1 - 8 ᠰᠠᠷ᠎ᠠ ᠳᠤ ᠮᠠᠨ ᠤ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠢᠳᠡᠪᠬᠢᠲᠡᠢ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2023/10/11
      ᠡᠨᠡ ᠵᠢᠯ ᠠᠴᠠ ᠨᠠᠰᠢ᠂ ᠮᠠᠨ ᠤ ᠬᠤᠲᠠ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽2023 ᠣᠨ ᠤ ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠭᠤᠣᠯᠳᠠᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠷᠠᠯᠲᠠ ᠶᠢᠨ ᠡᠭᠦᠷᠭᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠳᠡᠪᠬᠢᠲᠡᠢ ᠠᠬᠢᠴᠠ ᠲᠠᠢ ᠪᠣᠯᠪᠠ᠃      1-8 ᠰᠠᠷ᠎ᠠ ᠳᠤ᠂ ᠮᠠᠨ ᠤ ᠬᠤᠲᠠ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢᠬᠢ ᠶᠡᠷᠦᠩᠬᠡᠢ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 213 ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ 173.26 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ ᠨᠢ 45.3% ᠪᠠᠶᠢᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ 78.4% ᠶᠢ ᠪᠡᠶᠡᠯᠡᠭᠦᠯᠪᠡ᠃ ᠡᠭᠦᠨ ᠳᠤ᠂ ᠣᠷᠣᠨ ᠤ ᠭᠠᠳᠠᠨᠠᠬᠢ ᠪᠡᠯᠡ ᠮᠥᠩᠭᠦ ᠶᠢ 114.19 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ ᠨᠢ 80.3% ᠳᠤ ᠬᠦᠷᠴᠦ᠂ ᠪᠥᠬᠦ ᠵᠢᠯ ᠤᠨ ᠬᠠᠷᠠᠯᠲᠠ ᠡᠭᠦᠷᠭᠡ ᠶᠢᠨ 75.8% ᠶᠢ ᠪᠡᠶᠡᠯᠡᠭᠦᠯᠪᠡ︔ ᠣᠷᠣᠨ ᠤ ᠳᠣᠲᠣᠷᠠᠬᠢ 59.07 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠨᠡᠮᠡᠭᠳᠡᠯ ᠤᠨ ᠬᠤᠷᠳᠤᠴᠠ ᠨᠢ 5.6% ᠪᠠᠶᠢᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠶᠢᠨ 83.9% ᠶᠢ ᠪᠡᠶᠡᠯᠡᠭᠦᠯᠪᠡ᠃      ᠮᠠᠨ ᠤ ᠬᠤᠲᠠ ᠶᠢᠨ ᠰᠢᠨ᠎ᠡ ᠪᠠᠷ ᠭᠠᠷ ᠤᠨ ᠦᠰᠦᠭ ᠵᠢᠷᠤᠭᠰᠠᠨ ᠲᠥᠷᠥᠯ ᠵᠦᠢᠯ 108 ᠪᠠᠶᠢᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 1279.23 ᠳ᠋ᠦᠩᠰᠢᠭᠤᠷ ᠲᠥᠭᠦᠷᠢᠭ ᠲᠤ ᠬᠦᠷᠴᠦ᠂ 50 ᠲᠥᠷᠥᠯ ᠵᠦᠢᠯ ᠢ ᠠᠵᠢᠯ ᠡᠬᠢᠯᠡᠭᠦᠯᠦᠨ᠂ ᠠᠵᠢᠯ ᠡᠬᠢᠯᠡᠭᠦᠯᠦᠭᠰᠡᠨ ᠨᠣᠷᠮ᠎ᠠ ᠨᠢ 46.3% ᠳᠤ ᠬᠦᠷᠴᠡᠢ︔ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ 23.8% ᠪᠣᠯᠪᠠ᠃ ᠡᠭᠦᠨ ᠳᠤ᠂ ᠣᠷᠣᠨ ᠤ ᠭᠠᠳᠠᠨᠠᠬᠢ 82 ᠲᠥᠷᠥᠯ ᠵᠦᠢᠯ ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 857.69 ᠳ᠋ᠦᠩᠰᠢᠭᠤᠷ ᠲᠥᠭᠦᠷᠢᠭ ᠲᠤ ᠬᠦᠷᠴᠦ᠂ 40 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 48.8% ᠳᠤ ᠬᠥᠷᠪᠡ︔ ᠣᠷᠣᠨ ᠤ ᠳᠣᠲᠣᠷᠠᠬᠢ ᠲᠥᠷᠥᠯ ᠵᠦᠢᠯ 26 ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 421.54 ᠳ᠋ᠦᠩᠰᠢᠭᠤᠷ ᠲᠥᠭᠦᠷᠢᠭ ᠲᠤ ᠬᠦᠷᠴᠦ᠂ 10 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 38.5% ᠪᠣᠯᠣᠨ᠎ᠠ᠃      ᠡᠭᠦᠨ ᠠᠴᠠ ᠭᠠᠳᠠᠨ᠎ᠠ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠥᠪᠯᠡᠷᠡᠭᠦᠯᠦᠨ ᠭᠡᠷ᠎ᠡ ᠲᠣᠭᠲᠠᠬᠤ᠂ ᠲᠥᠪᠯᠡᠷᠡᠭᠦᠯᠦᠨ ᠠᠵᠢᠯ ᠡᠬᠢᠯᠡᠭᠦᠯᠬᠦ᠂ ᠲᠤᠰᠬᠠᠢ ᠰᠡᠳᠦᠪ ᠢᠶᠠᠷ ᠲᠠᠨᠢᠯᠴᠠᠭᠤᠯᠬᠤ ᠵᠡᠷᠭᠡ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 31 ᠲᠠᠯᠠᠪᠤᠷ ᠡᠷᠭᠢᠯᠡᠪᠡ︔ ᠡᠯ᠎ᠡ  ᠬᠤᠰᠢᠭᠤ  ᠰᠢᠶᠠᠨ  ᠲᠣᠭᠤᠷᠢᠭ  ᠤᠨ ᠨᠠᠮ ᠵᠠᠰᠠᠭ  ᠤᠨ  ᠭᠤᠣᠯ  ᠤᠳᠤᠷᠢᠳᠤᠯᠭ᠎ᠠ  ᠪᠦᠯᠬᠦᠮ  ᠳᠠᠭᠠᠭᠤᠯᠤᠨ  ᠭᠠᠳᠠᠭᠰᠢ  ᠭᠠᠷᠴᠤ  86  ᠤᠳᠠᠭ᠎ᠠ  ᠬᠤᠳᠠᠯᠳᠤᠭᠠᠴᠢᠨ  ᠤᠷᠢᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ