ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 9 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ | ᠰᠢ ᠶᠢᠨ ᠫᠢᠩ᠂ ᠵᠣᠣ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠬᠤᠷᠠᠯ ᠳᠤ | ᠣᠷᠣᠯᠴᠠᠨ ᠪᠠᠶᠠᠷ ᠬᠦᠷᠭᠡᠵᠦ᠂ ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠵᠡᠢ᠃ | | | | 10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ | ᠲᠠᠶᠢᠰᠠᠨ ᠠᠴᠠ ᠬᠤᠷᠠᠯ ᠳᠤ ᠤᠷᠤᠯᠴᠠᠬᠰᠡᠨ ᠲᠥᠯᠥᠭᠡᠯᠡᠭᠴᠢᠳ ᠲᠤ ᠮᠡᠨᠳᠦᠴᠢᠯᠡᠯ ᠬᠦᠷᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ | ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠳᠤᠮᠳᠠᠳᠤ ᠤᠯᠤᠰ ᠤᠨ ᠠᠵᠢᠯᠴᠢᠨ ᠤ ᠡᠪᠯᠡᠯ ᠪᠣᠯᠣᠨ ᠳᠤᠮᠳᠠᠳᠤ | ᠤᠯᠤᠰ ᠤᠨ ᠠᠵᠢᠯᠴᠢᠨ ᠠᠩᠭᠢ ᠶᠢᠨ ᠪᠦᠯᠬᠦᠮᠳᠡᠯ ᠨᠢᠭᠡᠳᠦᠯ ᠢ ᠪᠡᠯᠭᠡᠳᠡᠭᠰᠡᠨ ᠠᠵᠢᠯᠴᠢᠨ ᠤ ᠡᠪᠯᠡᠯ ᠤᠨ ᠰᠦᠯᠳᠡ ᠭᠢᠯᠠᠯᠵᠠᠵᠤ᠂ 10 ᠤᠯᠠᠭᠠᠨ ᠲᠤᠭ ᠢ ᠬᠤᠶᠠᠷ | ᠲᠠᠯ᠎ᠠ ᠪᠠᠷ ᠨᠢ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕︾ ᠭᠡᠬᠦ ᠲᠣᠮᠣ ᠬᠥᠨᠳᠡᠯᠡᠨ ᠪᠢᠴᠢᠭᠡᠰᠦ ᠶᠢ ᠡᠯᠭᠦᠵᠡᠢ᠃ | ᠪᠦᠭᠦ ᠤᠯᠤᠰ ᠤᠨ ᠡᠯ᠎ᠡ ᠠᠵᠢᠯ ᠲᠦᠷᠦᠯ ᠠᠴᠠ ᠬᠦᠷᠦᠯᠴᠡᠨ ᠢᠷᠡᠭᠰᠡᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ | ᠬᠤᠷᠠᠯ ᠤᠨ 2000 ᠰᠢᠬᠠᠮ ᠲᠥᠯᠥᠭᠡᠯᠡᠭᠴᠢ ᠪᠣᠯᠣᠨ 50 ᠭᠠᠷᠤᠢ ᠣᠨᠴᠠ ᠤᠷᠢᠭᠰᠠᠨ ᠲᠥᠯᠥᠭᠡᠯᠡᠭᠴᠢ ᠲᠦᠭ ᠲᠦᠮᠡᠨ ᠠᠵᠢᠯᠲᠠᠨ ᠠᠵᠢᠯᠴᠢᠨ ᠤ ᠬᠦᠨᠳᠦ | ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠶ ᠳᠤ ᠣᠷᠣᠵᠤ ᠢᠷᠡᠬᠦ ᠦᠶᠡᠰ | ᠲᠠᠯᠠᠪᠠᠶ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | | | | 10 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠵᠣᠣ ᠯᠧ ᠵᠢᠢ᠂ ᠸᠠᠩ ᠬᠤ᠋ ᠨᠢᠩ᠂ | ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠳ᠋ᠦᠩ ᠮᠢᠩ ᠶᠡᠭᠡ ᠬᠤᠷᠠᠯ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ | ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ︽ᠮ᠊ ᠠᠨ ᠤ ᠤᠯᠤᠰ ᠤᠨ ᠠᠵᠢᠯᠴᠢᠨ ᠠᠩᠭᠢ ᠶᠢᠨ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠤᠯᠴᠠᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︾ ᠭᠡᠬᠦ ᠰᠡᠳᠦᠪ ᠢᠶᠠᠷ | ᠪᠠᠶᠠᠷ ᠤᠨ ᠦᠭᠡ ᠬᠡᠯᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠣᠯᠠᠨ ᠠᠵᠢᠯᠲᠠᠨ ᠠᠵᠢᠯᠴᠢᠨ ᠪᠠ | ᠠᠵᠢᠯᠴᠢᠨ ᠤ ᠡᠪᠯᠡᠯ ᠤᠨ ᠺᠠᠳ᠋ᠷᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠼᠠᠢ ᠴᠢ ᠪᠠᠶᠠᠷ ᠤᠨ ᠦᠭᠡ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠤᠨ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ | ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ | ᠤᠯᠤᠰ ᠤᠨ ᠠᠵᠢᠯᠴᠢᠨ ᠤ ᠡᠪᠯᠡᠯ ᠤᠨ ᠠᠷᠪᠠᠨ ᠳᠣᠯᠣᠳᠤᠭᠠᠷ ᠶᠡᠭᠡ ᠬᠤᠷᠠᠯ ᠠᠴᠠ ᠨᠠᠭᠠᠰᠢ᠂ ᠡᠯ᠎ᠡ ᠱᠠᠲᠤᠨ ᠤ ᠠᠵᠢᠯᠴᠢᠨ ᠤ ᠡᠪᠯᠡᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ᠂ ᠡᠷᠬᠡ ᠪᠠᠨ | ᠬᠠᠮᠠᠭᠠᠯᠠᠬᠤ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠥᠷᠭᠡᠨ | ᠤᠯᠠᠨ ᠠᠵᠢᠯᠲᠠᠨ ᠠᠵᠢᠯᠴᠢᠨ ᠢ ᠲᠠᠶᠢᠴᠢᠯᠠᠨ ᠰᠢᠨ᠎ᠡ ᠴᠠᠭ ᠦᠶ᠎ᠡ ᠳᠤ ᠢᠳᠡᠪᠬᠢᠲᠡᠢ ᠪᠠᠷ ᠭᠠᠪᠢᠶ᠎ᠠ ᠪᠠᠶᠢᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ | ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠯᠬᠤᠭ᠎ᠠ ᠨᠢᠭᠡᠲᠡᠢ ᠤᠷᠤᠭᠰᠢᠯᠠᠵᠠᠢ | ᠭᠡᠵᠦ ᠬᠡᠯᠡᠪᠡ᠃ | ᠼᠠᠢ ᠴᠢ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠪᠠ᠃ | ᠨᠠᠮ ᠤᠨ ᠭᠤᠣᠯ ᠡᠭᠦᠷᠭᠡ ᠪᠣᠯ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠣᠨ᠎ᠠ | ᠃ ᠠᠵᠢᠯᠴᠢᠨ ᠠᠩᠭᠢ ᠦᠨᠡᠨᠴᠢ ᠰᠢᠳᠤᠷᠭᠤ ᠨᠠᠶᠢᠳᠠᠪᠤᠷᠢᠲᠠᠢ ᠪᠠᠶᠢᠬᠤ ᠣᠪᠣᠷ ᠢᠶᠠᠷ ᠠᠵᠢᠯᠴᠢᠨ ᠠᠩᠭᠢ ᠶᠢᠨ ᠤᠯᠤᠰ ᠲᠦᠷᠦ ᠶᠢᠨ ᠣᠣᠷ ᠴᠢᠨᠠᠷ ᠢᠶᠠᠨ | ᠦᠷᠭᠦᠯᠵᠢᠯᠡᠭᠦᠯᠵᠦ᠂ ᠬᠥᠳᠡᠯᠮᠦᠷᠢᠯᠡᠵᠦ ᠡᠭᠦᠳᠦᠨ ᠪᠦᠲᠦᠭᠡᠬᠦ ᠪᠠᠷ ᠳᠠᠮᠵᠢᠨ ᠠᠵᠢᠯᠴᠢᠨ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠷᠦ᠋ᠢᠯᠠᠭᠰᠠᠨ | ᠡᠷᠳᠡᠮ ᠴᠢᠳᠠᠪᠤᠷᠢ ᠪᠠᠷ ᠢᠶᠠᠨ ᠠᠵᠢᠯᠴᠢᠨ ᠠᠩᠭᠢ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠦ᠂ ᠪᠦᠯᠬᠦᠮᠳᠡᠨ ᠲᠡᠮᠡᠴᠡᠬᠦ ᠪᠠᠷ ᠳᠠᠮᠵᠢᠨ ᠠᠵᠢᠯᠴᠢᠨ | ᠠᠩᠭᠢ ᠶᠢᠨ ᠡᠷᠬᠢᠮ ᠳᠡᠭᠡᠳᠦ ᠵᠠᠩ ᠴᠢᠨᠠᠷ ᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠠᠵᠢᠯᠲᠠᠨ ᠠᠵᠢᠯᠴᠢᠨ ᠳᠤ ᠴᠢᠩ ᠦᠨᠡᠨᠴᠢ ᠪᠠᠷ ᠦᠢᠯᠡᠴᠢᠯᠡᠵᠦ᠂ ᠵᠥᠪ ᠤᠯᠤᠰ | ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠪᠦᠯᠬᠦᠮᠳᠡᠨ ᠲᠡᠮᠡᠴᠡᠬᠦ ᠠᠤᠭ᠎ᠠ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠡᠷᠬᠡ ᠪᠠᠨ ᠬᠠᠮᠠᠭᠠᠯᠠᠬᠤ | ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠠᠮ ᠤᠨ | ᠠᠵᠢᠯᠴᠢᠨ ᠤ ᠬᠥᠳᠡᠯᠭᠡᠭᠡᠨ ᠤ ᠦᠢᠯᠡᠰ ᠤᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ᠂ ᠤᠷᠢᠳ ᠬᠤᠵᠢᠳ ᠠᠷᠠᠳ ᠤᠨ ᠪᠦᠯᠭᠦᠮ ᠪᠣᠯᠣᠨ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠡᠮᠦᠨ᠎ᠡ ᠠᠴᠠ ᠶᠡᠭᠡ ᠬᠤᠷᠠᠯ ᠳᠤ | ᠪᠠᠶᠠᠷ ᠤᠨ ᠦᠭᠡ ᠬᠡᠯᠡᠵᠡᠢ᠃ | ᠸᠠᠩ ᠳ᠋ᠦᠩ ᠮᠢᠩ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ | ᠵᠥᠪᠯᠡᠯ ᠤᠨ ᠡᠮᠦᠨ᠎ᠡ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠡ᠃ | ᠮᠡᠳᠡᠭᠦᠯᠦᠯᠲᠡ ᠨᠢ 3 ᠬᠡᠰᠡᠭ ᠢᠶᠠᠷ ᠪᠦᠷᠢᠯᠳᠦᠵᠡᠢ᠄ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠬᠥᠭᠵᠢᠯᠲᠡ ᠪᠣᠯᠣᠨ | ᠥᠩᠭᠡᠷᠡᠭᠰᠡᠨ ᠲᠠᠪᠤᠨ ᠵᠢᠯ ᠤᠨ ᠠᠵᠢᠯ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠠᠵᠢᠯᠴᠢᠨ ᠤ ᠡᠪᠯᠡᠯ ᠤᠨ ᠠᠵᠢᠯ ᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠬᠤ︔ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ ᠵᠡᠷᠭᠡ | ᠪᠣᠯᠣᠨ᠎ᠠ᠃ | ᠶᠡᠭᠡ ᠬᠤᠷᠠᠯ ᠠᠴᠠ ᠪᠢᠴᠢᠭ ᠤᠨ ᠭᠡᠯᠪᠡᠷᠢ ᠪᠠᠷ ᠲᠥᠯᠥᠭᠡᠯᠡᠭᠴᠢᠳ ᠲᠤ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ ︵ᠵᠠᠰᠠᠪᠤᠷᠢ | ᠣᠷᠣᠭᠤᠯᠬᠤ ᠲᠥᠰᠥᠯ︶︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ ᠳᠣᠯᠣᠳᠤᠭᠠᠷ ᠬᠤᠭᠤᠴᠠᠭᠠᠨ ᠤ ᠭᠦᠢᠴᠡᠳᠬᠡᠬᠦ | ᠵᠥᠪᠯᠡᠯ ᠤᠨ ᠡᠳ᠋ ᠤᠨ ᠶᠠᠪᠤᠳᠠᠯ ᠤᠨ ᠠᠵᠢᠯ ᠤᠨ ᠮᠡᠳᠡᠭᠦᠯᠦᠯᠲᠡ︾᠂ ︽ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠷᠪᠠᠨ | ᠳᠣᠯᠣᠳᠤᠭᠠᠷ ᠬᠤᠭᠤᠴᠠᠭᠠᠨ ᠤ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠮᠡᠳᠡᠭᠦᠯᠦᠯᠲᠡ︾ ᠶᠢ ᠳᠡᠪᠰᠢᠭᠦᠯᠵᠦ᠂ ᠲᠥᠯᠥᠭᠡᠯᠡᠭᠴᠢᠳ ᠢᠶᠠᠷ ᠬᠢᠨᠠᠨ | ᠵᠥᠪᠯᠡᠭᠦᠯᠦᠨ᠎ᠡ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠰᠢᠶᠠᠩᠭᠠᠩ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯᠴᠢᠨ ᠤ ᠡᠪᠯᠡᠯ ᠤᠨ ᠡᠲᠡᠭᠡᠳ ᠤᠨ ᠨᠠᠶᠢᠵᠠ ᠨᠠᠷ᠂ ᠨᠡᠶᠢᠰᠯᠡᠯ ᠤᠨ ᠡᠯ᠎ᠡ ᠡᠲᠡᠭᠡᠳ ᠤᠨ ᠠᠵᠢᠯᠲᠠᠨ ᠠᠵᠢᠯᠴᠢᠨ ᠤ | ᠲᠥᠯᠥᠭᠡᠯᠡᠭᠴᠢ ᠨᠠᠷ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃ | | | | | | | |