ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠨᠠᠮ ᠤᠨ ᠠᠯᠤᠰ ᠢᠷᠡᠭᠡᠳᠦᠢ ᠬᠤᠪᠢ | ᠵᠠᠶᠠᠭ᠎ᠠ ᠲᠠᠢ ᠬᠤᠯᠪᠣᠭᠳᠠᠵᠤ᠂ ᠤᠯᠤᠰ ᠤᠨ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ | ᠲᠥᠪᠯᠡᠷᠡᠩᠭᠦᠢ ᠬᠦᠴᠦᠨ ᠲᠠᠢ ᠬᠤᠯᠪᠣᠭᠳᠠᠳᠠᠭ ᠲᠦᠢᠯ ᠤᠨ ᠴᠢᠬᠤᠯᠠ ᠠᠵᠢᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠲᠥᠪ ᠬᠤᠷᠢᠶ᠎ᠠ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠰᠲ᠋ᠧᠮ ᠲᠠᠢ | ᠲᠥᠯᠦᠪᠵᠢᠭᠦᠯᠭᠡ ᠪᠠ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ | ᠴᠢᠨᠠᠷᠲᠠᠢ ᠬᠤᠪᠢᠷᠠᠯᠲᠠ ᠭᠠᠷᠴᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ | ᠤᠶᠤᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ | ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠨ᠎ᠡ ᠪᠠᠶᠢᠳᠠᠯ ᠰᠢᠨ᠎ᠡ | ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ | ᠬᠥᠮᠥᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠰᠢᠨ᠎ᠡ ᠭᠠᠷᠤᠭ᠎ᠠ ᠳᠤ ᠰᠣᠶᠣᠯ ᠤᠨ | ᠴᠡᠴᠡᠭᠯᠡᠯᠲᠡ ᠶᠢ ᠦᠷᠭᠦᠯᠵᠢᠯᠡᠨ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠪᠠᠶᠢᠭᠤᠯᠬᠤ ᠡᠨᠡ ᠬᠦ ᠰᠣᠶᠣᠯ ᠤᠨ ᠰᠢᠨ᠎ᠡ ᠡᠭᠦᠷᠭᠡ ᠲᠠᠢ ᠤᠶᠠᠯᠳᠤᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ | ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠬᠦᠴᠦᠯᠡᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠬᠦᠴᠦᠯᠡᠨ ᠪᠤᠶᠢᠵᠢᠭᠤᠯᠵᠤ ᠦᠢᠯᠡᠳᠦᠯᠭᠡᠵᠢᠭᠦᠯᠦᠨ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠥᠯᠥᠭᠡᠯᠡᠬᠦ ᠬᠦᠴᠦᠨ | ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠥ᠂ ᠳᠤᠮᠳᠠᠳᠤ ᠶᠢᠨ ᠰᠣᠶᠣᠯ ᠢ ᠬᠦᠴᠦᠯᠡᠨ ᠵᠠᠯᠭᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ | ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠬᠦᠴᠦᠯᠡᠨ ᠠᠬᠢᠭᠤᠯᠵᠤ᠂ ᠳᠡᠯᠡᠬᠡᠢ ᠳᠠᠬᠢ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠪᠣᠯᠪᠠᠰᠤᠨ ᠤ ᠰᠣᠯᠢᠯᠴᠠᠭ᠎ᠠ ᠲᠣᠯᠢᠯᠠᠯᠲᠠ ᠶᠢ ᠠᠬᠢᠭᠤᠯᠵᠤ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ | ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ | ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠥ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ | ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠰᠣᠶᠣᠯ ᠤᠨ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠡᠭᠦᠷᠭᠡᠯᠡᠵᠦ᠂ ᠰᠣᠶᠣᠯ ᠤᠨ ᠪᠠᠶᠢᠭᠤᠯᠤᠯᠲᠠ ᠶᠢᠨ ᠲᠤᠬᠠᠢ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠲᠠᠯ | ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠵᠣᠷᠢᠭᠲᠠᠢ ᠪᠠᠷ ᠴᠢᠳᠠᠮᠠᠭᠠᠢ ᠲᠡᠮᠡᠴᠡᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ 10 ᠰᠠᠷ᠎ᠠ ᠶᠢᠨ 7 ᠠᠴᠠ 8 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠰᠣᠳᠣ ᠮᠡᠷᠭᠡᠨ ᠪᠥᠭᠡᠳ | ᠭᠦᠨ ᠭᠦᠨᠵᠡᠭᠡᠢ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠤᠷᠲᠠᠯ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠷᠬᠡᠪᠰᠢ ᠭᠦᠨᠵᠡᠭᠡᠢ ᠰᠤᠷᠤᠯᠴᠠᠨ ᠣᠶᠢᠯᠠᠭᠠᠵᠤ᠂ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠡᠦᠬᠡᠲᠦ | ᠴᠢᠨᠠᠷᠲᠠᠢ ᠠᠮᠵᠢᠯᠲᠠ ᠣᠯᠣᠭᠰᠠᠨ ᠤ ᠬᠠᠮᠤᠭ ᠤᠨ ᠦᠨᠳᠦᠰᠦᠨ ᠵᠦᠢᠯ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ | ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠲᠠᠢ ᠪᠠᠶᠢᠬᠤ ᠳᠤ ᠪᠤᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ ᠬᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢᠨ ᠠᠭᠤᠯᠤᠭᠳᠠᠬᠤᠨ ᠨᠢ ᠲᠦᠢᠯ ᠤᠨ ᠪᠠᠶᠠᠯᠢᠭ᠂ ᠥᠭᠦᠯᠡᠯᠲᠡ ᠨᠢ ᠲᠦᠢᠯ ᠤᠨ | ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠠᠴᠠ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ | ᠳ᠋ᠦᠩᠨᠡᠯᠲᠡ ᠪᠠᠶᠢᠵᠤ᠂ ᠮᠠᠷᠺᠰ ᠤᠨ ᠦᠵᠡᠯ ᠤᠨ ᠰᠣᠶᠣᠯ ᠤᠨ ᠤᠨᠤᠯ ᠢ ᠪᠠᠶᠠᠯᠢᠭᠵᠢᠭᠤᠯᠤᠨ ᠬᠥᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ ᠭᠡᠵᠦ ᠦᠵᠡᠪᠡ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠳᠤ ᠰᠣᠶᠣᠯ ᠤᠨ ᠤᠨᠤᠯ ᠤᠨ ᠦᠵᠡᠯᠲᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠪᠠ | ᠰᠢᠪᠲᠤᠯᠤᠯᠲᠠ ᠲᠠᠢ ᠪᠣᠯᠤᠭᠰᠠᠨ ᠪᠥᠭᠡᠳ ᠪᠠᠰᠠ ᠰᠣᠶᠣᠯ ᠤᠨ ᠠᠵᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠬᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠶᠢᠵᠤ᠂ | ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠨ᠂ ᠮᠥᠨ ᠴᠢᠨᠠᠷ ᠪᠠ ᠢᠯᠡᠷᠡᠯ ᠢ ᠨᠡᠪᠲᠡᠷᠡᠯᠴᠡᠭᠦᠯᠵᠦ᠂ ᠰᠢᠨ᠎ᠡ ᠴᠠᠭ ᠦᠶ᠎ᠡ ᠶᠢᠨ | ᠰᠣᠶᠣᠯ ᠤᠨ ᠪᠠᠶᠢᠭᠤᠯᠤᠯᠲᠠ ᠶᠢᠨ ᠵᠠᠮ ᠱᠤᠭᠤᠮ ᠤᠨ ᠵᠢᠷᠤᠭ ᠪᠠ ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠮᠠᠨ ᠤ ᠨᠠᠮ ᠤᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ᠂ | ᠮᠠᠨ ᠤ ᠨᠠᠮ ᠤᠨ ᠲᠡᠦᠬᠡᠨ ᠢᠲᠡᠭᠡᠯ᠂ ᠰᠣᠶᠣᠯ ᠤᠨ ᠢᠲᠡᠭᠡᠯ ᠰᠢᠨ᠎ᠡ ᠥᠨᠳᠥᠷᠴᠡ ᠳᠤ ᠭᠦᠷᠦᠭᠰᠡᠨ ᠢ ᠲᠣᠳᠣᠷᠬᠠᠶᠢᠯᠠᠭᠰᠠᠨ ᠪᠥᠭᠡᠳ ᠮᠠᠨ ᠤ ᠤᠯᠤᠰ ᠤᠨ ᠨᠡᠶᠢᠭᠡᠮ | ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠳᠤᠮᠳᠠ ᠬᠦᠴᠦᠷᠬᠡᠭ ᠶᠡᠭᠡ ᠠᠤᠭ᠎ᠠ ᠬᠦᠴᠦᠨ ᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ | ᠵᠡᠪᠰᠡᠭ ᠪᠠ ᠰᠢᠨᠵᠢᠯᠡᠬᠦ ᠤᠬᠠᠭᠠᠨ ᠤ ᠠᠵᠢᠯᠯᠠᠭᠠᠨ ᠤ ᠵᠦᠭᠯᠡᠭᠦᠷ ᠬᠠᠩᠭᠠᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠨᠢᠭᠡᠨ ᠲᠠᠰᠤᠷᠠᠯᠳᠠ ᠦᠭᠡᠢ | ᠥᠷᠨᠢᠵᠦ ᠪᠠᠶᠢᠭ᠎ᠠ᠂ ᠨᠡᠭᠡᠭᠡᠯᠲᠡᠲᠤ ᠮᠠᠶ᠋ᠢᠭ ᠤᠨ ᠦᠵᠡᠯ ᠰᠠᠨᠠᠭᠠᠨ ᠤ ᠰᠢᠰᠲ᠋ᠧᠮ ᠮᠥᠨ᠂ ᠦᠢᠯᠡᠳᠦᠯᠭᠡ ᠶᠢᠨ ᠭᠦᠨᠵᠡᠭᠡᠶᠢᠷᠡᠬᠦ ᠶᠢ ᠳᠠᠭᠠᠯᠳᠤᠨ ᠲᠠᠰᠤᠷᠠᠯᠳᠠ ᠦᠭᠡᠢ | ᠪᠠᠶᠠᠯᠢᠭᠵᠢᠨ ᠬᠥᠭᠵᠢᠬᠦ ᠨᠢ ᠯᠠᠪᠲᠠᠢ ᠶᠤᠮ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ ᠲᠣᠳᠣᠷᠬᠠᠶᠢᠯᠠᠨ ᠲᠠᠶᠢᠯᠪᠤᠷᠢᠯᠠᠬᠤ ᠪᠠᠨ ᠦᠷᠭᠦᠯᠵᠢᠯᠡᠨ ᠴᠢᠩᠭᠠᠳᠬᠠᠬᠤ ᠪᠥᠭᠡᠳ | ᠤᠬᠠᠮᠰᠠᠷ ᠠᠴᠠ ᠪᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ | ᠲᠣᠭᠤᠷᠢᠨ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ | ᠢᠲᠡᠭᠡᠵᠦ ᠦᠨᠡᠨ ᠬᠦ ᠬᠡᠷᠡᠭᠯᠡᠬᠦ᠂ ᠭᠦᠨᠵᠡᠭᠡᠶᠢᠷᠡᠭᠦᠯᠬᠦ ᠬᠠᠳᠠᠩᠰᠢᠭᠤᠯᠬᠤ ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢᠨ᠎ᠡ ᠴᠠᠭ ᠦᠶ᠎ᠡ ᠳᠤ | ᠡᠷᠡᠯᠬᠡᠭᠯᠡᠨ ᠤᠷᠤᠭᠰᠢᠯᠠᠬᠤ ᠭᠤᠣᠯ ᠤᠷᠤᠰᠬᠠᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠬᠤ ᠪᠠᠷ ᠭᠤᠣᠯᠳᠠᠯᠭ᠎ᠠ ᠪᠣᠯᠭᠠᠨ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠬᠦ ᠬᠡᠷᠡᠭᠲᠡᠢ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠯ | ᠬᠥᠭᠵᠢᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠬᠡᠷᠡᠭᠲᠡᠢ᠃ ᠭᠠᠳᠠᠭᠠᠳᠤ | ᠤᠬᠠᠭᠤᠯᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠪᠣᠯᠪᠠᠰᠤᠨ ᠤ ᠳᠠᠮᠵᠢᠭᠤᠯᠬᠤ ᠬᠦᠴᠦᠨ ᠨᠥᠯᠥᠭᠡᠯᠡᠬᠦ ᠬᠦᠴᠦᠨ ᠢ ᠴᠢᠩᠭᠠᠷᠠᠭᠤᠯᠬᠤ | ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠡᠷᠡᠰ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠣᠷᠢᠭᠲᠠᠢ ᠪᠠᠷ ᠬᠤᠷᠴᠠ ᠰᠡᠯᠡᠮ᠎ᠡ | ᠭᠠᠷᠭᠠᠵᠤ᠂ ᠵᠣᠷᠢᠭᠲᠠᠢ ᠪᠠᠷ ᠲᠡᠮᠡᠴᠡᠬᠦ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠴᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠣᠶᠣᠯ ᠤᠨ ᠰᠢᠨ᠎ᠡ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠡᠮᠡᠴᠡᠯ ᠪᠠ ᠦᠢᠯᠡᠳᠦᠯᠭᠡ ᠶᠢᠨ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠣ᠋ ᠯᠧᠢ ᠠᠵᠢᠯ ᠤᠨ | ᠪᠠᠶᠢᠷᠢᠯᠠᠭᠤᠯᠤᠯᠲᠠ ᠬᠢᠵᠡᠢ᠃ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ | ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠲᠢᠶᠧ ᠨᠢᠩ᠂ ᠱᠧᠨ ᠢ ᠴᠢᠨ ᠬᠤᠷᠠᠯ ᠳᠤ ᠣᠷᠣᠯᠴᠠᠵᠠᠢ᠃ | ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ ᠣᠷᠣᠨ | ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠰᠤᠷᠲᠠᠯ | ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ | ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠢ᠃ | | | | | | | |