ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 18 ᠤ ᠴᠠᠭᠢᠯᠭᠠᠨ ᠮᠡᠳᠡᠭᠡ 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨᠡᠭᠡᠭᠡᠯᠲᠡᠲᠡᠢ | ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ | ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | | | | 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨ᠊ ᠡᠭᠡᠭᠡᠯᠲᠡᠲᠡᠢ ᠪᠠᠭᠲᠠᠭᠠᠮᠵᠢᠲᠠᠢ ᠬᠤᠯᠪᠣᠯᠳᠤᠨ ᠨᠡᠪᠲᠡᠷᠡᠯᠴᠡᠵᠦ ᠬᠠᠮᠲᠤ ᠪᠠᠷ ᠬᠥᠭᠵᠢᠭᠰᠡᠨ ᠳᠡᠯᠡᠬᠡᠢ | ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠳᠤᠮᠳᠠᠳᠤ ᠤᠯᠤᠰ ᠤᠨ ᠨᠠᠢᠮᠠᠨ | ᠵᠦᠢᠯ ᠤᠨ ᠠᠵᠢᠯᠯᠠᠭ᠎ᠠ ᠶᠢ ᠨᠡᠶᠢᠲᠡᠯᠡᠵᠦ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ | ᠴᠥᠬᠦᠷᠡᠰᠢ ᠦᠭᠡᠢ ᠴᠢᠷᠮᠠᠶᠢᠨ᠎ᠠ ᠭᠡᠵᠦ ᠴᠢᠬᠤᠯᠠᠴᠢᠯᠠᠪᠠ᠃ | ᠠᠯᠲᠠᠨ ᠨᠠᠮᠤᠷ ᠰᠢᠷᠭᠠᠯᠲᠤᠨ᠂ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠲᠢᠶᠠᠨ ᠠᠨ ᠮᠧᠨ ᠠᠭᠤᠳᠠᠮ ᠲᠠᠯᠠᠪᠠᠢ ᠳᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ ᠤᠯᠤᠰ ᠤᠳ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠭᠡᠷᠡᠯ ᠭᠢᠯᠪᠠᠭ᠎ᠠ ᠰᠠᠴᠤᠷᠠᠭᠤᠯᠤᠨ᠎ᠠ᠃ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠪᠣᠯᠣᠨ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ ᠤᠯᠤᠰ ᠤᠨ ᠬᠦᠨᠳᠦᠲᠦ ᠵᠣᠴᠢᠳ ᠬᠤᠶᠢᠨ᠎ᠠ ᠬᠤᠶᠢᠨ᠎ᠠ ᠠᠴᠠ ᠪᠠᠨ | ᠬᠦᠷᠦᠯᠴᠡᠨ ᠢᠷᠡᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠶᠡᠭᠡ ᠲᠢᠩᠬᠢᠮ ᠤᠨ ᠬᠤᠶᠠᠷ ᠬᠠᠵᠠᠭᠤ ᠶᠢᠨ ᠲᠣᠮᠣ | ᠳᠡᠯᠭᠡᠴᠡ ᠳᠡᠭᠡᠷ᠎ᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠤᠨ ᠭᠡᠷᠠᠯ ᠰᠠᠴᠤᠷᠠᠩᠭᠤᠢ ᠠᠷᠪᠠᠨ ᠵᠢᠯ ᠤᠨ ᠲᠤᠷᠰᠢᠬᠢ | ᠠᠰᠤᠷᠤ ᠶᠡᠭᠡ ᠠᠮᠵᠢᠯᠲᠠ ᠪᠦᠳᠦᠮᠵᠢ ᠳᠡᠯᠭᠡᠭᠳᠡᠨ᠎ᠡ᠃ | ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠪᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠭᠠᠳᠠᠭᠠᠳᠤ ᠶᠢᠨ | ᠤᠳᠤᠷᠢᠳᠬᠤ ᠬᠥᠮᠥᠰ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠬᠠᠯᠠᠭᠤᠨ ᠢᠶᠠᠷ ᠤᠭᠲᠤᠪᠠ᠃ | ᠲᠡᠷᠢᠭᠦᠯᠡᠭᠴᠢ ᠰᠢ ᠶᠢᠨ ᠫᠢᠩ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ | ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠰᠢ ᠶᠢᠨ ᠫᠢᠩ᠂ ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 | ᠵᠢᠯ ᠤᠨ ᠤᠢ ᠪᠣᠯᠣᠨ᠎ᠠ᠃ ᠡᠨᠡ ᠬᠦ ᠰᠠᠨᠠᠭᠠᠴᠢᠯᠠᠭ᠎ᠠ ᠶᠢ ᠳᠤᠷᠠᠳᠤᠭᠰᠠᠨ ᠤᠭ ᠰᠠᠨᠠᠭ᠎ᠠ ᠪᠣᠯ ᠡᠷᠲᠡᠨ ᠤ ᠲᠣᠷᠭᠠᠨ ᠵᠠᠮ ᠢᠶᠠᠷ ᠲᠣᠯᠢ ᠪᠤᠯᠭᠠᠵᠤ᠂ ᠬᠤᠯᠪᠣᠯᠳᠤᠨ | ᠨᠡᠪᠲᠡᠷᠡᠯᠴᠡᠬᠦ ᠪᠠᠷ ᠭᠤᠣᠯ ᠰᠢᠵᠢᠮ ᠪᠤᠯᠭᠠᠵᠤ᠂ ᠡᠯ᠎ᠡ ᠤᠯᠤᠰ ᠯᠤᠭ᠎ᠠ ᠲᠦᠷᠦ ᠶᠢᠨ ᠪᠣᠳᠣᠯᠭ᠎ᠠ ᠶᠢᠨ ᠨᠡᠪᠲᠡᠷᠡᠯᠴᠡᠭᠡ᠂ ᠰᠠᠭᠤᠷᠢ ᠲᠥᠬᠦᠭᠡᠷᠦᠮᠵᠢ ᠶᠢᠨ ᠨᠡᠪᠲᠡᠷᠡᠯᠴᠡᠭᠡ᠂ | ᠠᠷᠠᠯᠵᠢᠶ᠎ᠠ ᠬᠤᠳᠠᠯᠳᠤᠭᠠᠨ ᠤ ᠨᠡᠪᠲᠡᠷᠡᠯᠴᠡᠭᠡ᠂ ᠪᠡᠯᠡ ᠮᠥᠩᠭᠦᠨ ᠤ ᠨᠡᠪᠲᠡᠷᠡᠯᠴᠡᠭᠡ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠪᠠᠨ ᠴᠢᠩᠭᠠᠳᠬᠠᠵᠤ᠂ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠵᠦ᠂ ᠤᠯᠠᠨ | ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠰᠢᠨ᠎ᠡ ᠲᠠᠪᠴᠠᠩ ᠡᠭᠦᠳᠬᠦ ᠶᠠᠪᠤᠳᠠᠯ ᠪᠣᠯᠣᠨ᠎ᠠ᠃ | 10 ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ︽ᠨᠢᠭᠡ ᠪᠦᠰᠡ ᠨᠢᠭᠡ ᠵᠠᠮ︾ ᠤᠨ | ᠤᠯᠠᠨ ᠤᠯᠤᠰ ᠤᠨ ᠬᠠᠮᠲᠤᠷᠠᠯᠴᠠᠭ᠎ᠠ ᠶᠢᠨ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠥᠷᠨᠢᠨ ᠬᠥᠭᠵᠢᠵᠦ᠂ ᠦᠯᠡᠮᠵᠢ ᠦᠷ᠎ᠡ ᠪᠦᠲᠦᠭᠡᠯ ᠣᠯᠬᠤ ᠶᠢ | ᠠᠬᠢᠭᠤᠯᠪᠠ᠃ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭ᠎ᠠ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠠᠴᠠ ᠠᠹᠷᠢᠺᠠ ᠲᠢᠪ ᠪᠣᠯᠣᠨ ᠯᠠᠲ᠋ᠢᠨ ᠠᠮᠧᠷᠢᠺᠠ | ᠲᠢᠪ ᠭᠦᠷᠲᠡᠯ᠎ᠡ ᠥᠷᠭᠡᠵᠢᠵᠦ᠂ 150 ᠭᠠᠷᠤᠢ ᠤᠯᠤᠰ᠂ 30 ᠭᠠᠷᠤᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠲᠤᠰᠬᠠᠢ ᠮᠡᠷᠭᠡᠵᠢᠯ ᠤᠨ ᠬᠦᠷᠢᠶᠡᠨ ᠤ ᠤᠯᠠᠨ | ᠲᠠᠯᠠᠲᠤ ᠬᠠᠮᠲᠤᠷᠠᠯᠴᠠᠭᠠᠨ ᠤ 20 ᠭᠠᠷᠤᠢ ᠲᠠᠪᠴᠠᠩ ᠢ ᠪᠠᠶᠢᠭᠤᠯᠪᠠ︔ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠪᠣᠯᠣᠨ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ︽ᠪᠠᠭ᠎ᠠ ᠮᠥᠷᠲᠡᠭᠡᠨ ᠭᠤᠶᠢᠳᠠ︾ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠵᠠᠢ︔ | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ ᠨᠡᠭᠡᠭᠡᠯᠲᠡᠲᠤ ᠪᠣᠬᠢᠷᠳᠤᠯ ᠦᠭᠡᠢ ᠠᠷᠢᠭᠤᠨ ᠴᠢᠬᠡᠴᠢ᠂ ᠥᠨᠳᠥᠷ ᠪᠠᠷᠢᠮᠵᠢᠶ᠎ᠠ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠦᠷᠭᠦᠯᠵᠢᠯᠡᠬᠦ ᠴᠢᠨᠠᠷ ᠨᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢᠨ ᠴᠢᠬᠤᠯᠠ | ᠵᠢᠯᠤᠭᠤᠳᠬᠤ ᠵᠠᠷᠴᠢᠮ ᠪᠣᠯᠵᠠᠢ᠃ 10 ᠵᠢᠯ ᠤᠨ ᠲᠤᠷᠰᠢ᠂ ᠪᠢᠳᠡ ᠠᠵᠤ ᠠᠬᠤᠢ ᠶᠢᠨ ᠬᠤᠩᠭᠢᠯ ᠢᠶᠠᠷ ᠵᠢᠯᠣᠭᠤᠳᠤᠮᠵᠢ ᠪᠤᠯᠭᠠᠵᠤ᠂ ᠶᠡᠭᠡ ᠵᠠᠮ ᠪᠣᠯᠣᠨ ᠮᠡᠳᠡᠭᠡ | ᠵᠠᠩᠭᠢ ᠶᠢᠨ ᠲᠦᠷᠭᠡᠨ ᠤ ᠵᠠᠮ ᠢᠶᠠᠷ ᠠᠷᠤᠭ ᠶᠠᠰᠤ ᠪᠤᠯᠭᠠᠵᠤ᠂ ᠲᠡᠮᠦᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ᠂ ᠭᠠᠷᠠᠮ᠂ ᠬᠤᠭᠤᠯᠠᠢ ᠶᠢᠨ ᠲᠣᠣᠷ ᠢᠶᠠᠷ | ᠲᠤᠯᠭᠠᠭᠤᠷᠢᠯᠠᠯ ᠪᠤᠯᠭᠠᠵᠤ᠂ ᠡᠬᠡ ᠬᠠᠭᠤᠷᠠᠢ᠂ ᠳᠠᠯᠠᠢ ᠲᠠᠩᠭᠢᠰ᠂ ᠣᠭᠲᠠᠷᠭᠤᠢ᠂ ᠢᠨᠲ᠋ᠧᠷ ᠰᠦᠯᠵᠢᠶ᠎ᠡ ᠶᠢ ᠬᠠᠮᠤᠷᠤᠭᠰᠠᠨ ᠪᠦᠭᠦ ᠪᠥᠮᠪᠥᠷᠴᠡᠭ ᠤᠨ ᠬᠤᠯᠪᠣᠯᠳᠤᠨ | ᠨᠡᠪᠲᠡᠷᠡᠯᠴᠡᠬᠦ ᠲᠣᠣᠷ ᠢ ᠪᠠᠶᠢᠭᠤᠯᠬᠤ ᠪᠠᠷ ᠴᠢᠷᠮᠠᠶᠢᠵᠤ᠂ ᠡᠯ᠎ᠡ ᠤᠯᠤᠰ ᠤᠨ ᠲᠠᠸᠠᠷ᠂ ᠪᠡᠯᠡ ᠮᠥᠩᠭᠦ᠂ ᠮᠡᠷᠭᠡᠵᠢᠯ᠂ ᠬᠥᠮᠥᠰ ᠤᠨ ᠶᠡᠭᠡ ᠭᠦᠢᠯᠭᠡᠭᠡ ᠶᠢ ᠪᠦᠲᠦᠮᠵᠢᠲᠡᠢ | ᠠᠬᠢᠭᠤᠯᠵᠤ᠂ ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠤᠨ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠤᠯᠬᠤ ᠶᠢ | ᠠᠬᠢᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ | ᠪᠠᠷᠢᠮᠲᠠᠯᠠᠵᠤ᠂ ᠠᠳᠠᠯᠢ ᠪᠤᠰᠤ ᠪᠣᠯᠪᠠᠰᠤᠨ᠂ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠱᠠᠲᠤᠨ ᠤ ᠢᠯᠭᠠᠭ᠎ᠠ ᠶᠢ ᠲᠡᠪᠴᠢᠵᠦ᠂ ᠡᠯ᠎ᠡ ᠤᠯᠤᠰ ᠤᠨ | ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠣᠷᠣ ᠲᠥᠯᠥᠪ ᠢ ᠪᠠᠶᠢᠭᠤᠯᠵᠤ᠂ ᠬᠥᠮᠥᠨ ᠲᠥᠷᠥᠯᠬᠢᠲᠡᠨ ᠤ | ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠥᠪᠯᠡᠷᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠩᠭᠡᠷᠡᠭᠰᠡᠨ 10 ᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠲᠦᠢᠯ ᠤᠨ ᠡᠷᠬᠢᠮ ᠨᠠᠨᠳᠢᠨ ᠶᠤᠮ᠂ ᠲᠤᠷᠰᠢᠯᠭ᠎ᠠ ᠶᠢ | ᠳ᠋ᠦᠩᠨᠡᠭᠦᠰᠢᠲᠡᠢ᠃ ᠬᠥᠮᠥᠨ ᠲᠥᠷᠥᠯᠬᠢᠲᠡᠨ ᠪᠣᠯ ᠬᠠᠷᠢᠯᠴᠠᠨ ᠲᠦᠰᠢᠭᠯᠡᠯᠴᠡᠨ ᠣᠷᠣᠰᠢᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠪᠢᠳᠡ | ᠭᠦᠨᠵᠡᠭᠡᠢ ᠲᠠᠨᠢᠵᠠᠢ᠃ ᠳᠡᠯᠡᠬᠡᠢ ᠶᠢᠷᠲᠢᠨᠴᠦ ᠰᠠᠶᠢᠨ ᠪᠠᠶᠢᠪᠠᠯ ᠳᠤᠮᠳᠠᠳᠤ ᠤᠯᠤᠰ ᠰᠠᠶ᠋ᠢ ᠰᠠᠶᠢᠨ ᠪᠠᠶᠢᠵᠤ ᠴᠢᠳᠠᠨ᠎ᠠ︔ ᠳᠤᠮᠳᠠᠳᠤ ᠤᠯᠤᠰ ᠰᠠᠶᠢᠨ ᠪᠠᠶᠢᠪᠠᠯ ᠳᠡᠯᠡᠬᠡᠢ | ᠶᠢᠷᠲᠢᠨᠴᠦ ᠨᠡᠩ ᠰᠠᠶᠢᠨ ᠪᠣᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ᠂ ᠳᠤᠮᠳᠠᠳᠤ ᠤᠯᠤᠰ ᠤᠨ ᠭᠠᠳᠠᠭᠰᠢ | ᠨᠡᠭᠡᠭᠡᠯᠲᠡ ᠬᠢᠬᠦ ᠡᠭᠦᠳᠡ ᠤᠯᠠᠮ ᠶᠡᠭᠡ ᠨᠡᠭᠡᠭᠡᠭᠳᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠣᠯᠣᠨ ᠳᠡᠯᠡᠬᠡᠢ ᠶᠢᠨ ᠵᠠᠬ᠎ᠠ ᠳᠡᠯᠭᠡᠭᠦᠷ ᠤᠨ ᠬᠠᠷᠢᠯᠴᠠᠭ᠎ᠠ ᠤᠯᠠᠮ | ᠨᠢᠭᠲᠠ ᠪᠣᠯᠵᠠᠢ᠃ ᠭᠠᠭᠴᠠ ᠬᠦ ᠬᠠᠮᠲᠤᠷᠠᠯᠴᠠᠨ ᠬᠠᠮᠲᠤ ᠪᠠᠷ ᠠᠰᠢᠭ ᠭᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ ᠤᠴᠢᠷ ᠶᠠᠪᠤᠳᠠᠯ ᠢ ᠰᠠᠶᠢᠲᠤᠷ | ᠪᠦᠲᠦᠭᠡᠵᠦ᠂ ᠶᠡᠭᠡ ᠶᠠᠪᠤᠳᠠᠯ ᠢ ᠪᠦᠲᠦᠭᠡᠵᠦ ᠴᠢᠳᠠᠨ᠎ᠠ ᠭᠡᠳᠡᠭ ᠢ ᠪᠢᠳᠡ ᠭᠦᠨᠵᠡᠭᠡᠢ ᠲᠠᠨᠢᠵᠠᠢ᠃ ᠵᠦᠪᠭᠡᠨ ᠡᠯ᠎ᠡ ᠤᠯᠤᠰ ᠬᠠᠮᠲᠤᠷᠠᠯᠴᠠᠬᠤ ᠬᠦᠰᠡᠯ ᠲᠠᠢ᠂ | ᠵᠣᠬᠢᠴᠠᠩᠭᠤᠢ ᠬᠥᠳᠡᠯᠦᠯᠴᠡᠳᠡᠭ ᠯᠠ ᠶᠤᠮ ᠪᠣᠯ ᠪᠠᠶᠢᠭᠠᠯᠢ ᠶᠢᠨ ᠪᠠᠷᠳᠠᠭ᠎ᠠ ᠶᠢ ᠳᠠᠷᠳᠠᠩ ᠵᠠᠮ ᠪᠣᠯᠭᠠᠨ ᠬᠤᠪᠢᠷᠠᠭᠤᠯᠵᠤ ᠪᠣᠯᠣᠨ᠎ᠠ᠂ ︽ᠡᠬᠡ ᠬᠠᠭᠤᠷᠠᠢ ᠶᠢᠨ | ᠪᠢᠲᠡᠭᠦᠮᠵᠢᠲᠦ ᠤᠯᠤᠰ︾ ᠢ ︽ᠡᠬᠡ ᠬᠠᠭᠤᠷᠠᠢ ᠶᠢᠨ ᠵᠠᠮ ᠬᠠᠷᠢᠯᠴᠠᠭᠠᠨ ᠤ ᠬᠦᠢᠰᠦ ᠤᠯᠤᠰ︾ ᠪᠣᠯᠭᠠᠨ ᠬᠤᠪᠢᠷᠠᠭᠤᠯᠵᠤ ᠪᠣᠯᠣᠨ᠎ᠠ᠂ ᠬᠥᠭᠵᠢᠯᠲᠡ ᠶᠢᠨ ᠨᠥᠬᠦᠴᠡᠯ | ᠪᠠᠷᠤᠭᠲᠠᠢ ᠣᠷᠣᠨ ᠢ ᠬᠥᠭᠵᠢᠨ ᠴᠡᠴᠡᠭᠯᠡᠭᠰᠡᠨ ᠥᠨᠳᠦᠷᠯᠢᠭ ᠪᠣᠯᠭᠠᠨ ᠬᠤᠪᠢᠷᠠᠭᠤᠯᠵᠤ ᠪᠣᠯᠣᠨ᠎ᠠ᠃ ᠡᠶ᠎ᠡ ᠨᠠᠶᠢᠷᠲᠠᠢ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ | ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠪᠣᠯ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠬᠦᠴᠦᠨ ᠴᠢᠳᠠᠯ ᠤᠨ ᠡᠬᠢ ᠪᠤᠯᠠᠭ ᠮᠥᠨ ᠭᠡᠳᠡᠭ ᠢ ᠪᠢᠳᠡ | ᠭᠦᠨᠵᠡᠭᠡᠢ ᠲᠠᠨᠢᠵᠤ ᠣᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ ᠬᠠᠷᠢᠯᠴᠠᠨ | ᠬᠠᠪᠰᠤᠷᠤᠯᠴᠠᠵᠤ ᠲᠤᠰᠠᠯᠠᠯᠴᠠᠪᠠᠯ ᠬᠤᠯᠠ ᠠᠶᠠᠯᠠᠵᠤ ᠳᠡᠶᠢᠯᠦᠨ᠎ᠡ ᠭᠡᠳᠡᠭ ᠢ ᠴᠢᠬᠤᠯᠠᠴᠢᠯᠠᠵᠤ᠂ ᠥᠪᠡᠷ ᠢᠶᠠᠨ ᠰᠠᠶᠢᠨ ᠠᠮᠢᠳᠤᠷᠠᠬᠤ ᠮᠥᠷᠲᠡᠭᠡᠨ ᠪᠠᠰᠠ ᠪᠤᠰᠤᠳ ᠢ | ᠰᠠᠶᠢᠬᠠᠨ ᠠᠮᠢᠳᠤᠷᠠᠭᠤᠯᠬᠤ ᠶᠢ ᠡᠷᠬᠢᠮᠯᠡᠵᠦ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠶᠢ | ᠦᠢᠯᠡᠳᠦᠯᠭᠡᠵᠢᠭᠦᠯᠵᠦ᠂ ᠬᠠᠮᠲᠤ ᠪᠠᠷ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠰᠦᠪᠡᠭᠴᠢᠯᠡᠬᠦ ᠶᠤᠮ᠃ ᠦᠵᠡᠯ ᠤᠬᠠᠮᠰᠠᠷ ᠤᠨ ᠭᠡᠯᠪᠡᠷᠢ ᠶᠢᠨ | ᠡᠰᠡᠷᠭᠦᠴᠡᠯᠳᠦᠯ ᠢ ᠪᠤᠢ ᠪᠤᠯᠭᠠᠬᠤ ᠦᠭᠡᠢ᠂ ᠭᠠᠵᠠᠷ ᠣᠷᠣᠨ ᠤ ᠤᠯᠤᠰ ᠲᠦᠷᠦ ᠶᠢᠨ ᠦᠵᠡᠯᠴᠡᠭᠡᠨ ᠢ ᠶᠠᠪᠤᠭᠤᠯᠬᠤ ᠦᠭᠡᠢ᠂ ᠪᠦᠯᠦᠭᠯᠡᠯ ᠤᠨ ᠤᠯᠤᠰ ᠲᠦᠷᠦ ᠶᠢᠨ | ᠡᠰᠡᠷᠭᠦᠴᠡᠯᠳᠦᠯ ᠢ ᠴᠦ ᠡᠭᠦᠰᠬᠡᠬᠦ ᠦᠭᠡᠢ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠵᠦ᠂ | ᠪᠠᠰᠠ ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ ᠶᠢ ᠡᠰᠡᠷᠭᠦᠴᠡᠶ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ | ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠭᠡᠳᠡᠭ ᠢ 10 | ᠵᠢᠯ ᠤᠨ ᠲᠡᠦᠬᠡᠨ ᠶᠠᠪᠤᠴᠠ ᠭᠡᠷᠡᠴᠢᠯᠡᠪᠡ᠃ ᠪᠢᠳᠡ ᠡᠭᠡᠳᠡᠷᠡᠭᠡᠨ ᠪᠤᠳᠤᠯᠢᠶᠠᠨᠲᠠᠢ ᠶᠢᠷᠲᠢᠨᠴᠦ ᠳᠤ ᠠᠵᠢᠭ ᠴᠤ ᠦᠭᠡᠢ ᠤᠷᠤᠭᠰᠢᠯᠠᠬᠤ ᠲᠣᠭᠲᠠᠯ ᠬᠦᠴᠦᠨ ᠲᠠᠢ | ᠪᠠᠶᠢᠵᠤ᠂ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠠᠶᠤᠯ ᠲᠦᠭᠰᠢᠭᠦᠷᠢ | ᠪᠣᠯᠣᠨ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠦᠷ᠎ᠡ ᠬᠤᠶᠢᠴᠢᠰ ᠲᠠᠭᠠᠨ ᠡᠩᠬᠡ ᠲᠠᠶᠢᠪᠤᠩ᠂ ᠬᠥᠭᠵᠢᠯᠲᠡ ᠲᠠᠢ᠂ ᠬᠠᠮᠲᠤᠷᠠᠯᠴᠠᠵᠤ᠂ ᠬᠠᠮᠲᠤ ᠪᠠᠷ | ᠠᠰᠢᠭ ᠭᠥᠷᠳᠡᠭᠰᠡᠨ ᠰᠠᠶᠢᠨ ᠰᠠᠶᠢᠬᠠᠨ ᠢᠷᠡᠭᠡᠳᠦᠢ ᠶᠢ ᠪᠠᠶᠢᠭᠤᠯᠵᠤ ᠥᠭᠭᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠪᠢᠳᠠᠨ ᠤ ᠬᠥᠭᠡᠭᠡᠴᠡᠯᠳᠦᠵᠦ | ᠪᠠᠶᠢᠭ᠎ᠠ ᠨᠢ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ ᠬᠠᠷᠢᠨ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠤᠳ ᠲᠠᠢ ᠬᠠᠮᠲᠤ ᠪᠠᠷ ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠭ᠎ᠠ ᠶᠤᠮ᠃ ᠳᠡᠯᠡᠬᠡᠢ ᠶᠢᠨ ᠣᠳᠣᠬᠢᠴᠢᠯᠠᠯᠲᠠ ᠪᠣᠯ ᠡᠩᠬᠡ | ᠲᠠᠶᠢᠪᠤᠩ ᠢᠶᠠᠷ ᠬᠥᠭᠵᠢᠭᠰᠡᠨ ᠣᠳᠣᠬᠢᠴᠢᠯᠠᠯᠲᠠ᠂ ᠬᠠᠷᠢᠯᠴᠠᠨ ᠠᠰᠢᠭᠲᠠᠢ ᠬᠠᠮᠲᠤᠷᠠᠯᠴᠠᠭᠰᠠᠨ ᠣᠳᠣᠬᠢᠴᠢᠯᠠᠯᠲᠠ᠂ ᠬᠠᠮᠲᠤ ᠪᠠᠷ ᠴᠡᠴᠡᠭᠯᠡᠨ ᠬᠥᠭᠵᠢᠭᠰᠡᠨ | ᠣᠳᠣᠬᠢᠴᠢᠯᠠᠯᠲᠠ ᠪᠠᠶᠢᠬᠤ ᠶᠣᠰᠣᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠳᠤᠮᠳᠠᠳᠤ ᠤᠯᠤᠰ ᠤᠨ ᠨᠠᠢᠮᠠᠨ | ᠵᠦᠢᠯ ᠤᠨ ᠠᠵᠢᠯᠯᠠᠭ᠎ᠠ ᠶᠢ ᠨᠡᠶᠢᠲᠡᠯᠡᠪᠡ᠄ | ᠨᠢᠭᠡ᠂ ︽ᠨᠢᠭᠡ ᠪᠦᠰᠡ ᠨᠢᠭᠡ ᠵᠠᠮ︾ ᠤᠨ ᠪᠣᠰᠤᠭ᠎ᠠ ᠴᠣᠭᠴᠠᠲᠤ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠺᠠᠰᠫᠢ ᠲᠠᠩᠭᠢᠰ ᠢ ᠰᠤᠨᠳᠠᠯᠠᠭᠰᠠᠨ | ᠣᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠨ ᠲᠡᠮᠦᠷ ᠵᠠᠮ᠂ ᠵᠠᠰᠠᠮᠠᠯ ᠵᠠᠮ ᠤᠨ | ᠰᠢᠭᠤᠳ ᠬᠦᠷᠬᠦ ᠲᠡᠭᠡᠭᠡᠪᠦᠷᠢ ᠪᠠᠷ ᠲᠤᠯᠭᠠᠭᠤᠷᠢᠯᠠᠯ ᠪᠤᠯᠭᠠᠬᠰᠠᠨ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠪᠠᠷᠠᠭᠠᠨ ᠤ ᠭᠦᠢᠯᠭᠡᠭᠡ ᠶᠢᠨ ᠰᠢᠨ᠎ᠡ ᠵᠠᠮ ᠢ | ᠪᠠᠶᠢᠭᠤᠯᠤᠨ᠎ᠠ᠃ ︽ᠲᠣᠷᠭᠠᠨ ᠵᠠᠮ ᠤᠨ ᠳᠠᠯᠠᠢ ᠶᠢᠨ ᠲᠡᠭᠡᠭᠡᠪᠦᠷᠢ︾ ᠶᠢᠨ ᠭᠠᠷᠠᠮ ᠤᠨ ᠤᠰᠤᠨ ᠵᠠᠮ ᠤᠨ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠵᠤ᠂ ᠬᠠᠭᠤᠷᠠᠢ ᠳᠠᠯᠠᠢ ᠶᠢ ᠨᠡᠪᠲᠡᠷᠡᠭᠦᠯᠬᠦ ᠰᠢᠨ᠎ᠡ ᠵᠠᠮ᠂ ᠠᠭᠠᠷ ᠤᠨ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠬᠤᠶᠠᠷ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠲᠡᠮᠵᠢᠨ᠎ᠠ᠃ ᠳᠤᠮᠳᠠᠳᠤ ᠤᠯᠤᠰ ︽ᠲᠣᠷᠭᠠᠨ ᠵᠠᠮ ᠤᠨ ᠡᠯᠧᠺᠲᠷᠣᠨ | ᠬᠤᠳᠠᠯᠳᠤᠭ᠎ᠠ︾ ᠶᠢᠨ ᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ ᠡᠭᠦᠳᠦᠨ ᠪᠠᠶᠢᠭᠤᠯᠵᠤ᠂ ᠨᠡᠩ ᠤᠯᠠᠨ ᠤᠯᠤᠰ ᠲᠠᠢ ᠴᠢᠯᠦᠭᠡᠲᠦ ᠠᠷᠠᠯᠵᠢᠶᠠᠨ ᠤ | ᠬᠡᠯᠡᠯᠴᠡᠭᠡᠷ᠂ ᠪᠡᠯᠡ ᠣᠷᠣᠭᠤᠯᠤᠯᠲᠠ ᠶᠢ ᠬᠠᠮᠠᠭᠠᠯᠠᠬᠤ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ | ᠪᠡᠯᠡ ᠶᠢᠨ ᠣᠷᠣᠬᠤ ᠵᠥᠪᠰᠢᠶᠡᠷᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠣᠯᠠᠨ ᠤᠯᠤᠰ ᠤᠨ ᠥᠨᠳᠥᠷ | ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ | ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠲᠣᠭᠠᠴᠢᠯᠠᠭᠰᠠᠨ ᠦᠢᠯᠡᠳᠬᠦᠨ ᠵᠡᠷᠭᠡ ᠶᠢᠨ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠶᠢ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠲᠣᠭᠠᠴᠢᠯᠠᠭᠰᠠᠨ ᠠᠵᠤ ᠠᠬᠤᠢ᠂ ᠮᠡᠳᠡᠯᠭᠡ ᠶᠢᠨ ᠥᠮᠴᠢᠯᠡᠯ ᠤᠨ | ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠵᠢᠯ | ᠪᠦᠷᠢ ︽ᠪᠦᠭᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠭᠦᠯᠡᠩ︾ ᠢ ᠡᠷᠭᠢᠯᠡᠨ ᠶᠠᠪᠤᠭᠳᠠᠭᠤᠯᠤᠨ᠎ᠠ᠃ | ᠭᠤᠷᠪᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠤᠮᠳᠠᠳᠤ ᠤᠯᠤᠰ ᠪᠡᠯᠭᠡ ᠲᠡᠮᠳᠡᠭ ᠤᠨ ᠴᠢᠨᠠᠷᠲᠠᠢ | ᠢᠨᠵᠧᠨᠧᠷᠢᠩ ᠪᠣᠯᠣᠨ ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠳᠤᠮᠳᠠᠳᠤ ᠤᠯᠤᠰ ᠤᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠩᠬᠢ ᠠᠷᠠᠳ ᠤᠨ ᠵᠣᠭᠤᠰ ᠤᠨ ᠪᠡᠯᠡ ᠬᠤᠷᠠᠮᠳᠤᠭᠤᠯᠬᠤ ᠴᠣᠩᠬᠤᠪᠴᠢ ᠶᠢ ᠲᠣᠬᠢᠷᠠᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ ᠰᠢᠨ᠎ᠡ ᠪᠠᠷ ᠪᠡᠯᠡ ᠮᠥᠩᠭᠦ | ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠬᠤ ᠭᠡᠯᠪᠡᠷᠢ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ | ᠵᠦᠢᠯ ᠢ ᠳᠡᠮᠵᠢᠬᠦ ᠪᠠᠷ ᠪᠠᠶᠢᠨ᠎ᠠ᠃ ᠳᠤᠮᠳᠠᠳᠤ ᠤᠯᠤᠰ ᠪᠠᠰᠠ 1000 ᠪᠠᠭ᠎ᠠ ᠭᠡᠯᠪᠡᠷᠢ ᠶᠢᠨ ᠠᠷᠠᠳ ᠤᠨ ᠠᠮᠢᠳᠤᠷᠠᠯ ᠢ ᠲᠤᠰᠠᠯᠠᠬᠤ ᠲᠥᠷᠥᠯ ᠵᠦᠢᠯ ᠢ | ᠬᠡᠷᠡᠭᠵᠢᠭᠦᠯᠵᠦ᠂ ᠯᠦ ᠪᠠᠨ ᠤ ᠦᠢᠯᠡᠳᠬᠡᠯ ᠤᠨ ᠭᠠᠵᠠᠷ ᠵᠡᠷᠭᠡ ᠪᠠᠷ ᠳᠠᠮᠵᠢᠭᠤᠯᠤᠨ ᠳᠤᠮᠳᠠᠳᠤ ᠭᠠᠳᠠᠭᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠶᠢ ᠠᠬᠢᠭᠤᠯᠬᠤ ᠪᠥᠭᠡᠳ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠲᠥᠷᠥᠯ ᠵᠦᠢᠯ | ᠪᠣᠯᠣᠨ ᠠᠵᠢᠯᠲᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ | ᠳᠥᠷᠪᠡ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠪᠣᠬᠢᠷᠳᠤᠯ ᠦᠭᠡᠢ ᠰᠠᠭᠤᠷᠢ ᠪᠦᠲᠦᠭᠡᠨ ᠪᠠᠶᠢᠭᠤᠯᠤᠯᠲᠠ᠂ ᠪᠣᠬᠢᠷᠳᠤᠯ | ᠦᠭᠡᠢ ᠡᠨᠧᠷᠭᠢ᠂ ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ | ᠵᠠᠮ︾ ᠤᠨ ᠪᠣᠬᠢᠷᠳᠤᠯ ᠦᠭᠡᠢ ᠬᠥᠭᠵᠢᠯᠲᠡ ᠶᠢᠨ ᠣᠯᠠᠨ ᠤᠯᠤᠰ ᠤᠨ ᠬᠤᠯᠪᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠨᠢᠭᠡ ᠪᠦᠰᠡ ᠨᠢᠭᠡ ᠵᠠᠮ︾ | ᠤᠨ ᠪᠣᠬᠢᠷᠳᠤᠯ ᠦᠭᠡᠢ ᠰᠢᠨ᠎ᠡ ᠶᠢ ᠡᠭᠦᠳᠬᠦ ᠶᠡᠭᠡ ᠬᠤᠷᠠᠯ ᠢ ᠦᠷᠭᠦᠯᠵᠢᠯᠡᠨ ᠡᠷᠭᠢᠯᠡᠵᠦ᠂ ᠭᠡᠷᠡᠯᠴᠢ ᠴᠡᠨᠡᠭ ᠤᠨ ᠠᠵᠤ ᠦᠢᠯᠡᠰ ᠤᠨ ᠶᠠᠷᠢᠯᠴᠠᠭ᠎ᠠ ᠰᠣᠯᠢᠯᠴᠠᠭᠠᠨ ᠤ | ᠲᠣᠭᠲᠠᠴᠠ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠶᠢᠨ ᠲᠤᠰᠬᠠᠢ ᠮᠡᠷᠭᠡᠵᠢᠯᠲᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ︽ᠨᠢᠭᠡ ᠪᠦᠰᠡ ᠨᠢᠭᠡ | ᠵᠠᠮ︾ ᠤᠨ ᠪᠣᠬᠢᠷᠳᠤᠯ ᠦᠭᠡᠢ ᠪᠡᠯᠡ ᠣᠷᠣᠭᠤᠯᠤᠯᠲᠠ ᠶᠢᠨ ᠵᠠᠷᠴᠢᠮ ᠢ ᠨᠠᠶᠢᠳᠠᠪᠤᠷᠢᠵᠢᠭᠤᠯᠵᠤ᠂ 2030 ᠣᠨ ᠪᠤᠯᠬᠤ ᠳᠤ ᠬᠠᠨᠢᠲᠠᠨ ᠤᠯᠤᠰ ᠲᠤ 10 ᠲᠦᠮᠡᠨ | ᠬᠥᠮᠥᠨ ᠤᠳᠠᠭ᠎ᠠ ᠶᠢ ᠪᠤᠯᠪᠠᠰᠤᠷᠠᠭᠤᠯᠵᠤ ᠥᠭᠭᠦᠨ᠎ᠡ᠃ | ᠲᠠᠪᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠤᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠠᠩᠬᠠᠳᠤᠭᠠᠷ ᠬᠤᠭᠤᠴᠠᠭᠠᠨ ᠤ | ︽ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭᠠᠨ ᠤ ᠶᠡᠭᠡ ᠬᠤᠷᠠᠯ ᠢ ᠡᠷᠭᠢᠯᠡᠨ᠂ ᠢᠷᠡᠬᠦ 5 ᠵᠢᠯ ᠳᠤ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ᠪᠠᠶᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 100 ᠪᠤᠯᠳᠠᠯ᠎ᠠ ᠨᠡᠮᠡᠭᠳᠡᠭᠦᠯᠵᠦ᠂ ᠡᠯ᠎ᠡ ᠤᠯᠤᠰ ᠤᠨ ᠵᠠᠯᠠᠭᠤ | ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠢᠷᠡᠵᠦ ᠣᠬᠤᠷ ᠬᠤᠭᠤᠴᠠᠭ᠎ᠠ ᠪᠠᠷ ᠠᠵᠢᠯᠯᠠᠬᠤ ᠶᠢ ᠳᠡᠮᠵᠢᠨ᠎ᠡ᠃ ᠳᠤᠮᠳᠠᠳᠤ ᠤᠯᠤᠰ ᠲᠤᠰ ᠬᠤᠭᠤᠴᠠᠭᠠᠨ ᠤ | ᠶᠠᠷᠢᠶᠠᠨ ᠤ ᠲᠠᠪᠴᠠᠩ ᠳᠡᠭᠡᠷ᠎ᠡ ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ᠶᠢ ᠳᠤᠷᠠᠳᠴᠤ᠂ ᠳᠤᠷᠠᠲᠠᠶ᠎ᠠ ᠡᠯ᠎ᠡ | ᠤᠯᠤᠰ ᠯᠤᠭ᠎ᠠ ᠰᠣᠯᠢᠯᠴᠠᠭ᠎ᠠ ᠪᠠ ᠶᠠᠷᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ | ᠳᠢᠭᠯᠢᠮ ᠲᠠᠢ ᠠᠮᠤᠷ ᠲᠦᠪᠰᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ | ᠵᠢᠷᠭᠤᠭ᠎ᠠ᠂ ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢ ᠲᠡᠮᠵᠢᠨ᠎ᠡ᠃ ᠳᠤᠮᠳᠠᠳᠤ ᠤᠯᠤᠰ ︽ᠯᠢᠶᠠᠩ ᠵᠦ ᠶᠢᠨ ᠶᠠᠷᠢᠶᠠᠨ ᠤ ᠲᠠᠪᠴᠠᠩ︾ ᠢ ᠡᠷᠭᠢᠯᠡᠵᠦ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠪᠣᠯᠪᠠᠰᠤᠨ ᠤ ᠶᠠᠷᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠲᠣᠷᠭᠠᠨ | ᠵᠠᠮ ᠤᠨ ᠣᠯᠠᠨ ᠤᠯᠤᠰ ᠤᠨ ᠲᠢᠶᠠᠳ᠋ᠷ᠂ ᠤᠷᠠᠯᠢᠭ ᠤᠨ ᠨᠠᠶᠢᠷ᠂ ᠮᠦᠽᠧᠢ᠂ ᠤᠷᠠᠨ ᠵᠢᠷᠤᠭ ᠤᠨ ᠣᠷᠳᠣᠨ᠂ ᠨᠣᠮ ᠤᠨ ᠰᠠᠩ ᠤᠨ ᠬᠤᠯᠪᠤᠭ᠎ᠠ ᠶᠢ ᠪᠠᠶᠢᠭᠤᠯᠤᠭᠰᠠᠨ | ᠰᠠᠭᠤᠷᠢᠨ ᠳᠡᠭᠡᠷ᠎ᠡ ᠲᠣᠷᠭᠠᠨ ᠵᠠᠮ ᠤᠨ ᠵᠢᠭᠤᠯᠴᠢᠯᠠᠯ ᠤᠨ ᠬᠤᠲᠠ ᠶᠢᠨ ᠬᠤᠯᠪᠤᠭ᠎ᠠ ᠶᠢ ᠪᠠᠶᠢᠭᠤᠯᠤᠨ᠎ᠠ᠃ ︽ᠲᠣᠷᠭᠠᠨ ᠵᠠᠮ︾ ᠳᠤᠮᠳᠠᠳᠤ ᠤᠯᠤᠰ ᠤᠨ ᠵᠠᠰᠠᠭ ᠤᠨ | ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ᠳᠣᠯᠤᠭ᠎ᠠ᠂ ᠠᠷᠢᠭᠤᠨ ᠴᠢᠬᠡᠴᠢ ᠵᠠᠮ ᠢ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤᠷᠠᠨ ︽︿ᠨᠢᠭᠡ ᠪᠦᠰᠡ | ᠨᠢᠭᠡ ᠵᠠᠮ﹀ ᠤᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠪᠣᠯᠣᠨ ᠪᠠᠷᠠᠯᠠᠯ︾ ᠢ ᠨᠡᠶᠢᠲᠡᠯᠡᠵᠦ᠂ ︽︿ᠨᠢᠭᠡ ᠪᠦᠰᠡ ᠨᠢᠭᠡ ᠵᠠᠮ﹀ ᠤᠨ | ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠳᠡᠭᠡᠳᠦ ᠲᠡᠰ ᠤᠨ ᠵᠠᠷᠴᠢᠮ︾ ᠢ ᠲᠣᠭᠲᠠᠭᠠᠵᠤ᠂ ︽ᠨᠢᠭᠡ ᠪᠦᠰᠡ ᠨᠢᠭᠡ ᠵᠠᠮ︾ ᠤᠨ ᠠᠵᠤ ᠠᠬᠤᠶᠢᠯᠠᠯ ᠤᠨ | ᠠᠷᠢᠭᠤᠨ ᠴᠢᠬᠡᠴᠢ ᠳᠦᠷᠢᠮ ᠲᠣᠭᠲᠠᠭᠠᠯ ᠳᠤ ᠨᠡᠶᠢᠴᠡᠭᠰᠡᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ | ᠬᠠᠮᠲᠤᠷᠠᠨ ︽ᠨᠢᠭᠡ ᠪᠦᠰᠡ ᠨᠢᠭᠡ ᠵᠠᠮ︾ ᠤᠨ ᠠᠷᠢᠭᠤᠨ ᠴᠢᠬᠡᠴᠢ ᠶᠢᠨ ᠰᠤᠳᠤᠯᠭᠠᠨ ᠪᠠ ᠪᠣᠯᠪᠠᠰᠤᠷᠠᠯ ᠢ ᠥᠷᠨᠢᠭᠦᠯᠦᠨ᠎ᠡ᠃ | ᠨᠠᠢᠮᠠ᠂ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠡᠯ᠎ᠡ ᠤᠯᠤᠰ ᠯᠤᠭ᠎ᠠ ᠡᠨᠧᠷᠭᠢ᠂ ᠭᠠᠶᠢᠯᠢ᠂ ᠮᠥᠩᠭᠦᠨ ᠭᠦᠢᠯᠭᠡᠭᠡ᠂ ᠪᠣᠬᠢᠷᠳᠤᠯ ᠦᠭᠡᠢ ᠬᠥᠭᠵᠢᠯᠲᠡ᠂ | ᠭᠠᠮᠰᠢᠭ ᠢ ᠪᠠᠭᠠᠰᠬᠠᠬᠤ᠂ ᠢᠯᠵᠢᠷᠡᠯ ᠢ ᠡᠰᠡᠷᠭᠦᠴᠡᠬᠦ᠂ ᠤᠶᠤᠨ ᠤ ᠬᠥᠮᠥᠷᠭᠡ᠂ ᠵᠠᠭᠤᠴᠢᠯᠠᠭᠤᠷ᠂ ᠰᠣᠶᠣᠯ ᠵᠡᠷᠭᠡ ᠬᠦᠷᠢᠶᠡᠨ ᠳᠠᠬᠢ ᠤᠯᠠᠨ ᠲᠠᠯ᠎ᠠ ᠶᠢᠨ | ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠢ ᠦᠷᠭᠦᠯᠵᠢᠯᠡᠨ ᠡᠷᠭᠢᠯᠡᠭᠦ ᠶᠢᠨ ᠬᠠᠮᠲᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠤᠨ ᠨᠠᠷᠢᠨ ᠪᠢᠴᠢᠭ ᠤᠨ | ᠭᠠᠵᠠᠷ ᠢ ᠪᠠᠶᠢᠭᠤᠯᠤᠨ᠎ᠠ᠃ | ᠰᠢ ᠶᠢᠨ ᠫᠢᠩ ᠬᠠᠮᠤᠭ ᠤᠨ ᠰᠡᠭᠦᠯ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ | ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ ᠪᠢᠳᠡ ᠠᠷᠠᠳ ᠲᠦᠮᠡᠨ ᠤ ᠬᠦᠰᠡᠯ ᠡᠷᠡᠮᠡᠯᠵᠡᠯ ᠢ ᠪᠠᠲᠤ | ᠴᠡᠭᠡᠵᠢᠯᠡᠵᠦ᠂ ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠠᠭ ᠦᠶ᠎ᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ ᠂ ︽ ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠪᠦᠬᠦᠢ ᠰᠢᠨ᠎ᠡ | ᠬᠥᠭᠵᠢᠯᠲᠡ ᠶᠢ ᠤᠭᠲᠤᠵᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ | ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︕ ᠭᠡᠵᠦ ᠵᠢᠭᠠᠵᠤ ᠭᠠᠷᠭᠠᠪᠠ᠃ | | | | | 10 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠵᠦ᠂ ᠬᠠᠮᠲᠤ ᠪᠠᠷ ᠬᠥᠭᠵᠢᠭᠰᠡᠨ ᠳᠡᠯᠡᠬᠡᠢ | ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ᠵᠢᠷᠤᠭ ᠪᠣᠯ᠂ ᠬᠤᠷᠠᠯ ᠠᠴᠠ ᠡᠮᠦᠨ᠎ᠡ᠂ ᠰᠢ ᠶᠢᠨ | ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ | ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ ᠤᠯᠤᠰ ᠤᠨ ᠬᠦᠨᠳᠦᠲᠦ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠠᠷᠭᠧᠨ᠋ᠲ᠋ᠢᠨ ᠤ ᠶᠡᠷᠦᠩᠬᠡᠶᠢᠯᠡᠭᠴᠢ ᠹᠤᠶᠢᠷᠨᠠᠨᠳᠧᠰ᠂ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ ᠪᠦᠭᠦᠳᠡ ᠨᠠᠶᠢᠷᠠᠮᠳᠠᠬᠤ ᠺᠣᠩᠭᠣ᠋ ᠤᠯᠤᠰ ᠤᠨ | ᠶᠡᠷᠦᠩᠬᠡᠶᠢᠯᠡᠭᠴᠢ ᠰᠠᠰᠦ᠋᠂ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠥᠤᠤᠺᠧ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ᠂ ᠺᠧᠨᠢᠶᠠ ᠶᠢᠨ ᠶᠡᠷᠦᠩᠬᠡᠶᠢᠯᠡᠭᠴᠢ | ᠷᠦᠲ᠋ᠤ᠋᠂ ᠯᠠᠤᠰ ᠤᠨ ᠤᠯᠤᠰ ᠤᠨ ᠲᠡᠷᠢᠭᠦᠯᠡᠭᠴᠢ ᠲᠦᠩᠯᠥ᠋ᠨ᠂ ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ᠂ | ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ᠂ ᠰᠷᠢ ᠯᠠᠨᠺᠠ ᠶᠢᠨ ᠶᠡᠷᠦᠩᠬᠡᠶᠢᠯᠡᠭᠴᠢ ᠸᠢᠺᠷᠧᠮᠧᠰᠢᠩᠾᠧ᠂ ᠲᠦᠷᠺᠮᠧᠨ᠋ᠰᠲ᠋ᠠᠠ ᠤ ᠦᠨᠳᠦᠰᠦᠲᠡᠨ ᠤ ᠤᠳᠤᠷᠢᠳᠤᠭᠴᠢ᠂ | ᠠᠷᠠᠳ ᠤᠨ ᠬᠤᠷᠢᠶ᠎ᠠ ᠶᠢᠨ ᠲᠡᠷᠢᠭᠦᠯᠡᠭᠴᠢ ᠪᠢᠷᠳᠢᠮᠥ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ | ᠦ᠋ ᠸᠧᠨ ᠱᠠᠩ᠂ ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ᠂ ᠶᠧᠵᠢᠫᠲ ᠤᠨ ᠶᠡᠷᠦᠩᠬᠡᠢ ᠰᠠᠶᠢᠳ ᠮᠠᠳᠧᠪᠦ᠋ᠯᠢ᠂ ᠧᠽᠢᠦᠫᠢᠶᠠ ᠶᠢᠨ ᠶᠡᠷᠦᠩᠬᠡᠢ ᠰᠠᠶᠢᠳ ᠠᠪᠢ᠂ | ᠬᠠᠩᠭᠠᠷᠢ ᠶᠢᠨ ᠶᠡᠷᠦᠩᠬᠡᠢ ᠰᠠᠶᠢᠳ ᠡᠸᠦᠷᠪᠠᠨ᠂ ᠮᠣᠽᠠᠮᠪᠢᠺ ᠤᠨ ᠶᠡᠷᠦᠩᠬᠡᠢ ᠰᠠᠶᠢᠳ ᠮᠠᠯᠠᠶᠢᠶᠠᠨᠧ᠂ ᠫᠠᠺᠢᠰᠲ᠋ᠠᠨ ᠤ ᠶᠡᠷᠦᠩᠬᠡᠢ ᠰᠠᠶᠢᠳ ᠺᠠᠺᠠᠯ᠂ ᠫᠠᠫᠦ᠋ᠶᠠ ᠰᠢᠨ᠎ᠡ | ᠭᠢᠨᠤᠶᠠ ᠶᠢᠨ ᠶᠡᠷᠦᠩᠬᠡᠢ ᠰᠠᠶᠢᠳ ᠮᠠᠯᠠᠫᠸᠢ᠂ ᠲᠠᠢ ᠤᠯᠤᠰ ᠤᠨ ᠶᠡᠷᠦᠩᠬᠡᠢ ᠰᠠᠶᠢᠳ ᠰᠠᠶᠢᠲ᠋ᠠ᠂ ᠨᠢᠭᠧᠷᠢᠶ᠎ᠠ ᠶᠢᠨ ᠳᠡᠳ᠋ ᠶᠡᠷᠦᠩᠬᠡᠶᠢᠯᠡᠭᠴᠢ ᠰᠢᠶᠧᠳᠢᠮᠠ᠂ ᠠᠷᠠᠪ ᠤᠨ | ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠶᠢᠨ ᠣᠨᠴᠠ ᠲᠥᠯᠥᠭᠡᠯᠡᠭᠴᠢ᠂ ᠬᠠᠶᠢᠮᠠ ᠬᠤᠱᠣᠣ ᠠᠬᠠᠮᠠᠳ ᠤᠯᠤᠰ ᠤᠨ ᠠᠬᠠᠯᠠᠭᠴᠢ ᠺᠠᠰᠢᠮᠢ᠂ | ᠹᠷᠠᠨᠼᠢ ᠶᠢᠨ ᠶᠡᠷᠦᠩᠬᠡᠶᠢᠯᠡᠭᠴᠢ ᠶᠢᠨ ᠲᠤᠰᠬᠠᠢ ᠲᠥᠯᠥᠭᠡᠯᠡᠭᠴᠢ᠂ ᠤᠤᠯ ᠤᠨ ᠶᠡᠷᠦᠩᠬᠡᠢ ᠰᠠᠶᠢᠳ ᠯᠠᠹᠠᠯᠠᠨ᠂ ᠭᠷᠧᠭ ᠤᠨ ᠶᠡᠷᠦᠩᠬᠡᠢ ᠰᠠᠶᠢᠳ ᠤᠨ ᠳᠡᠭᠡᠳᠦ ᠵᠡᠷᠭᠡ ᠶᠢᠨ | ᠲᠥᠯᠥᠭᠡᠯᠡᠭᠴᠢ᠂ ᠬᠥᠭᠵᠢᠭᠦᠯᠦᠯᠲᠡ ᠶᠢᠨ ᠶᠠᠮᠤᠨ ᠤ ᠰᠠᠶᠢᠳ ᠰᠺᠧᠯᠸᠢᠢᠺᠠᠰ ᠵᠡᠷᠭᠡ 20 ᠭᠠᠷᠤᠢ ᠤᠯᠤᠰ ᠤᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ | ᠲᠦᠷᠦᠭᠦᠴᠦᠳ᠂ ᠳᠡᠭᠡᠳᠦ ᠲᠡᠰ ᠤᠨ ᠲᠥᠯᠥᠭᠡᠯᠡᠭᠴᠢ ᠵᠢᠴᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | ᠫᠦᠲ᠋ᠢᠨ᠂ ᠲᠦᠸᠧᠺᠠᠶᠧᠹ᠂ ᠽᠦᠤᠤᠺᠧ᠂ ᠹᠧᠷᠨᠠᠨᠳᠧᠰ᠂ ᠠᠪᠢ᠂ ᠭᠦᠲ᠋ᠧᠯᠦ᠋ᠢᠰ ᠪᠠᠰᠠ ᠡᠭᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ | ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠼᠠᠢ ᠴᠢ᠂ ᠸᠠᠩ ᠢ᠂ ᠶᠢᠨ ᠯᠢ᠂ ᠾᠧ ᠯᠢ ᠹᠧᠩ᠂ ᠸᠠᠩ ᠰᠢᠶᠣᠣ ᠬᠤᠩ ᠨᠠᠷ ᠣᠷᠣᠯᠴᠠᠵᠠᠢ᠃ | | |