ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠃ ᠠᠷᠪᠠᠨ ᠵᠢᠯ ᠤᠨ ᠲᠤᠷᠰᠢ᠂ ᠡᠯ᠎ᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠲᠥᠪ | ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠨᠢᠭᠡ ᠪᠦᠯᠦᠭ ᠰᠠᠭᠤᠷᠢ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠮᠠᠰᠢ ᠤᠯᠠᠨ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠪᠦᠷᠢᠯᠳᠦᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠠᠪᠴᠠᠩ ᠤᠨ ᠦᠢᠯᠡᠳᠦᠯ ᠢ ᠪᠦᠲᠦᠮᠵᠢᠲᠡᠢ | ᠪᠠᠳᠠᠷᠠᠭᠤᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠠᠶᠠᠨ ᠳᠤ᠂ ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠨ ᠪᠦᠭᠦ ᠲᠠᠯ᠎ᠠ ᠪᠠᠷ ᠳ᠋ᠦᠩᠨᠡᠭᠰᠡᠨ ᠰᠠᠭᠤᠷᠢᠨ | ᠳᠡᠭᠡᠷ᠎ᠡ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠣᠷᠢᠭᠲᠠᠢ ᠪᠠᠷ ᠵᠠᠮ | ᠨᠡᠭᠡᠭᠡᠨ ᠤᠷᠤᠭᠰᠢᠯᠠᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠤᠰᠢᠭᠤᠴᠢ ᠪᠣᠯᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠳᠤ | ᠰᠦᠪᠡᠭᠴᠢᠯᠡᠯᠲᠡ ᠬᠢᠵᠦ᠂ ᠨᠡᠩ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠤᠳᠤᠷᠢᠳᠤᠮᠵᠢ ᠪᠤᠯᠭᠠᠬᠤ᠂ ᠳᠦᠷᠢᠮ ᠤᠨ ᠰᠢᠨ᠎ᠡ ᠶᠢ | ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠣᠯᠠᠨ | ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠯᠴᠠᠭᠤᠯᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠭᠦᠨᠵᠡᠭᠡᠢ ᠠᠬᠢᠭᠤᠯᠵᠤ᠂ | ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠪᠦᠭᠦ ᠠᠵᠤ ᠦᠢᠯᠡᠰ ᠤᠨ ᠬᠡᠯᠬᠢᠶ᠎ᠡ ᠶᠢᠨ | ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠵᠢᠱᠢᠶ᠎ᠡ ᠦᠵᠡᠭᠦᠯᠭᠦ ᠦᠢᠯᠡᠳᠦᠯ ᠢ ᠨᠠᠩ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠭᠰᠠᠨ ᠠᠷᠪᠠᠨ ᠵᠢᠯ ᠤᠨ ᠤᠢ ᠶᠢᠨ ᠶᠠᠷᠢᠯᠴᠠᠬᠤ ᠬᠤᠷᠠᠯ 9 ᠰᠠᠷ᠎ᠠ ᠶᠢᠨ 26 ᠤ | ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠦᠵᠡᠯᠲᠡ ᠪᠠᠨ ᠦᠷᠭᠦᠯᠵᠢᠯᠡᠨ ᠬᠤᠪᠢᠷᠠᠭᠤᠯᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ᠂ ᠨᠡᠭᠡᠭᠡᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠥᠷᠭᠡᠵᠢᠯ ᠲᠠᠢ ᠪᠤᠯᠭᠠᠵᠤ᠂ ᠬᠥᠭᠵᠢᠯᠲᠡ ᠶᠢ ᠲᠥᠯᠥᠪᠵᠢᠭᠦᠯᠬᠦ ᠲᠠᠯ᠎ᠠ ᠪᠠᠷ ᠰᠢᠨ᠎ᠡ | ᠳᠡᠭᠡᠭᠰᠢᠯᠡᠯᠲᠡ ᠲᠠᠢ ᠪᠤᠯᠭᠠᠵᠤ᠂ ᠨᠠᠩ ᠥᠨᠳᠥᠷ ᠲᠦᠪᠰᠢᠨ ᠪᠦᠬᠦᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠢᠯᠡᠳᠬᠡᠪᠡ᠃ | ᠶᠠᠷᠢᠯᠴᠠᠬᠤ ᠬᠤᠷᠠᠯ ᠳᠡᠭᠡᠷ᠎ᠡ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠠᠷᠢᠭᠤᠴᠠᠯᠭᠠᠲᠠᠨ ᠨᠥᠬᠦᠳ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ | ᠪᠠᠩᠬᠢ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠪᠣᠯᠣᠨ ᠱᠠᠩᠬᠠᠢ᠂ ᠲᠢᠶᠠᠨᠵᠢᠨ᠂ ᠹᠦᠵᠢᠶᠠᠨ᠂ ᠯᠢᠶᠣᠤᠨᠢᠩ᠂ ᠰᠧᠴᠤᠸᠠᠨ᠂ ᠭᠤᠸᠠᠩᠰᠢ ᠶᠢᠨ ᠬᠠᠷᠢᠭᠤᠴᠠᠯᠭᠠᠲᠠᠨ | ᠨᠥᠬᠦᠳ ᠦᠭᠡ ᠬᠡᠯᠡᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠠᠶᠢᠭ᠎ᠠ ᠮᠤᠵᠢ ᠣᠷᠣᠨ ᠬᠤᠳᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ |