10 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ | ᠤᠯᠤᠰ ᠤᠨ ᠬᠤᠷᠠᠯ ᠤᠨ ᠳᠡᠭᠡᠳᠦ ᠵᠥᠪᠯᠡᠯ ᠤᠨ ᠤᠯᠠᠨ ᠲᠣᠭᠠᠲᠤ ᠨᠠᠮ ᠤᠨ ᠤᠳᠤᠷᠢᠳᠤᠭᠴᠢ ᠱᠦᠮᠦᠸᠧ ᠶᠢᠨ ᠳᠠᠭᠠᠭᠤᠯᠤᠭᠰᠠᠨ ᠠᠮᠧᠷᠢᠺᠠ ᠶᠢᠨ ᠤᠯᠤᠰ ᠤᠨ | ᠬᠤᠷᠠᠯ ᠤᠨ ᠳᠡᠭᠡᠳᠦ ᠵᠥᠪᠯᠡᠯ ᠤᠨ ᠬᠤᠶᠠᠷ ᠨᠠᠮ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ᠃ | | | | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯᠠᠲᠤ ᠬᠠᠷᠢᠯᠴᠠᠭ᠎ᠠ ᠪᠣᠯᠣᠨ᠎ᠠ᠃ | ᠳᠤᠮᠳᠠᠳᠤ ᠠᠮᠧᠷᠢᠺᠠ ᠬᠤᠶᠠᠷ ᠤᠯᠤᠰ ᠬᠡᠷᠬᠢᠨ ᠬᠠᠷᠢᠯᠴᠠᠬᠤ ᠨᠢ ᠬᠥᠮᠥᠨ ᠲᠥᠷᠥᠯᠬᠢᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠲᠣᠭᠲᠠᠭᠠᠳᠠᠭ᠃ ᠥᠷᠢᠰᠦᠯᠳᠦᠭᠡᠨ | ᠡᠰᠡᠷᠭᠦᠴᠡᠯᠳᠦᠯ ᠨᠢ ᠴᠠᠭ ᠦᠶ᠎ᠡ ᠶᠢᠨ ᠤᠷᠤᠰᠬᠠᠯ ᠲᠠᠢ ᠨᠡᠶᠢᠴᠡᠬᠦ ᠦᠭᠡᠢ᠂ ᠨᠡᠩ ᠴᠤ ᠲᠤᠰ ᠤᠯᠤᠰ ᠤᠨ ᠢᠶᠠᠨ ᠠᠰᠠᠭᠤᠳᠠᠯ ᠪᠠ ᠳᠡᠯᠡᠬᠡᠢ ᠶᠢᠷᠲᠢᠨᠴᠦ ᠳᠤ | ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ ᠲᠤᠰᠠ ᠨᠢ | ᠵᠥᠷᠢᠯᠳᠦᠭᠡᠨ ᠠᠴᠠ ᠬᠤᠯᠠ ᠶᠡᠭᠡ᠂ ᠳᠤᠮᠳᠠᠳᠤ ᠠᠮᠧᠷᠢᠺᠠ ᠶᠢᠨ ᠲᠤᠰ ᠲᠤᠰ ᠤᠨ ᠣᠯᠣᠭᠰᠠᠨ ᠠᠮᠵᠢᠯᠲᠠ ᠨᠢ ᠬᠠᠷᠢᠯᠴᠠᠨ ᠨᠦᠭᠦᠭᠡ ᠲᠠᠯ᠎ᠠ ᠶᠢᠨ ᠢᠶᠠᠨ ᠠᠵᠠ | ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠭᠡᠵᠦ ᠳᠤᠮᠳᠠᠳᠤ ᠤᠯᠤᠰ ᠢᠮᠠᠭᠲᠠ ᠦᠵᠡᠭᠰᠡᠭᠡᠷ ᠢᠷᠡᠪᠡ᠃ ︽ᠰᠢᠦᠺᠢᠳᠢᠳ᠋ ᠤᠨ | ᠤᠨᠠᠭᠤᠯᠢ︾ ᠨᠢ ᠵᠠᠶᠢᠯᠠᠰᠢ ᠦᠭᠡᠢ ᠶᠠᠪᠤᠳᠠᠯ ᠪᠢᠰᠢ᠂ ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ᠂ | ᠬᠠᠮᠲᠤ ᠶᠢᠨ ᠴᠡᠴᠡᠭᠯᠡᠯ ᠬᠥᠭᠵᠢᠯ ᠢ ᠪᠦᠷᠢᠮᠦᠰᠦᠨ ᠪᠠᠭᠲᠠᠭᠠᠵᠤ ᠲᠡᠶᠢᠯᠦᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ ᠠᠭᠤᠰᠤᠯᠴᠠᠵᠤ᠂ | ᠬᠡᠨ ᠠᠯᠢᠨ ᠠᠴᠠ ᠪᠠᠨ ᠦᠯᠦ ᠰᠠᠯᠵᠤ ᠴᠢᠳᠠᠨ᠂ ᠨᠦᠭᠦᠭᠡ ᠲᠠᠯ᠎ᠠ ᠶᠢᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠣᠯᠣᠨ᠎ᠠ᠃ ᠪᠦᠭᠦ ᠪᠥᠮᠪᠥᠷᠴᠡᠭ ᠤᠨ | ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ | ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠱᠠᠭᠠᠷᠳᠠᠨ᠎ᠠ᠃ ᠳᠤᠮᠳᠠᠳᠤ ᠠᠮᠧᠷᠢᠺᠠ ᠨᠢ ᠬᠤᠶᠠᠷ ᠲᠣᠮᠣ ᠤᠯᠤᠰ | ᠪᠣᠯᠤᠭᠰᠠᠨ ᠤ ᠬᠤᠪᠢ ᠳᠤ᠂ ᠲᠣᠮᠣ ᠤᠯᠤᠰ ᠤᠨ ᠬᠡᠬᠦᠳᠡᠭ ᠴᠡᠭᠡᠵᠢ᠂ ᠬᠠᠷᠠᠭᠠᠰᠤ ᠪᠣᠯᠣᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠡᠦᠬᠡ᠂ ᠠᠷᠠᠳ | ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠠᠷᠢᠯᠴᠠᠨ ᠭᠦᠨᠳᠦᠳᠭᠡᠵᠦ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠲᠡᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠵᠦ᠂ ᠬᠥᠮᠥᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ | ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠲᠠᠪᠤᠨ ᠮᠢᠩᠭ᠎ᠠ ᠭᠠᠷᠤᠢ ᠵᠢᠯ ᠦᠷᠭᠦᠯᠵᠢᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠪᠦᠭᠦᠨ ᠢ | ᠬᠠᠮᠤᠷᠴᠤ ᠪᠦᠭᠦᠨ ᠢ ᠪᠠᠭᠲᠠᠭᠠᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ ᠡᠩᠬᠡ ᠲᠠᠶᠢᠪᠤᠩ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠭᠰᠠᠭᠠᠷ ᠢᠷᠡᠵᠡᠢ᠃ | ᠳᠤᠮᠳᠠᠳᠤ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ | ᠡᠭᠦᠳᠴᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠡᠶᠡᠯᠡᠭᠦᠯᠦᠭᠰᠡᠨ ᠤ ᠦᠨᠳᠦᠰᠦᠨ ᠰᠢᠯᠲᠠᠭᠠᠨ ᠪᠣᠯ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ ᠠᠷᠠᠳ ᠲᠦᠮᠡᠨ ᠤ ᠬᠦᠰᠡᠯ ᠡᠷᠡᠮᠡᠯᠵᠡᠯ ᠳᠤ | ᠨᠡᠶᠢᠴᠡᠭᠰᠡᠨ᠂ ᠠᠷᠠᠳ ᠲᠦᠮᠡᠨ ᠤ ᠳᠡᠮᠵᠢᠯᠭᠡ ᠶᠢ ᠣᠯᠣᠭᠰᠠᠨ ᠠᠮᠵᠢᠯᠲᠠ ᠲᠠᠢ ᠬᠥᠭᠵᠢᠯᠲᠡ ᠶᠢᠨ ᠵᠠᠮ ᠢ ᠡᠷᠢᠵᠦ ᠣᠯᠣᠭᠰᠠᠨ ᠳᠤ ᠪᠠᠶᠢᠨ᠎ᠠ᠃ ᠳᠤᠮᠳᠠᠳᠤ ᠤᠯᠤᠰ | ᠦᠷᠭᠦᠯᠵᠢᠯᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ᠂ ᠡᠩᠬᠡ ᠲᠠᠶᠢᠪᠤᠩ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠳᠡᠯᠡᠬᠡᠢ ᠶᠢᠨ ᠡᠯ᠎ᠡ ᠤᠯᠤᠰ ᠲᠠᠢ | ᠬᠠᠮᠲᠤ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠠᠮᠧᠷᠢᠺᠠ ᠶᠢᠨ ᠤᠯᠤᠰ ᠤᠨ ᠬᠤᠷᠠᠯ ᠤᠨ | ᠨᠡᠩ ᠤᠯᠠᠨ ᠭᠡᠰᠢᠭᠦᠨ ᠳᠤᠮᠳᠠᠳᠤ ᠤᠯᠤᠰ ᠲᠤ ᠠᠶᠢᠯᠴᠢᠯᠠᠵᠤ᠂ ᠳᠤᠮᠳᠠᠳᠤ ᠤᠯᠤᠰ ᠤᠨ ᠥᠩᠭᠡᠷᠡᠭᠰᠡᠨ᠂ ᠤᠳᠤ ᠪᠠ ᠢᠷᠡᠭᠡᠳᠦᠢ ᠶᠢ ᠨᠡᠩ ᠰᠠᠶᠢᠨ ᠣᠶᠢᠯᠠᠭᠠᠬᠤ ᠶᠢ | ᠪᠠᠶᠠᠷᠯᠠᠨ ᠤᠭᠲᠤᠵᠤ ᠪᠠᠶᠢᠨ᠎ᠠ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠢᠯᠡᠭᠦᠬᠡᠨ ᠶᠠᠪᠤᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠰᠠᠨᠠᠯ | ᠢᠶᠠᠨ ᠰᠣᠯᠢᠯᠴᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠪᠤᠷᠢᠵᠢᠭᠤᠯᠬᠤ᠂ ᠰᠠᠶᠢᠵᠢᠷᠠᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠱᠦᠮᠦᠸᠧ ᠨᠠᠷ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠳᠤᠮᠳᠠᠳᠤ ᠶᠢᠨ ᠲᠠᠯ᠎ᠠ ᠶᠢᠨ | ᠬᠢᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠂ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠪᠢᠳᠡᠨ ᠳᠤ ᠳᠤᠮᠳᠠᠳᠤ ᠤᠯᠤᠰ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠳᠠᠯᠳᠠ ᠬᠦᠴᠦᠨ ᠢ ᠮᠡᠳᠡᠷᠡᠭᠦᠯᠪᠡ ᠭᠡᠵᠦ ᠢᠯᠡᠳᠬᠡᠵᠡᠢ᠃ ᠱᠦᠮᠦᠸᠧ ᠨᠠᠷ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠵᠡᠯᠲᠡ ᠪᠠ ᠰᠠᠨᠠᠯ ᠢᠶᠠᠨ ᠲᠠᠨᠢᠯᠴᠠᠭᠤᠯᠵᠤ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ | ᠲᠣᠭᠲᠠᠭᠤᠨ ᠬᠥᠭᠵᠢᠯᠲᠡ ᠨᠢ ᠠᠮᠧᠷᠢᠺᠠ ᠳᠤᠮᠳᠠᠳᠤ ᠬᠤᠶᠠᠷ ᠤᠯᠤᠰ ᠲᠤ ᠲᠦᠢᠯ ᠤᠨ ᠴᠢᠬᠤᠯᠠ ᠪᠠᠷ ᠪᠠᠷᠠᠬᠤ ᠦᠭᠡᠢ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠴᠦ ᠬᠤᠯᠪᠣᠭᠳᠠᠨ᠎ᠠ᠃ ᠳᠤᠮᠳᠠᠳᠤ ᠤᠯᠤᠰ ᠤᠨ ᠬᠥᠭᠵᠢᠯ ᠴᠡᠴᠡᠭᠯᠡᠯ ᠨᠢ ᠠᠮᠧᠷᠢᠺᠠ ᠶᠢᠨ ᠠᠷᠠᠳ ᠲᠦᠮᠡᠨ ᠳᠤ ᠠᠰᠢᠭᠲᠠᠢ ᠶᠤᠮ᠃ ᠠᠮᠧᠷᠢᠺᠠ ᠶᠢᠨ | ᠬᠢᠨ ᠳᠤᠮᠳᠠᠳᠤ ᠤᠯᠤᠰ ᠯᠤᠭ᠎ᠠ ᠮᠥᠷᠭᠦᠯᠳᠦᠭᠡᠨ ᠭᠠᠷᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠪᠠᠨ ᠲᠠᠰᠤᠯᠬᠤ ᠶᠢ ᠬᠦᠰᠡᠬᠦ ᠦᠭᠡᠢ᠂ | ᠳᠤᠷᠠᠲᠠᠶ᠎ᠠ ᠳᠤᠮᠳᠠᠳᠤ ᠤᠯᠤᠰ ᠲᠠᠢ ᠨᠡᠭᠡᠭᠡᠯᠲᠡᠲᠡᠢ ᠦᠨᠡᠨᠴᠢ ᠰᠢᠳᠤᠷᠭᠤ᠂ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠪᠠᠷ ᠶᠠᠷᠢᠯᠴᠠᠭ᠎ᠠ ᠣᠯᠣᠯᠴᠠᠭ᠎ᠠ ᠪᠠᠨ | ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠶᠢ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ | ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠠᠷᠠᠯᠵᠢᠶ᠎ᠠ ᠪᠡᠯᠡ ᠣᠷᠣᠭᠤᠯᠤᠯᠲᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠬᠤᠣᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ᠂ ᠭᠠᠵᠠᠷ | ᠣᠷᠣᠨ ᠤ ᠮᠥᠷᠭᠦᠯᠳᠦᠭᠡᠨ ᠢ ᠰᠢᠢᠳᠪᠦᠷᠢᠯᠡᠬᠦ ᠵᠡᠷᠭᠡ ᠠᠰᠠᠭᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠭᠡᠵᠦ | ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 9 ᠤ ᠴᠠᠭᠢᠯᠭᠠᠨ ᠮᠡᠳᠡᠭᠡ︶ |