ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠭᠢᠯᠭᠠᠨ ᠮᠡᠳᠡᠭᠡ 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ | ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ | ᠰᠢ᠂ ᠬᠠᠨ ᠵᠧᠩ ᠣᠷᠣᠯᠴᠠᠪᠠ᠃ | | | | | | 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ | ᠪᠣᠯ ᠰᠢ ᠶᠢᠨ ᠫᠢᠩ ᠪᠣᠯᠣᠨ ᠫᠧᠩ ᠯᠢ ᠶᠤᠸᠠᠨ ᠤᠯᠠᠨ ᠤᠯᠤᠰ ᠤᠨ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠠᠯᠳᠠᠨ ᠨᠠᠮᠤᠷ ᠪᠡᠭᠡᠵᠢᠩ ᠬᠤᠳᠠ ᠶᠢᠨ ᠦᠳᠡᠰᠢ ᠶᠢᠨ ᠨᠡᠷᠡᠨ ᠵᠢᠷᠤᠭ ᠮᠡᠲᠦ᠂ ᠲᠢᠶᠠᠨ ᠠᠨ ᠮᠧᠨ ᠲᠠᠯᠠᠪᠠᠢ ᠳᠤ ᠥᠩᠭᠡᠲᠦ ᠳ᠋ᠧᠩ ᠢ ᠭᠡᠷᠡᠯᠳᠦᠭᠦᠯᠵᠤ᠂ | ᠠᠷᠠᠳ ᠤᠨ ᠶᠡᠭᠡ ᠬᠤᠷᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠡᠷᠡᠯ ᠳᠤᠸᠠᠯᠠᠵᠤ ᠪᠠᠶᠢᠯ᠎ᠠ᠃ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠣᠯᠠᠨ ᠤᠯᠤᠰ ᠤᠨ ᠬᠦᠨᠳᠦᠲᠦ ᠵᠣᠴᠢᠳ ᠵᠢᠴᠢ ᠲᠡᠳᠡᠨ ᠤ ᠬᠠᠨᠢ ᠨᠥᠬᠦᠷ ᠬᠤᠶᠢᠨ᠎ᠠ | ᠬᠤᠶᠢᠨ᠎ᠠ ᠠᠴᠠ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠴᠦ ᠢᠷᠡᠪᠡ᠃ ᠶᠣᠰᠣᠯᠠᠯ ᠤᠨ ᠴᠡᠷᠢᠭ ᠵᠢᠭᠰᠠᠵᠤ ᠶᠣᠰᠣᠯᠠᠪᠠ᠃ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ 150 ᠭᠠᠷᠤᠢ ᠤᠯᠤᠰ ᠤᠨ ᠤᠯᠤᠰ ᠤᠨ ᠲᠤᠭ ᠪᠣᠯᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠲᠤᠭ ᠢ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠲᠡᠷᠢ ᠲᠡᠭᠰᠢ ᠮᠥᠷᠯᠡᠭᠦᠯᠦᠨ ᠪᠠᠶᠢᠷᠢᠯᠠᠭᠤᠯᠤᠭᠰᠠᠨ ᠨᠢ ᠰᠦᠷᠯᠢᠭ ᠦᠵᠡᠮᠵᠢᠲᠡᠢ ᠬᠠᠷᠠᠭᠳᠠᠨ᠎ᠠ᠃ | ᠰᠢ ᠶᠢᠨ ᠫᠢᠩ ᠪᠣᠯᠣᠨ ᠫᠧᠩ ᠯᠢ ᠶᠤᠸᠠᠨ ᠭᠠᠳᠠᠭᠠᠳᠤ ᠶᠢᠨ ᠤᠳᠤᠷᠢᠳᠬᠤ ᠬᠥᠮᠥᠰ ᠪᠠ ᠲᠡᠳᠡᠨ ᠤ ᠬᠠᠨᠢ ᠨᠥᠬᠦᠷ ᠢ ᠬᠠᠯᠠᠭᠤᠨ ᠢᠶᠠᠷ ᠤᠭᠲᠤᠵᠤ᠂ | ᠲᠡᠳᠡᠨ ᠲᠠᠢ ᠨᠢᠭᠡᠳ ᠨᠢᠭᠡ ᠪᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ᠠᠯᠳᠠᠨ ᠰᠢᠷᠭᠠᠯ ᠶᠡᠭᠡ | ᠲᠢᠩᠬᠢᠮ ᠳᠤ ᠠᠯᠬᠤᠨ ᠣᠷᠣᠪᠠ᠃ | ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ | ᠡᠮᠦᠨ᠎ᠡ ᠠᠴᠠ ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | | | | | 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ | ᠪᠣᠯ᠂ ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ | ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ | ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ︽ᠬᠠᠪᠤᠷ ᠴᠡᠴᠡᠭᠯᠡᠵᠦ ᠨᠠᠮᠤᠷ ᠵᠢᠮᠢᠰᠯᠡᠨ᠎ᠡ︾᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠳᠤᠮᠳᠠᠳᠤ ᠤᠯᠤᠰ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ ᠡᠶ᠎ᠡ ᠨᠠᠶᠢᠷᠲᠠᠢ | ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠲᠤ ᠪᠠᠷ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠳᠤ ᠬᠦᠴᠦᠨ ᠴᠢᠳᠠᠯ ᠢᠶᠠᠨ | ᠡᠷᠭᠦᠵᠦ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠥᠳᠡᠯᠭᠡᠬᠦ | ᠬᠦᠴᠦᠨ ᠨᠡᠮᠡᠷᠢᠯᠡᠪᠡ᠃ ᠪᠢᠳᠡ ᠬᠡᠳᠦᠨ ᠮᠢᠩᠭᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠵᠦ᠂ ᠦᠨᠡᠨ ᠪᠣᠳᠠᠲᠠᠢ᠂ ᠦᠯᠡᠮᠵᠢ | ᠶᠡᠭᠡ ᠦᠷ᠎ᠡ ᠪᠦᠲᠦᠭᠡᠯ ᠣᠯᠵᠤ᠂ ᠳᠡᠯᠡᠬᠡᠢ ᠳ᠋ᠠᠬᠢᠨ ᠢ ᠬᠤᠯᠪᠣᠭᠰᠠᠨ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠰᠦᠷᠯᠢᠭ ᠦᠵᠡᠮᠵᠢᠲᠦ ᠬᠠᠭᠤᠳᠠᠰᠤ ᠶᠢ | ᠬᠠᠮᠲᠤ ᠪᠠᠷ ᠵᠢᠷᠤᠭᠯᠠᠪᠠ᠃ ᠡᠳᠡᠭᠡᠷ ᠠᠮᠵᠢᠯᠲᠠ ᠶᠢ ᠡᠯ᠎ᠡ ᠤᠯᠤᠰ ᠤᠨ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠠᠷᠠᠳ ᠲᠦᠮᠡᠨ ᠠᠵᠢᠯᠴᠢ ᠭᠦᠳᠡᠯᠮᠦᠷᠢᠴᠢ | ᠵᠠᠩ ᠴᠢᠨᠠᠷ᠂ ᠤᠶᠤᠨ ᠤᠬᠠᠭᠠᠨ᠂ ᠰᠥᠰᠥ ᠵᠣᠷᠢᠭ ᠢᠶᠠᠷ ᠢᠶᠠᠨ ᠬᠢᠵᠦ ᠪᠦᠲᠦᠭᠡᠭᠰᠡᠨ ᠶᠤᠮ︕ ᠪᠢᠳᠠ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ | ᠪᠠᠶᠢᠭᠤᠯᠤᠯᠲᠠ ᠶᠢᠨ ᠪᠦᠭᠦ ᠣᠷᠣᠯᠴᠠᠭᠴᠢ᠂ ᠪᠦᠲᠦᠭᠡᠨ ᠪᠠᠶᠢᠭᠤᠯᠤᠭᠴᠢ ᠳᠤ ᠬᠦᠨᠳᠦᠳᠬᠡᠯ ᠳᠡᠪᠰᠢᠭᠦᠯᠦᠶ᠎ᠡ︕ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠶᠢ ᠬᠥᠭᠡᠭᠡᠴᠡᠯᠳᠦᠵᠦ᠂ ᠬᠠᠮᠲᠤ ᠪᠠᠷ ᠠᠰᠢᠭ | ᠭᠦᠷᠳᠡᠭᠦ ᠶᠢ ᠡᠷᠬᠢᠮᠯᠡᠵᠦ᠂ ᠬᠦᠰᠡᠯ ᠡᠷᠡᠮᠡᠯᠵᠡᠯ ᠢ ᠳᠠᠮᠵᠢᠭᠤᠯᠪᠠ᠃ ᠭᠠᠭᠴᠠ ᠬᠦ ᠬᠦᠴᠦᠷᠬᠡᠭᠵᠢᠬᠦ ᠪᠠᠷ ᠰᠢᠨᠲᠠᠷᠠᠰᠢ ᠦᠭᠡᠢ ᠴᠢᠷᠮᠠᠶᠢᠵᠤ᠂ ᠴᠥᠬᠦᠷᠡᠰᠢ ᠦᠭᠡᠢ | ᠲᠡᠮᠡᠴᠡᠪᠡᠯ ᠰᠠᠶ᠋ᠢ ᠶᠡᠭᠡ ᠠᠮᠵᠢᠯᠲᠠ ᠪᠦᠲᠦᠮᠵᠢ ᠣᠯᠵᠤ᠂ ᠰᠠᠶ᠋ᠢ ᠮᠢᠩᠭᠠᠨ ᠭᠠᠯᠪᠠ ᠳᠤ ᠠᠰᠢᠭ ᠬᠦᠷᠲᠡᠭᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠥᠨᠢᠳᠡ ᠶᠢᠨ | ᠭᠠᠪᠢᠶ᠎ᠠ ᠶᠢ ᠪᠠᠶᠢᠭᠤᠯᠵᠤ ᠴᠢᠳᠠᠨ᠎ᠠ᠃ ᠡᠨᠡ ᠪᠣᠯ ᠮᠠᠨ ᠤ ᠡᠨᠡ ᠦᠶ᠎ᠡ ᠶᠢᠨ ᠤᠯᠤᠰ ᠲᠥᠷᠥᠴᠢᠳ ᠤᠨ ᠣᠳᠣ ᠦᠶ᠎ᠡ ᠶᠢᠨ ᠬᠥᠮᠥᠰ ᠪᠠ ᠬᠤᠶᠢᠴᠢ ᠦᠶ᠎ᠡ ᠶᠢᠨ | ᠬᠥᠮᠥᠰ ᠲᠤ ᠬᠠᠷᠢᠭᠤᠴᠠᠬᠤ ᠬᠠᠷᠢᠭᠤᠴᠠᠯᠭ᠎ᠠ ᠮᠥᠨ᠃ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠠᠩᠬᠠᠨ ᠤ | ᠬᠤᠭᠤᠴᠠᠭᠠᠨ ᠤ ᠥᠷᠨᠢᠩᠭᠦᠢ ᠬᠥᠭᠵᠢᠭᠰᠡᠨ ᠠᠷᠪᠠᠨ ᠵᠢᠯ ᠢ ᠳᠤᠭᠤᠯᠵᠤ᠂ ᠶᠠᠭ ᠰᠠᠶᠢᠬᠠᠨ ᠬᠥᠭᠵᠢᠯ ᠪᠠᠳᠠᠷᠠᠯ ᠤᠨ ᠦᠶ᠎ᠡ ᠳᠡᠭᠡᠨ ᠪᠠᠶᠢᠨ᠎ᠠ᠂ ᠣᠮᠤᠭ ᠪᠠᠳᠠᠷᠠᠩᠭᠤᠢ | ᠡᠷᠡᠮᠡᠬᠡᠶᠢᠯᠡᠨ ᠤᠷᠤᠭᠰᠢᠯᠠᠵᠤ᠂ ᠲᠠᠷᠠᠭᠠᠴᠢ ᠶᠢᠨ ᠰᠢᠵᠢᠷ ᠠᠯᠲᠠᠨ ᠠᠷᠪᠠᠨ ᠵᠢᠯ ᠢ ᠵᠣᠷᠢᠵᠠᠭᠠᠶᠠ︕ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠡᠩᠬᠡ ᠲᠠᠶᠢᠪᠤᠩ ᠪᠢᠰᠢ᠂ ᠳᠡᠯᠡᠬᠡᠢ ᠶᠢᠨ ᠠᠵᠤ ᠠᠬᠤᠢ ᠶᠢᠨ ᠤᠷᠤᠭᠤᠳᠠᠬᠤ ᠳᠠᠷᠤᠯᠲᠠ ᠨᠡᠮᠡᠭᠳᠡᠵᠦ᠂ | ᠪᠦᠭᠦ ᠪᠥᠮᠪᠥᠷᠴᠡᠭ ᠤᠨ ᠬᠥᠭᠵᠢᠯᠲᠡ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠂ ᠭᠡᠪᠡᠴᠦ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ | ᠬᠤᠷᠢᠭᠯᠠᠭᠳᠠᠰᠢ ᠦᠭᠡᠢ᠂ ᠡᠯ᠎ᠡ ᠤᠯᠤᠰ ᠤᠨ ᠬᠠᠮᠲᠤ ᠪᠠᠷ ᠬᠥᠭᠵᠢᠨ ᠴᠡᠴᠡᠭᠯᠡᠬᠦ ᠶᠢ ᠪᠡᠶᠡᠯᠡᠭᠦᠯᠬᠦ ᠬᠦᠰᠡᠯ ᠡᠷᠡᠮᠡᠯᠵᠡᠯ ᠬᠤᠷᠢᠭᠯᠠᠭᠳᠠᠰᠢ ᠦᠭᠡᠢ ᠭᠡᠳᠡᠭ ᠢ ᠪᠢᠳᠡ ᠪᠠᠲᠤ | ᠢᠲᠡᠭᠡᠵᠦ ᠪᠠᠶᠢᠨ᠎ᠠ᠃ ᠭᠠᠭᠴᠠ ᠬᠦ ᠪᠢᠳᠡ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ᠂ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠷᠪᠡᠯ ᠯᠠᠪᠲᠠᠢ ᠴᠠᠭ ᠦᠶ᠎ᠡ ᠶᠢᠨ ᠭᠡᠷᠡᠯ ᠭᠢᠯᠪᠠᠭ᠎ᠠ ᠶᠢ | ᠰᠠᠴᠤᠷᠠᠭᠤᠯᠵᠤ᠂ ᠪᠢᠳᠡᠨ ᠤ ᠬᠠᠮᠲᠤ ᠶᠢᠨ ᠴᠢᠷᠮᠠᠶᠢᠯᠭ᠎ᠠ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠴᠦ ᠴᠢᠳᠠᠨ᠎ᠠ︕ ᠭᠡᠵᠦ ᠵᠢᠭᠠᠵᠤ | ᠭᠠᠷᠭᠠᠪᠠ᠃ | ᠳᠠᠶᠢᠯᠠᠯᠭ᠎ᠠ ᠶᠢᠨ ᠲᠠᠷᠠᠭ᠎ᠠ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ︽ᠲᠣᠷᠭᠠᠨ ᠵᠠᠮ ᠢᠶᠠᠷ ᠬᠠᠮᠲᠤ ᠤᠷᠤᠭᠰᠢᠯᠠᠶ᠎ᠠ︾ | ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠵᠤ᠂ ︽ᠨᠢᠭᠡ ᠪᠦᠰᠡ ᠨᠢᠭᠡ ᠵᠠᠮ︾ ᠤᠨ ᠤᠯᠤᠰ ᠤᠳ ᠤᠨ ᠲᠠᠩᠰᠤᠭ ᠰᠠᠶᠢᠬᠠᠨ ᠪᠣᠯᠪᠠᠰᠤᠨ ᠪᠣᠯᠣᠨ ᠭᠡᠷᠡᠯ | ᠰᠠᠴᠤᠷᠠᠩᠭᠤᠢ ᠰᠣᠶᠣᠯ ᠤᠨ ᠰᠣᠯᠢᠯᠴᠠᠭ᠎ᠠ ᠲᠣᠯᠢᠯᠠᠯ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠲᠡᠦᠬᠡ ᠶᠢ ᠣᠶᠢᠯᠠᠭᠠᠨ ᠮᠡᠳᠡᠷᠡᠪᠡ᠃ | ᠸᠠᠩ ᠢ᠂ ᠶᠢᠨ ᠯᠢ᠂ ᠯᠢ ᠱᠣ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | |