠡᠳᠡᠭᠡ ᠵᠠᠩᠭᠢ | ᠨᠡᠶᠢᠲᠡᠯᠡᠬᠦ ᠶᠢᠨ ᠬᠠᠮᠲᠤ᠂ ᠴᠠᠭ ᠲᠤᠬᠠᠶ ᠳᠤ ᠨᠢ ᠳᠡᠭᠡᠷ᠎ᠡ ᠨᠢᠭᠡ ᠱᠠᠲᠤᠨ ᠳᠤ ᠮᠡᠳᠡᠭᠦᠯᠬᠦ ᠬᠡᠷᠡᠭᠲᠡᠶ᠃ ᠰᠢᠷ᠎ᠠ ᠪᠠ ᠬᠥᠬᠡ ᠥᠩᠭᠡ ᠶᠢᠨ ᠰᠡᠷᠡᠮᠵᠢ ᠶᠢᠨ ᠳᠡᠰ ᠲᠤ | ᠬᠦᠷᠦᠭᠰᠡᠨ ᠪᠠᠶᠢᠪᠠᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠤᠰ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠨᠢ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ | ᠨᠡᠶᠢᠲᠡᠯᠡᠨ᠎ᠡ︔ ᠤᠯᠠᠭᠠᠨ ᠪᠠ ᠤᠯᠠᠪᠤᠷ ᠥᠩᠭᠡ ᠶᠢᠨ ᠰᠡᠷᠡᠮᠵᠢᠯᠡᠭᠦᠯᠬᠦ ᠳᠡᠰ ᠲᠤ ᠬᠦᠷᠬᠦ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︵ᠡᠯ᠎ᠡ ᠱᠠᠲᠤᠨ ᠤ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ︶ ᠠᠴᠠ ᠬᠠᠷᠢᠭᠤᠴᠠᠨ ᠨᠡᠶᠢᠲᠡᠯᠡᠵᠦ᠂ | ᠬᠤᠯᠪᠣᠭᠳᠠᠯ ᠪᠦᠬᠦᠢ ᠭᠠᠵᠠᠷ ᠣᠷᠣᠨ ᠨᠢ ᠰᠡᠷᠡᠮᠵᠢᠯᠡᠭᠦᠯᠬᠦ ᠬᠤᠭᠤᠴᠠᠭᠠᠨ ᠳᠤ ᠣᠷᠣᠭᠰᠠᠨ ᠢ ᠨᠡᠶᠢᠲᠡᠯᠡᠨ᠎ᠡ᠃ ᠠᠮᠤᠷ ᠲᠦᠪᠰᠢᠨ ᠤ ᠠᠳᠡᠯ ᠤᠨ ᠰᠦᠷᠳᠡᠭᠦᠯᠦᠯ ᠢ | ᠨᠢᠭᠡᠨᠲᠡ ᠠᠷᠢᠯᠭᠠᠵᠤ᠂ ᠨᠡᠶᠢᠲᠡᠯᠡᠭᠰᠡᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠶ ᠳᠤᠨᠢ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠵᠤ᠂ ᠤᠷᠢᠳᠴᠢᠯᠠᠨ | ᠰᠡᠷᠡᠮᠵᠢᠯᠡᠭᠦᠯᠬᠦ ᠬᠤᠭᠤᠴᠠᠭ᠎ᠠ ᠶᠢ ᠡᠴᠦᠰᠯᠡᠭᠦᠯᠬᠦ ᠬᠡᠷᠡᠭᠲᠡᠶ᠃ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠭᠤᠯᠭ᠎ᠠ ᠳᠤ ᠪᠠᠭᠲᠠᠬᠤ ᠪᠣᠯᠪᠠᠴᠤ | ᠬᠢᠵᠠᠭᠠᠷᠯᠠᠭᠳᠠᠬᠤ ᠦᠭᠡᠢ᠄ ᠨᠡᠶᠢᠲᠡᠯᠡᠬᠦ ᠨᠢᠭᠡᠴᠢ᠂ ᠨᠡᠶᠢᠲᠡᠯᠡᠬᠦ ᠴᠠᠭ᠂ ᠭᠠᠷᠴᠤ ᠮᠡᠳᠡᠬᠦ ᠠᠮᠦᠷ ᠲᠦᠪᠰᠢᠨ ᠤ ᠠᠳᠡᠯ ᠤᠨ ᠲᠦᠷᠦᠯ ᠢᠯᠭᠠᠯ᠂ ᠠᠮᠦᠷ ᠲᠦᠪᠰᠢᠨ ᠤ | ᠠᠳᠡᠯ ᠤᠨ ᠰᠡᠷᠡᠮᠵᠢᠯᠡᠭᠦᠯᠬᠦ ᠲᠠᠰ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ ᠮᠡᠳᠡᠭᠡ ᠵᠠᠩᠭᠢ ᠶᠢ | ᠪᠠᠭᠲᠠᠭᠠᠨ᠎ᠠ᠃ | ᠬᠤᠭᠤᠯᠠᠶ ᠶᠢᠨ ᠠᠮᠤᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠶᠢ ᠬᠦᠴᠦᠨ ᠥᠬᠡᠶ ᠪᠣᠯᠭᠠᠬᠤ ᠪᠣᠯᠪᠠᠴᠤ ᠬᠢᠵᠠᠭᠠᠷᠯᠠᠬᠳᠠᠬᠤ | ᠥᠬᠡᠶ᠄ ᠨᠢᠭᠡᠴᠢ ᠶᠢᠨ ᠨᠡᠷᠡᠶᠢᠳᠦᠯ᠂ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠪᠠ ᠬᠦᠴᠦᠨ ᠥᠬᠡᠶ ᠪᠣᠯᠭᠠᠬᠤ ᠴᠠᠭ ᠢ ᠬᠦᠴᠦᠨ | ᠥᠬᠡᠶ ᠪᠣᠯᠭᠠᠨ᠎ᠠ᠃ | 5.3.2 ᠰᠡᠷᠡᠮᠵᠢᠯᠡᠬᠦᠯᠬᠦ ᠲᠤᠬᠢᠷᠠᠭᠤᠯᠤᠯᠳᠠ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠥᠭᠵᠢᠯᠲᠡ ᠶᠢᠨ ᠪᠠᠶᠢᠳᠠᠯ ᠪᠠ ᠰᠢᠢᠳᠪᠦᠷᠢᠯᠡᠬᠦ ᠠᠬᠢᠴᠠ ᠶᠢ ᠦᠨᠳᠦᠰᠦᠯᠡᠨ᠂ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ ᠰᠠᠯᠠᠭ᠎ᠠ ᠮᠥᠴᠢᠷ ᠤᠨ ᠰᠡᠷᠡᠮᠵᠢᠯᠡᠭᠦᠯᠬᠦ ᠳᠡᠰ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠬᠡᠷᠡᠭᠲᠡᠢ᠃ | 5.3.3 ᠨᠡᠶᠢᠲᠡᠯᠡᠬᠦ ᠠᠷᠭ᠎ᠠ ᠵᠠᠮ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠨᠦᠯᠦᠭᠡᠯᠡᠵᠦ ᠮᠡᠳᠡᠬᠦ ᠬᠥᠮᠦᠰ ᠲᠤ ᠨᠡᠶᠢᠲᠡᠯᠡᠵᠦ᠂ ᠠᠮᠦᠷ ᠲᠦᠪᠰᠢᠨ ᠤ ᠠᠳᠡᠯ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠦᠢᠯᠡᠳᠦᠯ ᠢ | ᠭᠦᠢᠴᠡᠳ ᠪᠠᠳᠠᠷᠠᠭᠤᠯᠤᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠭᠠᠷ ᠤᠲᠠᠰᠤ᠂ ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠰᠦᠯᠵᠢᠶ᠎ᠡ᠂ ᠰᠡᠷᠡᠮᠵᠢ ᠶᠢᠨ | ᠳᠣᠬᠢᠶᠠᠨ ᠤ ᠮᠠᠰᠢᠨ᠂ ᠤᠬᠠᠭᠤᠯᠬᠤ ᠲᠡᠷᠭᠡ᠂ ᠪᠦᠷᠢᠶ᠎ᠡ ᠪᠤᠶᠤ ᠬᠥᠮᠦᠰ ᠢ ᠵᠣᠬᠢᠶᠠᠨ ᠪᠠᠶᠢᠭᠤᠯᠵᠤ ᠡᠷᠦᠬᠡ ᠳᠠᠷᠠᠭᠠᠯᠠᠨ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠵᠤ᠂ ᠨᠠᠰᠤᠲᠠᠨ᠂ ᠨᠢᠯᠬ᠎ᠠ ᠬᠡᠤᠬᠡᠳ᠂ ᠡᠪᠡᠳᠴᠢᠨ᠂ ᠵᠡᠮᠳᠡᠭ᠂ ᠵᠢᠷᠮᠦᠰᠦᠨ ᠵᠡᠷᠭᠡ ᠣᠨᠴᠠᠭᠠᠢ ᠬᠥᠮᠦᠰ ᠪᠠ ᠰᠤᠷᠭᠠᠭᠤᠯᠢ ᠵᠡᠷᠭᠡ ᠣᠨᠴᠠᠭᠠᠢ ᠲᠠᠯᠠᠪᠤᠷ | ᠭᠠᠵᠠᠷ ᠵᠢᠴᠢ ᠰᠡᠷᠡᠮᠵᠢ ᠶᠢᠨ ᠲᠤᠬᠢᠶ᠎ᠠ ᠪᠠᠯᠠᠢ ᠣᠷᠣᠨ ᠳᠤ ᠬᠠᠨᠳᠤᠯᠭᠠᠲᠤ ᠴᠢᠨᠠᠷᠲᠠᠶ ᠮᠡᠳᠡᠭᠳᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃ ᠵᠠᠭᠤᠴᠢᠯᠠᠭᠤᠷ ᠤᠨ | ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠶᠢᠨ ᠠᠵᠢᠯ ᠢ ᠡᠩ ᠲᠡᠷᠢᠭᠦᠨ ᠳᠤ ᠰᠠᠶᠢᠲᠤᠷ | ᠬᠢᠬᠦ ᠬᠡᠷᠡᠭᠲᠡᠶ᠃ | 5.4 ᠰᠡᠷᠡᠮᠵᠢᠯᠡᠬᠦᠯᠬᠦ ᠠᠵᠢᠯᠯᠠᠭ᠎ᠠ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠠᠷᠴᠤ ᠮᠡᠳᠡᠬᠦ ᠪᠦᠭᠡᠳ ᠰᠡᠷᠡᠮᠵᠢᠯᠡᠭᠦᠯᠬᠦ ᠲᠠᠰ ᠲᠤ ᠬᠦᠷᠴᠦ ᠮᠡᠳᠡᠨ᠎ᠡ᠂ ᠡᠯ᠎ᠡ ᠱᠠᠲᠤᠨ ᠤ ᠬᠤᠭᠤᠯᠠᠶ | ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠪᠣᠯᠤᠨ ᠬᠤᠭᠤᠯᠠᠶ | ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠡᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠦᠨᠡᠯᠡᠨ ᠵᠢᠱᠢᠵᠦ | ᠵᠠᠳᠠᠯᠤᠯᠲᠠ ᠬᠢᠵᠦ᠂ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠤᠴᠠᠷᠠᠭᠤᠯᠵᠤ ᠮᠡᠳᠡᠬᠦ ᠨᠥᠯᠥᠭᠡ ᠪᠠ ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠠᠷᠭᠠᠴᠠᠬᠤ | ᠲᠥᠰᠦᠯ ᠢ ᠰᠤᠳᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠵᠣᠬᠢᠴᠠᠩᠭᠤᠶ ᠰᠡᠷᠡᠮᠵᠢᠯᠡᠭᠦᠯᠬᠦ ᠠᠵᠢᠯᠯᠠᠭ᠎ᠠ ᠠᠪᠴᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ᠃ | ︵1︶ 24 ᠴᠠᠭ ᠢᠶᠠᠷ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠬᠢᠨᠠᠨ ᠡᠵᠡᠮᠳᠡᠬᠦ᠂ ᠴᠤᠭᠯᠠᠭᠤᠯᠬᠤ ᠶᠢ ᠴᠢᠩᠭᠠᠳᠬᠠᠨ᠎ᠠ︔ | ︵2︶ ᠨᠥᠯᠥᠭᠡᠯᠡᠭᠳᠡᠭᠰᠡᠨ ᠬᠡᠷᠡᠭᠯᠡᠭᠴᠢ ᠵᠢᠴᠢ ᠨᠢᠭᠡᠴᠡ ᠳᠤ ᠬᠤᠯᠪᠣᠭᠳᠠᠯ ᠪᠦᠬᠦᠢ ᠮᠡᠳᠡᠭᠡ ᠵᠠᠩᠭᠢ ᠨᠡᠶᠢᠲᠡᠯᠡᠬᠦ ᠬᠡᠷᠡᠭᠲᠡᠶ᠃ | ︵3︶ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠬᠥᠮᠦᠰ ᠢ ᠵᠠᠷᠯᠢᠭ ᠬᠦᠯᠢᠶᠡᠬᠦ ᠪᠠᠶᠢᠳᠠᠯ ᠳᠤ | ᠣᠷᠣᠭᠤᠯᠬᠤ ᠶᠢ ᠮᠡᠳᠡᠭᠳᠡᠨ᠎ᠡ᠃ | ︵4︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠪᠠ ᠲᠥᠬᠦᠭᠡᠷᠦᠮᠵᠢ ᠶᠢ ᠪᠠᠶᠢᠴᠠᠭᠠᠬᠤ᠂ ᠰᠢᠯᠵᠢᠭᠦᠯᠦᠨ ᠲᠥᠪᠯᠡᠷᠡᠭᠦᠯᠬᠦ᠃ | ︵5︶ ᠠᠳᠡᠯ ᠡᠭᠦᠰᠦᠭᠰᠡᠨ᠂ ᠬᠥᠭᠵᠢᠯᠲᠡ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠠᠳᠡᠯ ᠤᠨ ᠨᠥᠯᠥᠭᠡᠯᠡᠬᠦ ᠬᠡᠪᠴᠢᠶ᠎ᠡ ᠪᠠ ᠬᠦᠴᠦᠯᠡᠴᠡ᠂ ᠠᠳᠡᠯ ᠤᠨ ᠳᠡᠰ ᠢ ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ | ᠪᠥᠬᠦᠶ ᠰᠠᠨᠠᠭᠤᠯᠭ᠎ᠠ ᠳᠤᠷᠠᠳᠤᠨ᠎ᠠ︔ | ︵6︶ ᠲᠣᠭᠲᠠᠭᠠᠯ ᠶᠣᠰᠣᠭᠠᠷ ᠠᠳᠡᠯ ᠤᠨ ᠬᠤᠤᠷ ᠬᠥᠨᠥᠭᠡᠯ ᠳᠤ ᠤᠴᠠᠷᠠᠵᠤ ᠮᠡᠳᠡᠬᠦ ᠰᠡᠷᠡᠮᠵᠢ ᠥᠭᠬᠦ᠂ ᠣᠨᠴᠠ ᠲᠣᠭᠲᠠᠭᠰᠠᠨ ᠠᠷᠭ᠎ᠠ ᠬᠡᠮᠵᠢᠶ᠎ᠡ ᠠᠪᠴᠤ | ᠪᠠᠶᠢᠭᠠᠳ ᠬᠤᠤᠷ ᠬᠥᠨᠥᠭᠡᠯ ᠠᠴᠠ ᠵᠠᠶᠢᠯᠠᠬᠤ ᠪᠤᠶᠤ ᠬᠥᠩᠭᠡᠷᠡᠭᠦᠯᠬᠦ ᠰᠠᠨᠠᠭᠤᠯᠭ᠎ᠠ᠂ ᠢᠳᠬᠠᠯ᠃ | ︵7︶ ᠡᠯ᠎ᠡ ᠵᠦᠢᠯ ᠤᠨ ᠠᠷᠭ᠎ᠠ ᠮᠠᠶ᠋ᠢᠭ ᠢ ᠠᠪᠴᠤ᠂ ᠨᠥᠯᠥᠭᠡᠯᠡᠭᠳᠡᠬᠦ ᠪᠤᠶᠤ ᠨᠥᠯᠥᠭᠡᠯᠡᠭᠳᠡᠬᠦ ᠪᠣᠯᠤᠯᠴᠠᠭ᠎ᠠ ᠲᠠᠢ ᠣᠷᠣᠨ ᠪᠦᠰᠡ ᠶᠢᠨ ᠨᠢᠭᠡᠴᠢ ᠪᠠ | ᠰᠠᠭᠤᠭᠠᠯᠢ ᠠᠷᠠᠳ ᠢ ᠰᠠᠨᠠᠭᠤᠯᠵᠤ᠂ ᠰᠢᠲᠠᠮᠠᠬᠠᠶ ᠬᠡᠢ ᠶᠢᠨ ᠬᠠᠩᠭᠠᠯᠭ᠎ᠠ ᠲᠠᠰᠤᠯᠳᠠᠬᠤ ᠶᠢ ᠠᠷᠭᠠᠴᠠᠬᠤ ᠠᠵᠢᠯ ᠢ ᠰᠠᠶᠢᠲᠤᠷ ᠬᠢᠨ᠎ᠡ︔ | ︵8︶ ᠵᠢᠭᠠᠪᠤᠷᠢᠯᠠᠭᠰᠠᠨ ᠬᠤᠰᠢᠭᠤ ᠰᠢᠶᠠᠨ ︵ᠲᠣᠭᠤᠷᠢᠭ︶ ᠤ ᠳᠡᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ | ᠪᠦᠬᠦᠢ ᠬᠥᠮᠦᠰ ᠵᠠᠷᠯᠢᠭ ᠬᠦᠯᠢᠶᠡᠬᠦ ᠪᠠᠶᠢᠳᠠᠯ ᠳᠤ ᠤᠷᠤᠭᠰᠠᠨ ᠪᠥᠭᠡᠳ ᠪᠡᠯᠡᠳᠬᠡᠯ ᠬᠥᠮᠦᠰ ᠢ ᠳᠠᠶᠢᠴᠢᠯᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ | ᠰᠢᠢᠳᠪᠦᠷᠢᠯᠡᠬᠦ ᠠᠵᠢᠯ ᠳᠤ ᠣᠷᠣᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ︔ | ︵9︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠡᠷᠡᠭᠰᠡᠬᠦ ᠡᠳ᠋ ᠪᠣᠳᠠᠰ᠂ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠰᠢᠯᠵᠢᠭᠦᠯᠦᠨ | ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠬᠦᠭᠡᠷᠦᠮᠵᠢ ᠶᠢ ᠪᠡᠯᠡᠳᠬᠡᠬᠦ ᠶᠢᠨ ᠬᠠᠮᠲᠤ ᠲᠡᠭᠦᠨ ᠤ ᠰᠠᠶᠢᠨ ᠰᠠᠶᠢᠬᠠᠨ ᠪᠠᠶᠢᠳᠠᠯ ᠳᠤ ᠪᠠᠶᠢᠬᠤ᠂ ᠴᠠᠭ | ᠲᠤᠬᠠᠶ ᠳᠤᠨᠢ ᠬᠡᠪ ᠤᠨ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵10 ︶ ᠬᠤᠰᠢᠭᠤ ᠰᠢᠶᠠᠨ ᠲᠣᠭᠤᠷᠢᠭ ᠢ ᠵᠣᠬᠢᠶᠠᠨ ᠪᠠᠶᠢᠭᠤᠯᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠰ ᠤᠨ ᠡᠩᠨᠡᠭᠡ ᠶᠢ | ᠬᠠᠮᠵᠢᠯᠴᠠᠨ ᠰᠢᠢᠳᠪᠦᠷᠢᠯᠡᠨ᠎ᠡ︔ | ︵11︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠢᠬᠤᠯᠠ ᠪᠦᠬᠦᠢ ᠰᠡᠷᠭᠡᠶᠢᠯᠡᠬᠦ ᠴᠢᠨᠠᠷᠲᠠᠶ᠂ | ᠬᠠᠮᠠᠭᠠᠯᠠᠬᠤ ᠴᠢᠨᠠᠷᠲᠠᠶ ᠠᠷᠭ᠎ᠠ ᠬᠡᠮᠵᠢᠶ᠎ᠡ | 6 ᠮᠡᠲᠡᠭᠡ ᠵᠠᠩᠭᠢ ᠶᠢᠨ ᠮᠡᠲᠡᠭᠦᠯᠦᠯᠲᠡ ᠪᠠ ᠤᠷᠢᠲᠠᠪᠠᠷ ᠰᠶᠢᠳᠪᠦᠷᠢᠯᠡᠭᠦ | 6.1 ᠮᠡᠳᠡᠭᠡ ᠵᠠᠩᠭᠢ ᠶᠢᠨ ᠮᠡᠳᠡᠭᠦᠯᠦᠯᠲᠡ | ︵1︶ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠠᠳᠡᠯ ᠭᠠᠷᠤᠭᠰᠠᠨ ᠠᠵᠤ ᠠᠬᠤᠶᠢᠯᠠᠯ ᠨᠢ ᠲᠤᠬᠠᠢ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠳᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠬᠤᠭᠤᠯᠠᠶ | ᠭᠤᠣᠷᠰᠤ ᠶᠢᠨ ᠠᠮᠦᠷ ᠲᠦᠪᠰᠢᠨ ᠤ ᠠᠳᠡᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ | ᠳᠠᠷᠦ᠋ᠢᠬᠠᠨ ᠮᠡᠳᠡᠭᠦᠯᠬᠦ ᠬᠡᠷᠡᠭᠲᠡᠶ᠂ ᠬᠠᠮᠤᠭ ᠤᠳᠠᠭᠠᠨ ᠳᠤ ᠪᠠᠨ 1 ᠴᠠᠭ ᠠᠴᠠ ᠬᠡᠲᠦᠷᠡᠭᠦᠯᠵᠦ ᠪᠣᠯᠬᠤ ᠦᠭᠡᠢ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ | ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ ᠪᠠ ᠣᠷᠬᠢᠭᠳᠠᠭᠤᠯᠤᠨ ᠮᠡᠳᠡᠭᠦᠯᠵᠦ ᠪᠣᠯᠬᠤ ᠦᠭᠡᠢ᠂ ᠡᠭᠦᠨ ᠤ ᠬᠠᠮᠲᠤ᠂ ᠨᠥᠯᠥᠭᠡᠯᠡᠭᠳᠡᠵᠦ ᠮᠡᠳᠡᠬᠦ ᠭᠠᠵᠠᠷ ᠣᠷᠣᠨ᠂ | ᠰᠠᠯᠠᠭ᠎ᠠ ᠮᠥᠴᠢᠷ᠂ ᠨᠢᠭᠡᠴᠢ ᠪᠠ ᠠᠵᠤ ᠠᠬᠤᠶᠢᠯᠠᠯ ᠵᠡᠷᠭᠡ ᠳᠤ ᠮᠡᠳᠡᠭᠡᠯᠡᠨ᠎ᠡ᠃ ᠣᠨᠴᠠᠭᠠᠢ ᠬᠦᠨᠳᠦ ᠶᠡᠭᠡ᠂ ᠬᠦᠨᠳᠦ ᠶᠡᠭᠡ ᠬᠤᠭᠤᠯᠠᠶ ᠭᠤᠣᠷᠰᠤ ᠶᠢᠨ ᠠᠮᠦᠷ | ᠲᠦᠪᠰᠢᠨ ᠤ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠱᠠᠲᠤ ᠳᠠᠷᠠᠭᠠᠯᠠᠨ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ︔ ᠨᠡᠯᠢᠶᠡᠳ ᠶᠡᠭᠡ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠴᠠᠭ ᠲᠤᠬᠠᠶ ᠳᠤ ᠨᠢ ᠱᠠᠲᠤ | ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠮᠡᠳᠡᠭᠦᠯᠦᠨ | ᠬᠦᠷᠭᠡᠬᠦ ᠬᠡᠷᠡᠭᠲᠡᠢ︔ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠳᠤ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠠᠶᠤᠯ ᠦᠭᠡᠶ ᠶᠢᠨ | ᠠᠳᠡᠯ ᠤᠨ ᠪᠠᠶᠢᠳᠠᠯ ᠢ ᠱᠠᠲᠤ ᠠᠯᠤᠰᠯᠠᠨ ᠳᠡᠭᠡᠭᠰᠢ ᠮᠡᠳᠡᠭᠦᠯᠵᠦ ᠪᠣᠯᠤᠨ᠎ᠠ᠃ | ︵2︶ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠮᠡᠳᠡᠭᠦᠯᠬᠦ ᠠᠭᠤᠯᠭ᠎ᠠ ᠳᠤ ᠡᠩ ᠤᠨ ᠪᠠᠶᠢᠳᠠᠯ ᠳᠤ᠄ ᠠᠮᠤᠷ ᠲᠦᠪᠰᠢᠨ ᠤ ᠠᠳᠡᠯ ᠤᠨ | ᠮᠡᠳᠡᠭᠡ ᠵᠠᠩᠭᠢ ᠶᠢᠨ ᠢᠷᠡᠯᠲᠡ᠂ ᠬᠡᠷᠡᠭ ᠭᠠᠷᠤᠭᠰᠠᠨ ᠨᠢᠭᠡᠴᠢ ᠶᠢᠨ ᠦᠨᠳᠦᠰᠦᠨ ᠮᠡᠳᠡᠭᠡ ᠵᠠᠩᠭᠢ᠂ ᠬᠡᠷᠡᠭ ᠭᠠᠷᠤᠭᠰᠠᠨ ᠴᠠᠭ᠂ ᠭᠠᠵᠠᠷ ᠣᠷᠣᠨ᠂ ᠬᠤᠤᠷ | ᠬᠥᠨᠥᠭᠡᠯ ᠤᠨ ᠦᠷ᠎ᠡ ᠳ᠋ᠦᠩ ᠢ ᠨᠢᠭᠡᠨᠲᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠠᠳᠡᠯ ᠤᠨ ᠬᠥᠭᠵᠢᠯᠲᠡ ᠶᠢᠨ ᠬᠠᠨᠳᠤᠰᠢ ᠶᠢ ᠵᠠᠳᠠᠯᠤᠨ ᠰᠤᠳᠤᠯᠵᠤ | ᠮᠠᠭᠠᠳᠯᠠᠬᠤ᠂ ᠲᠤᠬᠠᠶ ᠶᠢᠨ ᠲᠠᠯᠠᠪᠠᠶ ᠶᠢᠨ ᠵᠢᠯᠣᠭᠤᠳᠬᠤ ᠬᠠᠷᠢᠭᠤᠴᠠᠯᠭᠠᠲᠠᠨ ᠵᠢᠴᠢ ᠠᠪᠤᠷᠠᠨ ᠲᠤᠰᠠᠯᠠᠬᠤ ᠬᠦᠴᠦᠨ ᠢ ᠵᠢᠯᠣᠭᠤᠳᠬᠤ ᠬᠡᠷᠡᠭᠲᠡᠢ᠂ ᠮᠡᠳᠡᠭᠦᠯᠬᠦ | ᠴᠢᠬᠤᠯᠠᠲᠠᠶ ᠪᠤᠰᠤᠳ ᠵᠦᠢᠯᠡᠰ ᠢ ᠪᠠᠭᠲᠠᠭᠠᠨ᠎ᠠ᠃ ᠲᠦᠢᠯ ᠤᠨ ᠪᠠᠶᠢᠳᠠᠯ ᠳᠣᠣᠷ᠎ᠠ᠂ ᠦᠨᠡᠬᠡᠷ ᠴᠠᠭ ᠲᠤᠬᠠᠶ ᠳᠤᠨᠢ ᠪᠦᠷᠢᠨ ᠪᠦᠲᠦᠨ ᠮᠡᠳᠡᠭᠡ ᠵᠠᠩᠭᠢ ᠣᠯᠵᠤ ᠳᠡᠶᠢᠯᠬᠦ | ᠦᠭᠡᠢ ᠦᠶ᠎ᠡ ᠳᠤ᠂ ᠮᠡᠳᠡᠭᠦᠯᠦᠯᠲᠡ ᠶᠢᠨ ᠠᠭᠤᠯᠭ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ ᠴᠠᠭ ᠲᠤᠬᠠᠶ ᠳᠤᠨᠢ ᠮᠡᠳᠡᠭᠦᠯᠵᠦ ᠪᠣᠯᠤᠨ᠎ᠠ᠃ | ︵3︶ ᠬᠡᠷᠡᠭ ᠤᠨ ᠪᠠᠶᠢᠳᠠᠯ ᠢ ᠦᠨᠳᠦᠰᠦᠯᠡᠨ᠂ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ | ᠪᠠᠶᠢᠳᠠᠯ ᠢᠶᠠᠨ ᠴᠠᠭ ᠲᠤᠬᠠᠶ ᠳᠤ ᠨᠢ ᠦᠷᠭᠦᠯᠵᠢᠯᠡᠨ ᠮᠡᠳᠡᠭᠦᠯᠵᠦ᠂ ᠠᠳᠡᠯ ᠢ ᠮᠡᠳᠡᠭᠦᠯᠬᠦ ᠴᠠᠭᠴᠢ ᠴᠢᠨᠠᠷ ᠪᠠ ᠵᠢᠷᠤᠮᠵᠢᠯᠳᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠨᠥᠯᠥᠭᠡᠯᠡᠬᠦ ᠬᠡᠪᠴᠢᠶ᠎ᠡ ᠨᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠪᠦᠰᠡ ᠠᠴᠠ | ᠬᠡᠲᠦᠷᠡᠵᠦ ᠮᠡᠳᠡᠬᠦ ᠦᠶ᠎ᠡ ᠳᠤ᠂ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ | 6.2 ᠤᠷᠢᠳᠠᠪᠠᠷ ᠰᠢᠢᠳᠪᠦᠷᠢᠯᠡᠬᠦ | 6.2.1 ᠠᠳᠡᠯ ᠤᠨ ᠠᠵᠤ ᠠᠬᠤᠶᠢᠯᠠᠯ | ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠠᠮᠤᠷ ᠲᠦᠪᠰᠢᠨ ᠢᠶᠠᠷ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠦᠳᠲᠡᠷ ᠲᠦᠷᠭᠡᠨ ᠠᠪᠴᠤ᠂ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠤᠨ᠂ ᠬᠤᠣᠷ ᠬᠥᠨᠥᠭᠡᠯ ᠤᠨ ᠬᠡᠪᠴᠢᠶᠡᠨ ᠳᠣᠲᠣᠷᠠᠬᠢ ᠨᠢᠭᠡᠴᠡ ᠪᠣᠯᠤᠨ ᠬᠥᠮᠦᠰ ᠲᠤ ᠦᠳᠲᠡᠷ ᠲᠦᠷᠭᠡᠨ ᠲᠠᠷᠬᠠᠭᠠᠨ | ᠰᠢᠯᠵᠢᠭᠦᠯᠬᠦ ᠪᠠᠷ ᠮᠡᠳᠡᠭᠳᠡᠬᠦ ᠬᠡᠷᠡᠭᠲᠡᠶ︔ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠥᠷᠭᠡᠳᠬᠦ ᠪᠠ ᠡᠭᠦᠰᠦᠮᠡᠯ | ᠭᠠᠮᠰᠢᠭ ᠡᠭᠦᠰᠬᠦ ᠶᠢ ᠰᠡᠷᠭᠡᠶᠢᠯᠡᠨ᠎ᠡ︔ ᠠᠵᠤ ᠠᠬᠤᠶᠢᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ | ᠪᠣᠳᠠᠰ ᠲᠥᠬᠦᠭᠡᠷᠦᠮᠵᠢ ᠶᠢ ᠦᠳᠲᠡᠷ ᠲᠦᠷᠭᠡᠨ ᠰᠢᠯᠵᠢᠭᠦᠯᠦᠨ ᠴᠤᠭᠯᠠᠭᠤᠯᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ ᠠᠶᠤᠯ ᠠᠴᠠ | ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | 6.2.2 ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠠᠳᠡᠯ ᠤᠨ ᠰᠢᠨᠵᠢ ᠴᠢᠨᠠᠷ᠂ ᠬᠤᠣᠷ ᠬᠥᠨᠥᠭᠡᠯ ᠤᠨ ᠬᠡᠮᠵᠢᠶ᠎ᠡ᠂ ᠨᠥᠯᠥᠭᠡᠯᠡᠬᠦ ᠬᠡᠪᠴᠢᠶ᠎ᠡ ᠪᠠ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠬᠦᠴᠦᠨ ᠢᠶᠠᠨ | ᠦᠳᠲᠡᠷ ᠲᠦᠷᠭᠡᠨ ᠲᠥᠪᠯᠡᠷᠡᠭᠦᠯᠵᠦ᠂ ᠠᠶᠤᠯ ᠠᠴᠠ ᠠᠪᠤᠷᠠᠨ ᠲᠤᠰᠠᠯᠠᠬᠤ ᠶᠢ ᠥᠷᠨᠢᠭᠦᠯᠦᠨ᠎ᠡ︔ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭ ᠤᠨ | ᠪᠠᠶᠢᠳᠠᠯ ᠤᠨ ᠬᠥᠭᠵᠢᠯᠲᠡ ᠶᠢ ᠡᠵᠡᠮᠳᠡᠨ᠎ᠡ︔ ᠠᠮᠤᠷ ᠲᠦᠪᠰᠢᠨ ᠤ ᠠᠳᠡᠯ ᠤᠨ ᠬᠤᠣᠷ ᠬᠥᠨᠥᠭᠡᠯ ᠪᠤᠶᠤ ᠰᠦᠷᠳᠡᠭᠦᠯᠦᠯ ᠳᠤ ᠤᠴᠠᠷᠠᠭᠰᠠᠨ ᠬᠥᠮᠦᠰ ᠢ ᠦᠳᠲᠡᠷ | ᠲᠦᠷᠭᠡᠨ ᠰᠢᠯᠵᠢᠭᠦᠯᠵᠦ᠂ ᠲᠠᠷᠬᠠᠭᠠᠵᠤ᠂ ᠵᠠᠶᠢᠯᠠᠭᠤᠯᠬᠤ ᠶᠢᠨ ᠬᠠᠮᠲᠤ ᠲᠣᠬᠢᠲᠠᠶ ᠲᠥᠪᠬᠢᠨᠡᠭᠦᠯᠦᠨ᠎ᠡ︔ ᠡᠮᠴᠢᠯᠡᠭᠡᠨ ᠤ ᠠᠪᠤᠷᠠᠨ ᠵᠠᠰᠠᠬᠤ᠂ ᠵᠠᠮ ᠬᠠᠷᠢᠯᠴᠠᠭᠠᠨ ᠤ | ᠵᠠᠬᠢᠷᠤᠨ ᠬᠠᠮᠢᠶᠠᠷᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 7 ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | 7.1 ᠱᠠᠲᠤ ᠬᠤᠪᠢᠶᠠᠨ ᠠᠷᠭᠠᠴᠠᠬᠤ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠠᠷᠭᠠᠴᠠᠬᠤ ᠳᠤ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ | ᠵᠠᠷᠴᠢᠮ ᠢ ᠵᠢᠷᠤᠮᠯᠠᠬᠤ ᠬᠡᠷᠡᠭᠲᠡᠢ᠃ ᠠᠳᠡᠯ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠭᠠᠴᠠᠨ ᠰᠢᠢᠳᠪᠦᠷᠢᠯᠡᠬᠦ ᠴᠢᠳᠠᠪᠤᠷᠢ ᠠᠴᠠ | ᠬᠡᠲᠦᠷᠡᠭᠰᠡᠨ ᠦᠶ᠎ᠡ ᠳᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠡᠮᠵᠢᠯᠭᠡ ᠬᠠᠩᠭᠠᠬᠤ ᠪᠤᠶᠤ ᠵᠣᠬᠢᠶᠠᠨ ᠪᠠᠶᠢᠭᠤᠯᠤᠨ ᠠᠷᠭᠠᠴᠠᠬᠤ | ᠬᠡᠷᠡᠭᠲᠡᠶ᠃ ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠠᠷᠭᠠᠴᠠᠨ᠎ᠠ᠃ | ᠨᠡᠯᠢᠶᠡᠳ ᠶᠡᠭᠡ ᠠᠳᠡᠯ ᠢ ᠬᠤᠲᠠ ᠶᠢᠨ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠠᠷᠭᠠᠴᠠᠭᠠᠨ᠎ᠠ᠃ ᠡᠩ ᠤᠨ ᠠᠳᠡᠯ ᠢ ᠬᠤᠰᠢᠭᠤ ᠰᠢᠶᠠᠨ ︵ᠲᠣᠭᠤᠷᠢᠭ︶ | ᠤ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠠᠷᠭᠠᠴᠠᠬᠤ ᠬᠡᠷᠡᠭᠲᠡᠶ᠃ | 7.2 ᠱᠠᠲᠤ ᠬᠤᠪᠢᠶᠠᠨ ᠳᠠᠭᠠᠬᠤ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠡᠵᠡᠮᠳᠡᠵᠦ ᠪᠣᠯᠬᠤ ᠴᠢᠨᠠᠷ᠂ ᠬᠦᠨᠳᠦ ᠨᠣᠴᠢᠲᠠᠶ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠶᠣᠰᠣᠭᠠᠷ | ᠂ ᠪᠠᠴᠢᠮ ᠪᠠᠶᠢᠳᠠᠯ ᠢ ᠠᠷᠭᠠᠴᠠᠭᠠᠵᠤ ᠴᠤᠤᠷᠢᠶᠠᠳᠤᠨ ᠳᠠᠭᠠᠬᠤ ᠶᠢ Ⅰ ᠲᠠᠰ᠂ Ⅱ ᠲᠠᠰ᠂ Ⅲ ᠲᠠᠰ᠂ Ⅳ ᠲᠠᠰ ᠭᠡᠵᠦ ᠳᠥᠷᠪᠡᠨ ᠲᠠᠰ ᠬᠤᠪᠢᠶᠠᠵᠤ᠂ Ⅰ | ᠲᠠᠰ ᠨᠢ ᠬᠠᠮᠤᠭ ᠤᠨ ᠳᠡᠭᠡᠳᠦ ᠲᠠᠰ ᠪᠣᠯᠤᠨ᠎ᠠ᠃ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠲᠠᠰ ᠬᠤᠪᠢᠶᠠᠬᠤ ᠪᠠᠷᠢᠮᠵᠢᠶ᠎ᠠ ᠶᠣᠰᠣᠭᠠᠷ᠂ Ⅰ ᠲᠠᠰ᠂ Ⅱ | ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠵᠠᠷᠯᠢᠭ ᠢ ᠬᠤᠲᠠ ᠶᠢᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠭᠠᠷ ᠤᠨ ᠥᠰᠥᠭ ᠵᠢᠷᠤᠬᠤ ᠶᠢᠨ ᠬᠠᠮᠲᠤ ᠳᠠᠷᠤᠶ ᠲᠦᠷᠭᠡᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠦᠨ᠎ᠡ᠃ | 7.3 ᠱᠠᠲᠤ ᠬᠤᠪᠢᠶᠠᠨ ᠰᠢᠢᠳᠪᠦᠷᠢᠯᠡᠬᠦ | 7.3.1 Ⅳ ᠲᠠᠰ ᠤᠨ ᠳᠠᠭᠠᠵᠤ ᠬᠢᠵᠦ ᠰᠢᠢᠳᠪᠦᠷᠢᠯᠡᠪᠡ | Ⅳ ᠲᠠᠰ ᠤᠨ ᠴᠤᠤᠷᠢᠶᠠᠳᠣᠯ ᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ Ⅳ ᠲᠠᠰ ᠤᠨ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠵᠤ ᠪᠠᠶᠢᠭ᠎ᠠ ᠪᠠᠶᠢᠳᠠᠯ ᠳᠤ ᠣᠷᠣᠵᠤ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠳᠤ | ᠮᠡᠳᠡᠭᠳᠡᠵᠦ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ | ᠵᠠᠩᠭᠢ ᠶᠢ ᠮᠡᠳᠡᠭᠦᠯᠦᠨ᠎ᠡ᠃ ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠦᠬᠦᠢ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠵᠣᠬᠢᠬᠤ ᠪᠠᠷᠢᠮᠵᠢᠶ᠎ᠠ ᠶᠢᠨ | ᠲᠠᠰ ᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠶᠢᠨ | ᠵᠢᠯᠣᠭᠤᠳᠬᠤ ᠭᠠᠵᠠᠷ ᠨᠢ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠨ᠎ᠠ᠃ | 7.3.2 Ⅲ ᠲᠠᠰ ᠤᠨ ᠳᠠᠭᠠᠵᠤ ᠰᠢᠢᠳᠪᠦᠷᠢᠯᠡᠬᠦ | Ⅲ ᠲᠠᠰ ᠤᠨ ᠴᠤᠤᠷᠢᠶᠠᠳᠤᠨ ᠲᠠᠭᠠᠬᠤ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ Ⅲ ᠲᠠᠰ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠶᠢᠳᠠᠯ ᠳᠤ ᠣᠷᠣᠵᠤ᠂ ᠠᠳᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠤᠨ ᠲᠣᠬᠢᠷᠠᠭᠤᠯᠵᠤ᠂ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠠᠵᠢᠯ ᠤᠨ ᠠᠬᠢᠴᠠ ᠶᠢ ᠮᠥᠷᠳᠡᠵᠦ᠂ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ ᠮᠡᠳᠡᠭᠡ ᠵᠠᠩᠭᠢ ᠶᠢ ᠮᠡᠳᠡᠭᠦᠯᠦᠨ᠎ᠡ᠃ | ᠵᠢᠯᠣᠭᠤᠳᠬᠤ ᠭᠠᠵᠠᠷ ᠤᠨ ᠪᠤᠰᠤᠳ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠳᠡᠯ ᠢ | ᠠᠷᠭᠠᠴᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠳᠠᠯ ᠢ ᠨᠢ ᠦᠵᠡᠵᠦ ᠪᠠᠶᠢᠭᠠᠳ ᠬᠡᠷᠡᠭ ᠭᠠᠷᠤᠭᠰᠠᠨ ᠭᠠᠵᠠᠷ ᠲᠤ ᠲᠣᠮᠢᠯᠠᠨ ᠰᠠᠭᠤᠯᠭᠠᠭᠰᠠᠨ | ᠠᠵᠢᠯᠯᠠᠬᠤ ᠳᠤᠭᠤᠶᠢᠯᠠᠩ ᠪᠠ ᠮᠡᠷᠭᠡᠵᠢᠯ ᠤᠨ ᠳᠤᠭᠤᠶᠢᠯᠠᠩ ᠳᠤ ᠠᠳᠡᠯ ᠤᠨ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃ | ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠬᠤᠭᠤᠯᠠᠶ ᠭᠤᠣᠷᠰᠤ ᠶᠢᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ | ᠬᠡᠷᠡᠭᠲᠡᠶ᠃ ᠬᠤᠲᠠ ᠶᠢᠨ ᠵᠢᠯᠣᠭᠤᠳᠬᠤ ᠭᠠᠵᠠᠷ ᠨᠢ ᠲᠣᠰ ᠱᠠᠲᠤᠨ ᠤ ᠵᠣᠬᠢᠴᠠᠩᠭᠤᠶ ᠪᠠᠷᠢᠮᠵᠢᠶ᠎ᠠ ᠶᠢᠨ ᠲᠠᠰ ᠤᠨ ᠳᠠᠭᠠᠬᠤ ᠶᠢ ᠳᠠᠷᠦ᠋ᠢᠬᠠᠨ ᠡᠬᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 7.3.3 Ⅱ ᠳᠡᠰ ᠤᠨ ᠳᠠᠭᠠᠵᠤ ᠬᠢᠵᠦ ᠰᠢᠢᠳᠪᠦᠷᠢᠯᠡᠬᠦ | Ⅱ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠤ | ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠳᠡᠳ᠋ ᠶᠡᠷᠦᠩᠬᠡᠶ | ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ ᠲᠠᠯᠠᠪᠤᠷ ᠲᠤ ᠬᠦᠷᠴᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ | ᠭᠠᠵᠠᠷ ᠢ ᠪᠠᠶᠢᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠃ | ᠪᠠᠶᠢᠳᠠᠯ ᠢ ᠨᠢ ᠦᠵᠡᠵᠦ ᠪᠠᠶᠢᠭᠠᠳ ᠡᠯ᠎ᠡ ᠠᠵᠢᠯᠯᠠᠬᠤ ᠳᠤᠭᠤᠶᠢᠯᠠᠩ ︵ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠵᠢᠴᠢ ᠭᠤᠤᠯ ᠡᠭᠦᠷᠭᠡ ᠬᠠᠷᠢᠭᠤᠴᠠᠯᠭ᠎ᠠ ᠶᠢ | ᠳᠠᠭᠠᠯᠳᠤᠭᠤᠯᠤᠯ 2 ᠳᠤ ᠦᠵᠡ︶ ᠢ ᠪᠠᠶᠢᠭᠤᠯᠵᠤ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠠᠷᠭᠠᠴᠠᠬᠤ ᠠᠵᠢᠯ ᠢ ᠦᠳᠲᠡᠷ ᠲᠦᠷᠭᠡᠨ ᠥᠷᠨᠢᠭᠦᠯᠦᠨ᠎ᠡ᠃ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ | ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ | ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ | 7.3.4 Ⅰ ᠳᠡᠰ ᠤᠨ ᠳᠠᠭᠠᠵᠤ ᠰᠢᠢᠳᠪᠦᠷᠢᠯᠡᠬᠦ | Ⅰ ᠲᠠᠰ ᠤᠨ ᠳᠠᠭᠠᠬᠤ ᠶᠢ ᠡᠬᠢᠯᠡᠭᠦᠯᠬᠦ ᠦᠶ᠎ᠡ ᠳᠤ᠂ ᠬᠤᠲᠠ ᠶᠢᠨ ᠵᠢᠯᠣᠭᠤᠳᠬᠤ ᠭᠠᠵᠠᠷ Ⅰ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠤᠨ ᠪᠥᠬᠦ ᠪᠦᠷᠢᠯᠳᠦᠬᠦᠨ ᠨᠢᠭᠡᠴᠡ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠎ᠡ᠃ ᠵᠢᠯᠣᠭᠤᠳᠬᠤ | ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠦᠳᠲᠡᠷ ᠲᠦᠷᠭᠡᠨ ᠪᠣᠳᠠᠲᠠᠶᠢᠵᠢᠭᠤᠯᠵᠤ᠂ ᠶᠡᠷᠦᠩᠬᠡᠶ ᠵᠢᠯᠣᠭᠤᠳᠣᠭᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ᠂ | ᠬᠤᠲᠠ ᠶᠢᠨ ᠱᠠᠲᠤᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠳᠠᠭᠠᠭᠤᠯᠤᠨ ᠲᠤᠬᠠᠶ ᠶᠢᠨ | ᠲᠠᠯᠠᠪᠤᠷ ᠲᠤ ᠬᠦᠷᠴᠦ᠂ ᠤᠷᠢᠳᠠᠪᠠᠷ ᠰᠢᠢᠳᠪᠦᠷᠢᠯᠡᠬᠦ ᠠᠵᠢᠯ ᠢ ᠢᠳᠡᠪᠬᠢᠲᠡᠶ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠂ ᠤᠯᠤᠰ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠤᠯᠤᠰ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠬᠠᠶ ᠶᠢᠨ ᠲᠠᠯᠠᠪᠠᠶ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠳᠣᠣᠷ᠎ᠠ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ︔ ᠭᠠᠵᠠᠷ ᠣᠷᠣᠨ ᠠᠯᠤᠰᠯᠠᠨ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠠᠪᠤᠷᠠᠬᠤ ᠲᠤᠰᠬᠠᠶ ᠲᠥᠬᠦᠭᠡᠷᠦᠮᠵᠢ | ᠪᠠ ᠡᠳ᠋ ᠪᠣᠳᠠᠰ ᠢ ᠵᠣᠬᠢᠴᠠᠭᠤᠯᠤᠨ ᠲᠤᠰᠠᠯᠠᠨ᠎ᠠ︔ ᠲᠦᠭᠰᠢᠭᠦᠷᠢᠲᠦ ᠣᠷᠣᠨ ᠤ ᠳᠣᠲᠣᠷ᠎ᠠ ᠤᠯᠤᠰ ᠤᠨ ᠴᠢᠬᠤᠯᠠ ᠪᠡᠯᠡᠳᠬᠡᠮᠵᠢ ᠪᠠ ᠬᠠᠷᠠᠯᠲᠠ ᠳᠤ ᠴᠢᠬᠤᠯᠠ ᠪᠦᠬᠦᠢ | ᠰᠡᠷᠭᠡᠶᠢᠯᠡᠨ ᠪᠠᠬᠢᠵᠢᠬᠦᠯᠬᠦ ᠵᠡᠷᠭᠡ ᠲᠦᠷ ᠴᠠᠭ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠤᠶᠠᠳᠠᠬᠢ ᠤᠳᠠᠭᠠᠨ ᠤ ᠠᠳᠡᠯ ᠪᠠ ᠡᠭᠦᠰᠦᠮᠡᠯ ᠭᠠᠮᠰᠢᠭ ᠢ | ᠰᠡᠷᠭᠡᠶᠢᠯᠡᠨ᠎ᠡ︔ ᠬᠤᠲᠠ ᠶᠢᠨ ᠵᠢᠯᠣᠭᠤᠳᠬᠤ ᠭᠠᠵᠠᠷ ᠠᠴᠠ ᠬᠠᠷᠢᠶ᠎ᠠ ᠣᠷᠣᠨ ᠤ ᠪᠠᠨ ᠡᠬᠢ ᠪᠠᠶᠠᠯᠢᠭ ᠢ ᠰᠢᠯᠵᠢᠭᠦᠯᠦᠨ ᠲᠡᠭᠡᠭᠡᠪᠦᠷᠢᠯᠡᠬᠦ ᠶᠢ ᠰᠢᠭᠤᠳ ᠵᠣᠬᠢᠶᠠᠨ | ᠪᠠᠶᠢᠭᠤᠯᠵᠤ᠂ ᠴᠢᠬᠤᠯᠠ ᠲᠠᠢ ᠦᠶ᠎ᠡ ᠳᠤ ᠳᠡᠭᠡᠳᠦ ᠱᠠᠲᠤᠨ ᠠᠴᠠ ᠲᠤᠰᠠᠯᠠᠬᠤ ᠪᠠᠷ ᠭᠤᠶᠤᠴᠢᠯᠠᠨ᠎ᠠ᠃ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠴᠤᠭᠯᠠᠭᠤᠯᠤᠨ | ᠲᠣᠬᠢᠷᠠᠭᠤᠯᠵᠤ᠂ ᠠᠳᠡᠯ ᠢ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠲᠣᠭᠲᠠᠭᠠᠯ ᠶᠣᠰᠣᠭᠠᠷ ᠳᠡᠭᠡᠳᠦ ᠱᠠᠲᠤᠨ ᠳᠤ ᠠᠳᠡᠯ ᠤᠨ | ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ | ᠭᠠᠵᠠᠷ ᠣᠷᠣᠨ ᠠᠯᠤᠰᠯᠠᠭᠰᠠᠨ᠂ ᠨᠥᠯᠥᠭᠡ ᠪᠠᠷ ᠬᠦᠨᠳᠦ ᠨᠣᠴᠢᠲᠠᠢ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠪᠣᠯ ᠬᠡᠷᠡᠭ ᠭᠠᠷᠤᠭᠰᠠᠨ | ᠭᠠᠵᠠᠷ ᠤᠨ ᠡᠯ᠎ᠡ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ | ᠬᠤᠯᠪᠣᠭᠳᠠᠯ ᠪᠦᠬᠦᠢ ᠨᠢᠭᠡᠴᠢ ᠪᠠ ᠠᠶᠢᠮᠠᠭ ᠬᠤᠲᠠ ᠳᠤ ᠴᠠᠭ ᠲᠤᠬᠠᠶ ᠳᠤ ᠨᠢ ᠮᠡᠳᠡᠭᠡᠯᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠬᠡᠷᠡᠭᠵᠢᠭᠦᠯᠬᠦ | ᠬᠡᠷᠡᠭᠲᠡᠶ᠃ | 7.4 ᠮᠡᠳᠡᠭᠡ ᠵᠠᠩᠭᠢ ᠨᠡᠶᠢᠲᠡᠯᠡᠬᠦ | ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠬᠤᠲᠠ ᠶᠢᠨ ᠵᠢᠯᠣᠭᠤᠳᠬᠤ | ᠭᠠᠵᠠᠷ ᠤᠨ ᠠᠯᠪᠠᠨ ᠬᠡᠷ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠮᠡᠳᠡᠭᠡ ᠵᠠᠩᠭᠢ | ᠨᠡᠶᠢᠲᠡᠯᠡᠬᠦ ᠠᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠳᠤᠨᠢ᠂ ᠪᠤᠰᠤᠳᠴᠢ ᠪᠠᠷ ᠨᠡᠶᠢᠭᠡᠮ ᠳᠤ ᠠᠳᠡᠯ ᠤᠨ ᠮᠡᠳᠡᠭᠡ ᠵᠠᠩᠭᠢ ᠵᠢᠴᠢ | ᠰᠢᠢᠳᠪᠦᠷᠢᠯᠡᠭᠰᠡᠨ ᠪᠠᠶᠢᠳᠠᠯ ᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠲᠣᠳᠣᠷᠬᠠᠶᠢᠯᠠᠬᠤ | ᠬᠡᠷᠡᠭᠲᠡᠶ᠃ | 7.5 ᠲᠠᠭᠠᠵᠤ ᠬᠢᠬᠦ ᠶᠢ ᠵᠣᠭᠰᠤᠭᠠᠬᠤ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠰᠢᠢᠳᠪᠦᠷᠢᠯᠡᠬᠦ ᠠᠵᠢᠯ ᠨᠢᠭᠡᠨᠲᠡ ᠦᠨᠳᠦᠰᠦᠨ ᠳᠤ ᠪᠠᠨ ᠳᠠᠭᠤᠰᠴᠤ᠂ ᠠᠳᠡᠯ ᠤᠨ ᠭᠠᠮᠰᠢᠭ ᠢ | ᠪᠦᠲᠦᠮᠵᠢᠲᠡᠢ ᠡᠵᠡᠮᠳᠡᠵᠦ᠂ ᠬᠤᠣᠷ ᠬᠥᠨᠥᠭᠡᠯ ᠢ ᠨᠢᠭᠡᠨᠲᠡ ᠦᠨᠳᠦᠰᠦᠨ ᠳᠤ ᠪᠠᠨ ᠠᠷᠢᠯᠭᠠᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠲᠤᠰᠬᠠᠢ ᠮᠡᠷᠭᠡᠵᠢᠯᠲᠡᠨ ᠤ | ᠳᠤᠭᠤᠶᠢᠯᠠᠩ ᠢᠶᠠᠷ ᠮᠠᠭᠠᠳᠯᠠᠨ ᠲᠣᠭᠲᠠᠭᠠᠯᠭᠠᠵᠤ᠂ ᠬᠤᠳᠠ ᠶᠢᠨ ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠳᠠᠭᠤᠰᠤᠭᠰᠠᠨ ᠢ | ᠨᠡᠶᠢᠲᠡᠯᠡᠨ᠎ᠡ︔ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠵᠣᠭᠰᠤᠭᠠᠵᠤ᠂ | ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠪᠠᠶᠢᠭᠤᠯᠤᠮᠵᠢ ᠠᠴᠠ ᠲᠣᠭᠲᠠᠭᠠᠨ᠎ᠠ᠃ | 8 ᠰᠡᠭᠦᠯᠴᠢ ᠶᠢᠨ ᠬᠤᠭᠤᠴᠠᠭᠠᠨ ᠳᠤ ᠰᠢᠢᠳᠪᠦᠷᠢᠯᠡᠬᠦ | 8.1 ᠬᠤᠢᠨᠠᠬᠢ ᠠᠵᠢᠯ ᠬᠡᠷᠡᠭ ᠢ ᠰᠢᠢᠳᠪᠦᠷᠢᠯᠡᠬᠦ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠲᠤᠬᠠᠶ ᠶᠢᠨ ᠲᠠᠯᠠᠪᠠᠢ ᠶᠢ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠬᠡᠷᠡᠭ ᠭᠠᠷᠤᠭᠰᠠᠨ | ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠳᠠᠭᠠᠳᠬᠠᠯ ᠤᠨ ᠪᠠᠶᠢᠭᠤᠯᠤᠮᠵᠢ᠂ ᠬᠤᠭᠤᠯᠠᠶ ᠭᠤᠣᠷᠰᠤ ᠶᠢᠨ ᠠᠵᠤ ᠠᠬᠤᠶᠢᠯᠠᠯ ᠪᠠ | ᠠᠳᠡᠯ ᠤᠨ ᠬᠠᠮᠢᠶ᠎ᠠ ᠪᠦᠬᠦᠢ ᠨᠢᠭᠡᠴᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠥᠭᠦᠵᠦ ᠰᠢᠷᠬᠠᠲᠤᠭᠰᠠᠳ ᠵᠢᠴᠢ ᠭᠡᠷ ᠪᠦᠯᠢ ᠶᠢᠨ ᠬᠢᠨ ᠢ | ᠲᠣᠬᠤᠨᠢᠭᠤᠯᠬᠤ᠂ ᠠᠰᠠᠷᠠᠮᠵᠢ ᠥᠭᠬᠦ᠂ ᠲᠥᠯᠥᠪᠦᠷᠢ ᠥᠭᠬᠦ᠂ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠪᠠ ᠪᠤᠬᠢᠷᠳᠤᠯ ᠪᠣᠳᠠᠰ ᠴᠤᠭᠯᠠᠭᠤᠯᠬᠤ᠂ ᠢᠯᠭᠠᠷᠠᠭᠤᠯᠬᠤ | ᠪᠠ ᠰᠢᠢᠳᠪᠦᠷᠢᠯᠡᠬᠦ ᠵᠡᠷᠭᠡ ᠬᠤᠶᠢᠳᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | 8.2 ᠠᠳᠡᠯ ᠤᠨ ᠪᠠᠶᠢᠴᠠᠭᠠᠯᠲᠠ | ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ︽ᠦᠢᠯᠡᠳᠪᠦᠷᠢᠯᠡᠯ ᠤᠨ | ᠠᠮᠦᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ ᠪᠦᠭᠡᠳ ᠴᠢᠩᠭ᠎ᠠ ᠨᠢᠮᠪᠠᠢ᠂ ᠬᠠᠤᠯᠢ ᠲᠣᠭᠲᠠᠭᠠᠯ ᠶᠤᠰᠤᠭᠠᠷ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ | ᠶᠤᠰᠤᠭᠠᠷ᠂ ᠠᠳᠡᠯ ᠤᠨ ᠰᠢᠯᠲᠠᠭᠠᠨ ᠢ ᠴᠠᠭ ᠲᠤᠬᠠᠶ ᠳᠤᠨᠢ᠂ ᠣᠨᠣᠪᠴᠢᠲᠠᠢ ᠪᠠᠶᠢᠴᠠᠭᠠᠨ ᠲᠤᠳᠤᠷᠬᠠᠶᠢᠯᠠᠵᠤ᠂ ᠠᠳᠡᠯ ᠤᠨ ᠰᠢᠨᠵᠢ ᠴᠢᠨᠠᠷ ᠪᠠ ᠬᠠᠷᠢᠭᠤᠴᠠᠯᠭ᠎ᠠ ᠶᠢ | ᠪᠠᠶᠢᠴᠠᠭᠠᠨ ᠲᠤᠳᠤᠷᠬᠠᠶᠢᠯᠠᠵᠤ᠂ ᠠᠳᠡᠯ ᠤᠨ ᠰᠤᠷᠭᠠᠮᠵᠢ ᠶᠢ ᠳ᠋ᠦᠩᠨᠡᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ᠂ ᠠᠳᠡᠯ ᠤᠨ | ᠬᠠᠷᠢᠭᠤᠴᠠᠯᠭ᠎ᠠ ᠡᠭᠦᠷᠭᠡᠯᠡᠭᠴᠢ ᠳᠤ ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠢ᠃ | 8.3 ᠳ᠋ᠦᠩᠨᠡᠯᠲᠡ ᠦᠨᠡᠯᠡᠯᠲᠡ | ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ | ᠳᠠᠷᠠᠭ᠎ᠠ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠯᠪᠣᠭᠳᠠᠯ ᠪᠥᠬᠦᠶ ᠥᠰᠥᠭ ᠪᠢᠴᠢᠭ᠂ | ᠬᠡᠷᠡᠯ ᠵᠢᠷᠤᠭ᠂ ᠳᠦᠷᠰᠦ ᠰᠢᠩᠭᠡᠭᠡᠬᠦ ᠵᠡᠷᠭᠡ ᠮᠠᠲ᠋ᠧᠷᠢᠶᠠᠯ ᠢ ᠡᠮᠬᠢᠯᠡᠨ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠵᠤ ᠪᠠᠶᠢᠭ᠎ᠠ ᠪᠠᠶᠢᠳᠠᠯ ᠢ ᠳ᠋ᠦᠩᠨᠡᠵᠦ᠂ ᠦᠨᠡᠯᠡᠨ ᠵᠢᠱᠢᠵᠦ᠂ ᠳ᠋ᠦᠩᠨᠡᠨ ᠦᠨᠡᠯᠡᠭᠰᠡᠨ ᠮᠡᠳᠡᠭᠦᠯᠦᠯᠲᠡ ᠶᠢ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠬᠦᠷᠭᠡᠬᠦ ᠬᠡᠷᠡᠭᠲᠡᠶ᠃ ᠡᠩ ᠤᠨ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠢ ᠳ᠋ᠦᠩᠨᠡᠬᠦ᠂ ᠦᠨᠡᠯᠡᠨ ᠵᠢᠱᠢᠬᠦ ᠠᠵᠢᠯ ᠢ ᠪᠣᠯ ᠬᠡᠷᠡᠭ | ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠠᠯᠪᠠᠨ ᠭᠡᠷ ᠠᠴᠠ ᠬᠠᠷᠢᠭᠤᠴᠠᠨ᠎ᠠ᠃ | 9 ᠪᠠᠳᠣᠯᠠᠭ᠎ᠠ ᠶᠢᠨ ᠠᠷᠭ᠎ᠠ ᠭᠡᠮᠵᠢᠶ᠎ᠠ | 9.1 ᠡᠩᠨᠡᠭᠡ ᠶᠢᠨ ᠪᠠᠲᠤᠯᠠᠭ᠎ᠠ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢ ᠵᠠᠪᠳᠤᠨ ᠵᠠᠰᠠᠵᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ | ᠠᠵᠢᠯ ᠤᠨ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠪᠡᠯᠡᠳᠭᠡᠮᠵᠢ ᠶᠢ ᠰᠡᠯᠪᠢᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠱᠠᠯᠠᠪᠳᠠᠨ ᠵᠠᠰᠠᠬᠤ ᠮᠡᠷᠭᠡᠵᠢᠯ | ᠴᠢᠳᠠᠪᠤᠷᠢ ᠶᠢᠨ ᠲᠠᠯ᠎ᠠ ᠪᠠᠷ ᠬᠢ ᠬᠦᠮᠦᠰ ᠤᠨ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠰᠢᠭᠤ | ᠰᠢᠶᠠᠨ ︵ᠤᠷᠤᠨ︶ ᠤ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠪᠤᠰᠤᠳ ᠲᠤᠰᠬᠠᠶ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ | ᠡᠩᠨᠡᠭᠡ ᠪᠠ ᠰᠠᠢᠨ ᠳᠤᠷᠠᠴᠤᠳ ᠢ ᠵᠣᠬᠢᠶᠠᠨ ᠪᠠᠢᠭᠤᠯᠤᠨ ᠳᠠᠢᠴᠢᠯᠠᠵᠤ ᠪᠠᠢᠭᠠᠳ ᠬᠤᠭᠤᠯᠠᠶ ᠭᠤᠣᠷᠰᠤ ᠶᠢᠨ ᠠᠮᠤᠷ ᠲᠦᠪᠰᠢᠨ ᠤ ᠠᠳᠡᠯ ᠵᠢᠴᠢ ᠲᠡᠭᠦᠨ ᠤ ᠡᠭᠦᠰᠦᠮᠡᠯ | ᠭᠠᠮᠰᠢᠭ ᠢ ᠰᠢᠢᠳᠪᠦᠷᠢᠯᠡᠬᠦ ᠠᠵᠢᠯ ᠳᠤ ᠤᠷᠤᠯᠴᠠᠭᠤᠯᠤᠨ᠎ᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠡᠪᠰᠡᠭᠲᠦ | ᠴᠠᠭᠳᠠᠭ᠎ᠠ ᠶᠢᠨ ᠪᠠᠶᠠᠨᠨᠠᠭᠤᠷ ᠤᠨ ᠰᠠᠯᠪᠤᠷᠢ ᠠᠩᠭᠢ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠬᠤᠲᠠ ᠶᠢᠨ ᠣᠶ ᠰᠢᠭᠤᠶ ᠶᠢᠨ | ᠭᠠᠯ ᠤᠨᠲᠠᠷᠠᠭᠠᠬᠤ ᠳᠤᠮᠳᠠ ᠠᠩᠭᠢ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠲᠤᠰᠠᠯᠠᠨ ᠳᠡᠮᠵᠢᠬᠦ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ | 9.2 ᠡᠳ᠋ ᠪᠣᠳᠠᠰ ᠲᠣᠨᠣᠭᠯᠠᠯ ᠤᠨ ᠪᠠᠲᠤᠯᠠᠭ᠎ᠠ | ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠪᠠᠨ ᠦᠨᠳᠦᠰᠦᠯᠡᠨ᠂ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠠᠷᠠᠭ᠎ᠠ᠂ ᠪᠠᠶᠢᠩᠭᠤ ᠬᠡᠷᠡᠭᠯᠡᠬᠦ ᠲᠣᠨᠤᠭ ᠲᠥᠬᠦᠭᠡᠷᠦᠮᠵᠢ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠲᠣᠨᠤᠭ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠬᠤᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠪᠠ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠃ | ᠠᠶᠤᠯ ᠠᠴᠠ ᠠᠪᠤᠷᠠᠨ ᠲᠤᠰᠠᠯᠠᠬᠤ ᠡᠳ᠋ ᠪᠣᠳᠠᠰ ᠬᠦᠷᠦᠯᠴᠡᠬᠦ ᠦᠭᠡᠢ ᠦᠶ᠎ᠡ ᠳᠤ ᠬᠤᠲᠠ ᠶᠢᠨ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠣᠬᠢᠷᠠᠭᠤᠯᠤᠨ᠎ᠠ᠃ | 9.3 ᠪᠡᠯᠡ ᠮᠦᠡᠭᠬᠦ ᠶᠢᠨ ᠪᠠᠳᠣᠯᠠᠭ᠎ᠠ | ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠠᠷᠢᠭᠤᠴᠠᠯᠭ᠎ᠠ ᠲᠠᠢ | ᠨᠢᠭᠡᠴᠢ ᠠᠴᠠ ᠡᠭᠦᠷᠭᠡᠯᠡᠵᠦ᠂ ᠠᠳᠡᠯ ᠭᠠᠷᠤᠭᠰᠠᠨ ᠨᠢᠭᠡᠴᠢ ᠨᠢ ᠲᠦᠷ ᠴᠠᠭ ᠡᠭᠦᠷᠭᠡᠯᠡᠬᠦ ᠴᠢᠳᠠᠯ ᠦᠭᠡᠢ ᠪᠤᠶᠤ ᠬᠠᠷᠢᠭᠤᠴᠠᠯᠭ᠎ᠠ ᠶᠢ ᠨᠢ ᠲᠦᠷ ᠲᠣᠳᠣᠷᠬᠠᠶᠢᠯᠠᠬᠤ ᠶᠢᠨ | ᠠᠷᠭ᠎ᠠ ᠦᠭᠡᠢ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠳᠡᠰ ᠤᠨ ᠬᠠᠷᠠᠭᠠᠯᠵᠠᠭᠰᠠᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ ᠭᠤᠣᠯ | ᠴᠣᠭᠴᠠ ᠶᠢ ᠨᠢ ᠦᠨᠳᠦᠰᠦᠯᠡᠨ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ | ᠵᠢᠯᠣᠭᠤᠳᠬᠤ ᠭᠠᠵᠠᠷ ᠤᠨ ᠵᠠᠷᠯᠢᠭ ᠶᠣᠰᠣᠭᠠᠷ ᠤᠷᠢᠳᠠᠪᠠᠷ ᠣᠷᠣᠯᠠᠨ ᠥᠭᠭᠦᠨ᠎ᠡ᠃ | 9.4 ᠮᠡᠷᠭᠡᠵᠢᠯ ᠤᠨ ᠪᠠᠳᠣᠯᠠᠭ᠎ᠠ | ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠬᠤᠲᠠ ᠶᠢᠨ ᠱᠠᠲᠤᠨ ᠤ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠲᠦᠷᠦᠭᠦᠯᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠳᠤ ᠮᠡᠷᠭᠡᠵᠢᠯ ᠤᠨ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠶ᠃ ᠬᠠᠮᠢᠶ᠎ᠠ ᠪᠦᠬᠦᠢ ᠠᠵᠢᠯ ᠲᠥᠷᠥᠯ᠂ ᠬᠦᠷᠢᠶ᠎ᠡ ᠴᠠᠷᠠᠭ᠎ᠠ ᠶᠢᠨ ᠪᠠᠶᠢᠭᠤᠯᠤᠮᠵᠢ ᠪᠠ | ᠲᠤᠰᠬᠠᠶ ᠮᠡᠷᠭᠡᠵᠢᠯᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠰᠢᠢᠳᠪᠦᠷᠢᠯᠡᠬᠦ ᠮᠡᠷᠭᠡᠵᠢᠯ ᠢ ᠰᠤᠳᠤᠯᠤᠨ ᠨᠡᠭᠡᠭᠡᠵᠦ᠂ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ ᠭᠤᠣᠷᠰᠤ ᠶᠢᠨ ᠠᠵᠢᠯᠯᠠᠭᠠᠨ ᠤ ᠠᠮᠦᠷ | ᠲᠦᠪᠰᠢᠨ ᠤ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠬᠢᠴᠢᠯᠠᠯᠳᠠ ᠶᠢᠨ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠵᠤ᠂ ᠮᠡᠳᠡᠭᠡ | ᠵᠠᠩᠬᠢᠴᠢᠯᠠᠯᠳᠠ ᠶᠢᠨ ᠰᠢᠰᠲ᠋ᠧᠮ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠵᠢᠯ ᠢ ᠭᠤᠣᠯᠴᠢᠯᠠᠨ ᠥᠷᠨᠢᠭᠦᠯᠬᠦ ᠬᠡᠷᠡᠭᠲᠡᠶ᠃ | 9.5 ᠤᠬᠠᠭᠤᠯᠭ᠎ᠠ ᠬᠢᠭᠡᠳ ᠪᠣᠯᠪᠠᠰᠤᠷᠠᠭᠤᠯᠤᠯ | 9.5.1 ᠣᠬᠠᠭᠤᠯᠭ᠎ᠠ | ᠡᠯ᠎ᠡ ᠱᠠᠲᠤᠨ ᠤ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠭᠤᠣᠷᠰᠤ ᠶᠢᠨ ᠬᠠᠮᠠᠭᠠᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠬᠠᠮᠢᠶ᠎ᠠ ᠪᠥᠬᠦᠶ ᠤᠬᠠᠭᠤᠯᠭ᠎ᠠ ᠬᠥᠮᠦᠵᠢᠯ ᠤᠨ ᠠᠵᠢᠯ ᠢᠶᠠᠨ ᠴᠢᠩᠭᠠᠳᠬᠠᠵᠤ᠂ ᠠᠵᠤ | ᠠᠬᠤᠶᠢᠯᠠᠯ ᠤᠳ ᠠᠵᠢᠯᠲᠠᠨ ᠪᠠ ᠡᠷᠬᠢᠨ ᠲᠣᠭᠤᠷᠢᠨ ᠤ ᠣᠯᠠᠨ ᠲᠦᠮᠡᠨ ᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ ᠭᠤᠤᠯ ᠠᠶᠤᠯ ᠲᠦᠭᠰᠢᠭᠦᠷᠢ | ᠵᠢᠴᠢ ᠬᠤᠤᠷ ᠬᠥᠨᠥᠭᠡᠯ ᠢ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠳᠡᠯ ᠢ ᠤᠷᠢᠳᠴᠢᠯᠠᠨ ᠰᠡᠷᠭᠡᠶᠢᠯᠡᠬᠦ᠂ | ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠮᠡᠳᠡᠯᠭᠡ ᠶᠢ ᠤᠬᠠᠭᠤᠯᠬᠤ ᠬᠡᠷᠡᠭᠲᠡᠶ᠃ | 9.5.2 ᠪᠣᠯᠪᠠᠰᠤᠷᠠᠯ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠦᠷᠦᠭᠦᠯᠡᠵᠦ᠂ ᠬᠤᠭᠤᠯᠠᠶ ᠭᠤᠣᠷᠰᠤ ᠶᠢᠨ | ᠠᠵᠢᠯ ᠤᠨ ᠠᠵᠤ ᠠᠬᠤᠶᠢᠯᠠᠯ᠂ ᠲᠤᠰᠬᠠᠶ ᠠᠪᠤᠷᠠᠨ ᠲᠤᠰᠠᠯᠠᠬᠤ ᠪᠠᠶᠢᠭᠤᠯᠤᠮᠵᠢ ᠪᠠ ᠲᠤᠰᠬᠠᠶ ᠠᠪᠤᠷᠠᠨ ᠲᠤᠰᠠᠯᠠᠬᠤ ᠠᠵᠢᠯᠳᠠᠨ ᠢ ᠵᠣᠬᠢᠶᠠᠨ ᠪᠠᠶᠢᠭᠤᠯᠤᠨ | ᠵᠢᠯᠣᠭᠤᠳᠴᠤ ᠪᠠᠶᠢᠭᠠᠳ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠲᠡᠳᠡᠨ ᠳᠤ ᠬᠤᠭᠤᠯᠠᠶ ᠭᠤᠣᠷᠰᠤ ᠶᠢᠨ ᠠᠮᠦᠷ ᠲᠦᠪᠰᠢᠨ ᠤ ᠠᠳᠡᠯ ᠤᠨ | ᠠᠶᠤᠯ ᠠᠴᠠ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠨᠢ ᠬᠤᠭᠤᠯᠠᠶ | ᠭᠤᠣᠷᠰᠤ ᠶᠢᠨ ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠪᠠᠶᠢᠩᠭᠤ ᠶᠢᠨ ᠴᠢᠨᠠᠷᠲᠠᠶ ᠪᠣᠯᠪᠠᠰᠤᠷᠠᠭᠤᠯᠬᠤ | ᠲᠥᠯᠥᠪᠯᠡᠭᠡ ᠳᠤ ᠣᠷᠣᠭᠤᠯᠬᠤ ᠬᠡᠷᠡᠭᠲᠡᠶ᠃ | 10 ᠳᠠᠭᠠᠯᠲᠠ ᠳᠦᠷᠢᠮ | 10.1 ᠪᠡᠯᠡᠳᠭᠡᠯ ᠲᠦᠰᠦᠯ ᠤᠨ ᠬᠠᠮᠢᠶᠠᠷᠤᠯᠲᠠ | ᠡᠯ᠎ᠡ ᠬᠤᠰᠢᠭᠤ ᠰᠢᠶᠠᠨ ︵ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠪᠡᠯᠡᠳᠬᠡᠯ ᠲᠥᠰᠦᠯ ᠢᠶᠠᠷ ᠯᠠᠪᠯᠠᠯᠲᠠ ᠪᠣᠯᠭᠠᠨ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ | ︵ᠥᠪᠥᠷ ᠵᠠᠰᠠᠭ ᠲᠠᠷᠬᠠᠭᠠᠭᠰᠠᠨ [ 2021 ] 11 ᠳ᠋ᠤᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠠᠩᠰᠠᠯᠠᠭᠤᠯᠬᠤ ᠶᠢᠨ ᠬᠠᠮᠲᠤ᠂ | ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ ᠬᠤᠭᠤᠯᠠᠶ ᠭᠤᠣᠷᠰᠤ ᠶᠢᠨ ᠠᠵᠢᠯ ᠤᠨ | ᠠᠵᠤ ᠠᠬᠤᠶᠢᠯᠠᠯ ᠨᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠲᠡᠭᠦᠯᠳᠡᠷᠵᠢᠭᠦᠯᠬᠦ ᠶᠢᠨ ᠬᠠᠮᠲᠤ᠂ | ᠬᠤᠭᠤᠯᠠᠶ ᠭᠤᠣᠷᠰᠤ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠡ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ | ᠭᠠᠯ ᠤᠨᠲᠠᠷᠠᠭᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠲᠠᠢ ᠬᠠᠮᠲᠤᠷᠠᠨ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠤᠶᠤ ᠲᠤᠰᠬᠠᠶ | ᠮᠡᠷᠭᠡᠵᠢᠯ ᠤᠨ ᠴᠢᠨᠠᠷᠲᠠᠶ ᠬᠤᠭᠤᠯᠠᠶ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠠᠳᠠᠭ ᠲᠠᠭᠠᠨ 3 ᠵᠢᠯ ᠪᠦᠷᠢ ᠨᠢᠭᠡ | ᠤᠳᠠᠭ᠎ᠠ ᠬᠢᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠪᠦᠰᠡ ᠳᠠᠬᠢ ᠶᠡᠷᠦᠩᠬᠡᠶᠢᠯᠡᠭᠰᠡᠨ ᠴᠢᠨᠠᠷᠲᠠᠢ ᠪᠤᠶᠤ | ᠲᠤᠰᠬᠠᠢ ᠠᠵᠢᠯ ᠤᠨ ᠴᠢᠨᠠᠷᠲᠠᠢ ᠳᠠᠮᠵᠢᠭᠤᠯᠬᠤ ᠬᠤᠭᠤᠯᠠᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ᠎ᠠ᠃ ᠬᠤᠭᠤᠯᠠᠶ ᠭᠤᠣᠷᠰᠤ ᠶᠢᠨ ᠠᠵᠢᠯ ᠤᠨ ᠠᠵᠤ ᠠᠬᠤᠶᠢᠯᠠᠯ ᠪᠠ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ | ᠬᠡᠶ ᠶᠢᠨ ᠴᠢᠬᠤᠯᠠ ᠪᠥᠬᠦᠶ ᠨᠢᠭᠡᠴᠡ ᠨᠦᠭᠦᠳ ᠲᠣᠰ ᠠᠵᠤ ᠠᠬᠤᠶᠢᠯᠠᠯ᠂ ᠲᠣᠰ ᠨᠢᠭᠡᠴᠡ ᠶᠢᠨ ᠢᠶᠠᠨ ᠲᠤᠰᠬᠠᠶ ᠮᠡᠷᠭᠡᠵᠢᠯ ᠤᠨ ᠴᠢᠨᠠᠷᠲᠠᠶ ᠬᠤᠭᠤᠯᠠᠶ ᠭᠤᠣᠷᠰᠤ ᠶᠢᠨ | ᠠᠮᠦᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | | 10.2 ᠪᠡᠯᠡᠳᠬᠡᠯ ᠲᠥᠰᠦᠯ ᠢ ᠬᠡᠷᠡᠭᠵᠢᠭᠦᠯᠪᠡ᠃ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠢ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | | |