︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ | ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠬᠢᠨᠠᠨ ᠵᠥᠪᠯᠡᠵᠡᠢ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ | 10 ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ᠂ ︽ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠤᠯᠠᠮ ᠴᠢᠨᠠᠭᠰᠢᠳᠠ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ | ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ | ᠦᠢᠯᠡᠰ ᠤᠨ ᠰᠠᠭᠤᠷᠢ ᠨᠡᠯᠢᠶᠡᠳ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠢ᠂ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ ᠪᠠᠶᠢᠵᠤ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠪᠠᠶᠢᠳᠠᠭ᠃ ᠡᠨᠡ ᠵᠢᠯ ᠪᠣᠯ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 20 ᠵᠢᠯ ᠤᠨ ᠤᠢ ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠂ | ᠠᠯᠢ ᠤᠯᠠᠨ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠵᠡᠭᠦᠨ ᠬᠤᠶᠢᠲᠤ ᠣᠷᠣᠨ ᠤ | ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠡᠭᠦᠨ ᠬᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ | ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠡᠭᠦᠨ ᠬᠤᠶᠢᠲᠤ ᠣᠷᠣᠨ ᠤ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠮᠵᠢᠯᠠᠯᠲᠤ ᠦᠢᠯᠡᠳᠬᠦ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠶᠢ ᠴᠢᠩᠭᠠᠳᠬᠠᠬᠤ ᠬᠡᠷᠡᠭᠲᠡᠢ᠃ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ᠃ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠨ᠎ᠠ᠂ ᠤᠢ ᠰᠢᠭᠤᠢ ᠶᠢ | ᠬᠠᠮᠠᠭᠠᠯᠠᠬᠤ ᠪᠣᠯ ᠳᠠᠷᠤᠢ ᠡᠳ᠋ ᠪᠠᠶᠠᠯᠢᠭ ᠢᠶᠠᠨ ᠬᠠᠮᠠᠭᠠᠯᠠᠵᠤ ᠪᠠᠶᠢᠨ᠎ᠠ ᠭᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠤᠢ ᠳᠣᠲᠣᠷᠠᠬᠢ ᠠᠵᠤ ᠠᠬᠤᠢ᠂ ᠮᠥᠰᠥ | ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ | | ᠰᠠᠯᠬᠢᠨ ᠬᠦᠴᠦ ᠪᠠᠷ ᠴᠠᠭᠢᠯᠭᠠᠨ ᠭᠠᠷᠭᠠᠬᠤ᠂ ᠭᠡᠷᠡᠯ ᠴᠠᠭᠢᠯᠭᠠᠨ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠵᠦ᠂ | ᠰᠠᠯᠬᠢ ᠭᠡᠷᠡᠯ ᠢᠯᠴᠢ ᠴᠥᠮ᠎ᠡ ᠶᠢᠨ ᠬᠠᠳᠠᠭᠠᠯᠠᠯᠲᠠ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ᠃ ᠬᠢᠯᠢ | ᠬᠢᠵᠠᠭᠠᠷ ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ ᠠᠵᠤ | ᠦᠢᠯᠡᠰ ᠢ ᠢᠳᠡᠪᠬᠢᠲᠡᠢ ᠬᠥᠭᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ | ᠬᠢᠵᠠᠭᠠᠷ ᠢ ᠪᠠᠬᠢᠵᠢᠭᠦᠯᠬᠦ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠵᠡᠭᠦᠨ ᠬᠤᠶᠢᠲᠤ ᠶᠢᠨ ᠶᠡᠭᠡ ᠳᠡᠭᠡᠳᠦ | ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ | ᠳᠡᠭᠡᠭᠰᠢᠯᠡᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠤᠳᠤᠷᠢᠳᠤᠯᠭ᠎ᠠ ᠶᠢ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠵᠡᠭᠦᠨ ᠬᠤᠶᠢᠲᠤ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ | ᠤᠯᠤᠰ ᠲᠦᠷᠦ ᠶᠢᠨ ᠠᠮᠢ ᠠᠬᠤᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨ᠎ᠡ ᠰᠤᠷᠲᠠᠯ ᠲᠥᠪ ᠰᠤᠷᠲᠠᠯ ᠢᠶᠠᠷ ᠬᠥᠭᠵᠢᠯᠲᠡ ᠶᠢᠨ ᠢᠲᠡᠭᠡᠯ ᠢ ᠬᠥᠭᠵᠢᠭᠡᠬᠦ | ᠬᠡᠷᠡᠭᠲᠡᠢ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠨᠡᠶᠢᠲᠡᠯᠢᠭ ᠴᠢᠨᠠᠷᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠪᠠᠷ ᠪᠠᠷᠠᠬᠤ ᠦᠭᠡᠢ ᠥᠪᠡᠷᠮᠢᠴᠡ | ᠳᠠᠪᠠᠭᠤᠯᠢᠭ ᠢᠶᠠᠨ ᠴᠤ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠨᠳᠤᠯᠭᠠᠲᠤ ᠴᠢᠨᠠᠷ ᠢᠶᠠᠷ ᠴᠢᠩᠭ᠎ᠠ ᠳᠡᠮᠵᠢᠯᠭᠡ ᠶᠢᠨ | ᠲᠦᠷᠦ ᠶᠢᠨ ᠪᠣᠳᠣᠯᠭ᠎ᠠ ᠲᠣᠭᠲᠠᠭᠠᠵᠤ᠂ ᠵᠣᠬᠢᠴᠠᠭᠤᠯᠤᠨ ᠦᠢᠯᠡᠴᠢᠯᠡᠬᠦ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠮᠥᠷᠳᠡᠨ | ᠰᠢᠨ᠎ᠡ ᠪᠠᠶᠢᠳᠠᠯ ᠢ ᠰᠤᠳᠤᠯᠵᠤ ᠰᠢᠨ᠎ᠡ ᠠᠰᠠᠭᠤᠳᠠᠯ ᠢ ᠰᠢᠢᠳᠪᠦᠷᠢᠯᠡᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ | ᠰᠢᠪᠲᠤᠯᠤᠯᠲᠠ ᠲᠠᠢ ᠪᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |