ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠭᠢᠯᠭᠠᠨ ᠮᠡᠳᠡᠭᠡ 10 ᠰᠠᠷ᠎ᠠ ᠶᠢᠨ 16 ᠤ ᠡᠳᠦᠷ ᠬᠡᠪᠯᠡᠭᠳᠡᠬᠦ 20 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ | ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ | ᠪᠠᠶᠢᠳᠠᠯ ᠢ ᠨᠡᠭᠡᠭᠡᠬᠦ ᠴᠢᠬᠤᠯᠠ ᠶᠡᠭᠡ ᠡᠭᠦᠷᠭᠡ ᠶᠢ ᠳᠤᠷᠠᠳᠴᠤ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ | ᠲᠡᠦᠬᠡᠲᠦ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ᠃ ᠪᠢᠳᠡ ᠡᠨᠡ ᠬᠦ ᠰᠡᠳᠦᠪ ᠢᠶᠠᠷ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ ᠪᠠᠶᠢᠭ᠎ᠠ ᠶᠢᠨ ᠵᠣᠷᠢᠯᠭ᠎ᠠ | ᠪᠣᠯ ᠨᠠᠮ ᠤᠨ ᠤᠨᠤᠯ ᠤᠨ ᠰᠢᠨ᠎ᠡ ᠶᠢ ᠡᠭᠦᠳᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠤᠨᠤᠯ ᠤᠨ ᠰᠢᠨ᠎ᠡ ᠶᠢ ᠡᠭᠦᠳᠬᠦ ᠣᠷᠣᠨ | ᠪᠠᠶᠢᠷᠢ᠂ ᠴᠢᠭᠯᠡᠯ᠂ ᠠᠷᠭ᠎ᠠ ᠶᠢ ᠤᠯᠠᠮ ᠲᠣᠳᠣᠷᠬᠠᠢ ᠪᠤᠯᠭᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠨᠤᠯ ᠤᠨ ᠰᠢᠨ᠎ᠡ ᠶᠢ ᠡᠭᠦᠳᠦᠭᠰᠡᠨ ᠨᠡᠩ ᠡᠯᠪᠡᠭ ᠪᠠᠶᠠᠯᠢᠭ | ᠦᠷ᠎ᠡ ᠪᠦᠲᠦᠭᠡᠯ ᠣᠯᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠵᠠᠢ᠃ | ᠵᠣᠬᠢᠶᠠᠯ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠡᠷᠭᠢᠴᠡᠭᠦᠯᠪᠡᠯ᠂ ᠮᠠᠨ ᠤ ᠨᠠᠮ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠴᠢᠬᠤᠯᠠ ᠶᠡᠭᠡ ᠠᠮᠵᠢᠯᠲᠠ ᠣᠯᠵᠤ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠪᠤᠰᠤᠳ | ᠤᠯᠤᠰ ᠲᠦᠷᠦ ᠶᠢᠨ ᠬᠦᠴᠦᠨ ᠤ ᠪᠡᠶᠡᠯᠡᠭᠦᠯᠵᠦ ᠳᠡᠶᠢᠯᠦᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠭᠰᠡᠨ ᠪᠥᠭᠡᠳ ᠰᠢᠨ᠎ᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠰᠢᠨ᠎ᠡ ᠶᠢ | ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ᠂ ᠨᠠᠮ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠡᠵᠡᠮᠰᠢᠭᠰᠡᠨ ᠳᠤ ᠣᠷᠣᠰᠢᠨ᠎ᠠ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠡᠳᠬᠡᠯ ᠳᠤ ᠲᠡᠦᠬᠡᠨ ᠲᠤᠷᠰᠢᠯᠭ᠎ᠠ ᠶᠢ ᠳ᠋ᠦᠩᠨᠡᠭᠰᠡᠨ ᠤ ᠰᠠᠭᠤᠷᠢᠨ ᠳᠡᠭᠡᠷ᠎ᠡ᠂ ︽ᠬᠤᠶᠠᠷ ᠢ ᠤᠶᠠᠯᠳᠤᠭᠤᠯᠬᠤ︾᠂ ︽ᠵᠢᠷᠭᠤᠭ᠎ᠠ ᠶᠢ ᠡᠷᠬᠡᠪᠰᠢ | ᠪᠠᠷᠢᠮᠲᠠᠯᠠᠬᠤ︾ ᠵᠡᠷᠭᠡ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠳᠤᠷᠠᠳᠤᠨ ᠭᠠᠷᠭᠠᠭᠰᠠᠨ ᠪᠥᠭᠡᠳ | ᠲᠣᠳᠣᠷᠬᠠᠶᠢᠯᠠᠨ ᠥᠭᠦᠯᠡᠵᠦ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠰᠠᠶᠢᠲᠤᠷ | ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠵᠣᠬᠢᠶᠠᠯ ᠳᠤ᠂ ᠤᠨᠤᠯ ᠤᠨ ᠰᠢᠨ᠎ᠡ ᠶᠢ ᠡᠭᠦᠳᠬᠦ ᠶᠢᠨ ᠰᠦᠭ ᠰᠦᠨᠡᠰᠦ ᠪᠠ ᠤᠭ ᠦᠨᠳᠦᠰᠦ ᠶᠢ ᠢᠮᠠᠭᠲᠠ ᠪᠠᠲᠤ ᠰᠠᠬᠢᠬᠤ ᠬᠡᠷᠡᠭᠲᠡᠢ᠃ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ ᠪᠢᠳᠡ ᠮᠠᠷᠺᠰ ᠤᠨ ᠦᠵᠡᠯ ᠡᠨᠡ ᠬᠦ ᠰᠦᠭ | ᠰᠦᠨᠡᠰᠦ ᠶᠢ ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠡᠨᠡ ᠬᠦ ᠤᠭ ᠦᠨᠳᠦᠰᠦ ᠶᠢ ᠶᠠᠭᠠᠬᠢᠭᠰᠠᠨ ᠴᠤ | ᠬᠠᠶᠠᠵᠤ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ᠃ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ | ᠰᠢᠨ᠎ᠡ ᠶᠢ ᠡᠭᠦᠳᠬᠦ ᠶᠢᠨ ᠰᠠᠭᠤᠷᠢ ᠪᠠ ᠤᠷᠢᠲᠠᠯ ᠮᠥᠨ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠨᠢ ᠴᠦ ᠡᠨᠡ ᠬᠦ ᠰᠦᠭ ᠰᠦᠨᠡᠰᠦ ᠪᠠ ᠤᠭ ᠦᠨᠳᠦᠰᠦ ᠶᠢ | ᠨᠡᠩ ᠰᠠᠶᠢᠲᠤᠷ ᠪᠠᠲᠤ ᠰᠠᠬᠢᠬᠤ ᠶᠢᠨ ᠲᠥᠯᠥᠭᠡ ᠶᠤᠮ᠃ ᠡᠷᠬᠡᠪᠰᠢ ᠮᠠᠷᠺᠰ ᠤᠨ ᠦᠵᠡᠯ ᠡᠨᠡ ᠬᠦ ᠨᠠᠮ ᠪᠠᠶᠢᠭᠤᠯᠵᠤ ᠤᠯᠤᠰ ᠪᠠᠶᠢᠭᠤᠯᠬᠤ᠂ ᠨᠠᠮ ᠢ ᠮᠠᠨᠳᠤᠭᠤᠯᠵᠤ | ᠤᠯᠤᠰ ᠢᠶᠠᠨ ᠮᠠᠨᠳᠤᠭᠤᠯᠬᠤ ᠦᠨᠳᠦᠰᠦ ᠶᠢ ᠭᠤᠶᠢᠪᠢᠰᠢ ᠦᠭᠡᠢ ᠪᠠᠷᠢᠮᠲᠠᠯᠠᠵᠤ᠂ ᠲᠤᠰ ᠤᠯᠤᠰ ᠲᠠᠭᠠᠨ ᠦᠨᠳᠦᠰᠦᠯᠡᠬᠦ᠂ ᠲᠤᠰ ᠦᠨᠳᠦᠰᠦᠲᠡᠨ ᠤ ᠪᠠᠨ ᠲᠡᠦᠬᠡ | ᠰᠣᠶᠣᠯ ᠤᠨ ᠰᠢᠮᠡᠲᠦ ᠬᠥᠷᠥᠰᠥᠨ ᠳᠤ ᠮᠠᠷᠺᠰ ᠤᠨ ᠦᠵᠡᠯ ᠢ ᠬᠥᠭᠵᠢᠭᠦᠯᠬᠦ ᠶᠢ ᠵᠣᠭᠰᠣᠰᠢ ᠦᠭᠡᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ | ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠪᠦᠲᠦᠮᠵᠢᠲᠡᠢ ᠨᠠᠪᠲᠠᠷᠡᠭᠦᠯᠵᠦ᠂ ᠰᠢᠨ᠎ᠡ ᠤᠨᠤᠯ ᠤᠨ ᠳᠠᠪᠠᠭᠤᠯᠢᠭ | ᠪᠣᠯᠭᠠᠨ ᠬᠤᠪᠢᠷᠠᠭᠤᠯᠵᠤ᠂ ᠰᠢᠨ᠎ᠡ ᠦᠵᠡᠯ ᠰᠠᠨᠠᠭᠠᠨ ᠤ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ᠃ ᠤᠨᠤᠯ ᠤᠨ ᠬᠠᠷᠠᠭ᠎ᠠ ᠪᠠᠨ ᠥᠷᠭᠡᠳᠬᠡᠵᠦ᠂ | ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ | ᠲᠣᠯᠢ ᠪᠤᠯᠭᠠᠵᠤ᠂ ︽ᠬᠥᠮᠥᠨ ᠲᠥᠷᠥᠯᠬᠢᠲᠡᠨ ᠤ ᠮᠡᠳᠡᠯᠭᠡ ᠶᠢᠨ ᠶᠡᠷᠦᠩᠬᠡᠢ ᠨᠡᠶᠢᠯᠡᠪᠦᠷᠢ︾ ᠶᠢᠨ ᠳᠤᠮᠳᠠ ᠠᠴᠠ ᠰᠢᠯᠢᠳᠡᠭ ᠦᠵᠡᠯ ᠰᠠᠨᠠᠭ᠎ᠠ ᠰᠣᠶᠣᠯ ᠤᠨ ᠡᠬᠢ | ᠪᠠᠶᠠᠯᠢᠭ ᠢ ᠰᠢᠩᠭᠡᠬᠡᠨ ᠠᠪᠴᠤ ᠨᠠᠮ ᠤᠨ ᠤᠨᠤᠯ ᠢ ᠰᠢᠨᠡᠴᠢᠯᠡᠨ ᠬᠥᠭᠵᠢᠭᠦᠯᠵᠦ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ᠂ ᠪᠤᠰᠤᠳ ᠤᠨ ᠰᠠᠶᠢᠨ ᠢ | ᠥᠷᠭᠡᠨ ᠢᠶᠠᠷ ᠰᠢᠩᠭᠡᠬᠡᠨ ᠠᠪᠬᠤ ᠤᠨᠤᠯ ᠤᠨ ᠶᠡᠭᠡ ᠪᠠᠶᠢᠷᠢᠰᠢᠯ ᠶᠡᠭᠡ ᠳᠦᠷᠰᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠴᠠᠭ ᠦᠶ᠎ᠡ ᠶᠢᠨ ᠰᠢᠨ᠎ᠡ ᠰᠡᠳᠦᠪ ᠲᠤ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠬᠦ ᠬᠡᠷᠡᠭᠲᠡᠢ᠃ ᠴᠠᠭ ᠦᠶ᠎ᠡ ᠶᠢ | ᠵᠠᠭᠠᠭᠯᠠᠭᠰᠠᠨ ᠠᠯᠢᠪᠠ ᠤᠨᠤᠯ ᠪᠣᠯ ᠴᠥᠮ ᠴᠠᠭ ᠦᠶ᠎ᠡ ᠶᠢᠨ ᠬᠡᠷᠡᠭᠴᠡᠭᠡ ᠶᠢ ᠬᠠᠩᠭᠠᠭᠰᠠᠨ ᠪᠦᠲᠦᠭᠡᠭᠳᠡᠬᠦᠨ ᠮᠥᠨ᠃ ᠤᠨᠤᠯ ᠤᠨ ᠦᠰᠦᠷᠦᠯᠲᠡ ᠨᠢ ᠦᠭᠡ | ᠥᠭᠦᠯᠡᠪᠦᠷᠢ ᠶᠢᠨ ᠰᠢᠨ᠎ᠡ ᠰᠡᠪᠡᠭᠦᠨ ᠢ ᠪᠦᠲᠦᠭᠡᠬᠦ ᠳᠡᠭᠡᠷ᠎ᠡ ᠢᠯᠡᠷᠡᠬᠦ ᠪᠢᠰᠢ᠂ ᠯᠣᠭᠢᠭ ᠤᠨ ᠥᠪᠡᠷ ᠢ ᠪᠠᠨ ᠵᠣᠬᠢᠴᠠᠭᠤᠯᠤᠨ ᠭᠡᠷᠡᠴᠢᠯᠡᠬᠦ ᠳᠡᠭᠡᠷ᠎ᠡ ᠴᠦ ᠢᠯᠡᠷᠡᠬᠦ ᠪᠢᠰᠢ᠂ | ᠡᠴᠦᠰ ᠤᠨ ᠡᠴᠦᠰ ᠲᠡᠭᠡᠨ ᠦᠢᠯᠡᠳᠦᠯᠭᠡ ᠶᠢᠨ ᠠᠰᠠᠭᠤᠳᠠᠯ ᠢ ᠬᠠᠷᠢᠭᠤᠯᠬᠤ᠂ ᠦᠢᠯᠡᠳᠦᠯᠭᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠡᠭᠡᠷ᠎ᠡ ᠢᠯᠡᠷᠡᠬᠦ | ᠬᠡᠷᠡᠭᠲᠡᠢ᠃ ᠮᠠᠷᠺᠰ ᠤᠨ ᠦᠵᠡᠯ ᠪᠣᠯ ᠦᠢᠯᠡᠳᠦᠯᠭᠡ ᠶᠢᠨ ᠣᠨᠣᠯ ᠮᠥᠨ᠃ ᠪᠢᠳᠡᠨ ᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠪᠠᠶᠢᠭ᠎ᠠ ᠨᠢ | ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠮᠥᠨ᠂ ᠬᠠᠷᠢᠨ ᠬᠦᠰᠡᠯᠡᠩᠲᠦ ᠤᠷᠴᠢᠰ ᠲᠤ ᠰᠠᠭᠤᠵᠤ ᠲᠥᠰᠥᠭᠡᠯᠡᠭᠰᠡᠨ ᠬᠡᠢ ᠪᠤᠳᠤᠯ | ᠪᠢᠰᠢ᠂ ᠡᠷᠬᠡᠪᠰᠢ ᠦᠢᠯᠡᠳᠦᠯᠭᠡ ᠶᠢᠨ ᠳᠤᠮᠳᠠ ᠦᠨᠡᠨ ᠶᠣᠰᠣ ᠶᠢ ᠢᠯᠡᠷᠡᠭᠦᠯᠬᠦ᠂ ᠦᠨᠡᠨ ᠶᠣᠰᠣ ᠶᠢ ᠬᠥᠭᠵᠢᠭᠦᠯᠬᠦ᠂ ᠦᠢᠯᠡᠳᠦᠯᠭᠡ ᠪᠠᠷ ᠦᠨᠡᠨ ᠶᠣᠰᠣ ᠶᠢ | ᠪᠡᠶᠡᠯᠡᠭᠦᠯᠬᠦ᠂ ᠦᠨᠡᠨ ᠶᠣᠰᠣ ᠶᠢ ᠰᠢᠯᠭᠠᠬᠤ ᠶᠢ ᠪᠠᠷᠢᠮᠲᠠᠯᠠᠬᠤ ᠬᠡᠷᠡᠭᠲᠡᠢ᠃ ᠥᠨᠥᠳᠥᠷ᠂ ᠪᠢᠳᠡᠨ ᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ | ᠦᠶᠡᠴᠢᠯᠡᠬᠦ ᠶᠢ ᠠᠬᠢᠭᠤᠯᠬᠤ ᠡᠭᠦᠷᠭᠡ ᠬᠥᠩᠭᠡᠷᠡᠭᠰᠡᠨ ᠪᠢᠰᠢ᠂ ᠬᠠᠷᠢᠨ ᠨᠡᠩ ᠬᠦᠨᠳᠦᠷᠡᠪᠡ᠃ ᠶᠡᠭᠡ ᠲᠡᠦᠬᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠨᠡᠩ | ᠥᠷᠭᠡᠨ ᠬᠠᠷᠠᠭᠠᠰᠤ᠂ ᠨᠡᠩ ᠠᠯᠤᠰ ᠭᠡᠳᠦ ᠶᠢᠨ ᠬᠠᠷᠠᠴᠠ ᠪᠠᠷ ᠳᠡᠯᠡᠬᠡᠢ ᠶᠢᠨ ᠲᠡᠦᠬᠡ ᠶᠢᠨ ᠬᠥᠭᠵᠢᠯᠲᠡ ᠶᠢᠨ ᠰᠤᠳᠠᠰᠤ ᠪᠠ ᠵᠥᠪ ᠴᠢᠭᠯᠡᠯ ᠢ ᠡᠵᠡᠮᠳᠡᠵᠦ᠂ ᠮᠠᠨ ᠤ | ᠤᠯᠤᠰ ᠤᠨ ᠨᠡᠶᠢᠭᠡᠮ ᠤᠨ ᠬᠥᠭᠵᠢᠯᠲᠡ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠯᠣᠭᠢᠭ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡ ᠶᠢᠨ ᠤᠯᠠᠷᠢᠯ ᠬᠤᠪᠢᠰᠤᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠪᠣᠳᠠᠲᠤ | ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ ᠪᠦᠲᠦᠮᠵᠢᠲᠡᠢ ᠠᠷᠭᠠᠴᠠᠭᠠᠬᠤ ᠪᠣᠳᠣᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ | ᠳᠤᠷᠠᠳᠤᠨ ᠭᠠᠷᠭᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠬᠦᠴᠦᠷᠬᠡᠭ ᠶᠡᠭᠡ᠂ | ᠨᠡᠩ ᠢᠲᠡᠭᠡᠭᠦᠯᠬᠦ ᠬᠦᠴᠦᠨ ᠲᠠᠢ ᠦᠨᠡᠨ ᠶᠣᠰᠣᠨ ᠤ ᠬᠦᠴᠦᠨ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠤᠨᠤᠯ ᠤᠨ | ᠰᠢᠰᠲ᠋ᠧᠮᠵᠢᠵᠦ ᠵᠦᠢ ᠶᠣᠰᠣᠵᠢᠬᠤ ᠶᠢ ᠠᠬᠢᠭᠤᠯᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ | ᠮᠥᠨ᠃ ᠮᠠᠷᠺᠰ ᠤᠨ ᠦᠵᠡᠯ ᠭᠦᠨᠵᠡᠭᠡᠢ ᠨᠥᠯᠥᠭᠡ ᠲᠠᠢ ᠪᠠᠶᠢᠳᠠᠭ ᠤᠨ ᠰᠢᠯᠲᠠᠭᠠᠨ ᠨᠢ ᠭᠦᠨ ᠭᠦᠨᠵᠡᠭᠡᠢ ᠵᠦᠢ ᠶᠣᠰᠣ ᠪᠠᠷ ᠢᠶᠠᠨ ᠬᠥᠮᠥᠨ ᠲᠥᠷᠥᠯᠬᠢᠲᠡᠨ ᠤ | ᠨᠡᠶᠢᠭᠡᠮ ᠤᠨ ᠬᠥᠭᠵᠢᠯᠲᠡ ᠶᠢᠨ ᠦᠨᠡᠨ ᠶᠣᠰᠣᠴᠢ ᠴᠢᠨᠠᠷ ᠢ ᠢᠯᠡᠷᠡᠭᠦᠯᠵᠦ᠂ ᠪᠦᠷᠢᠨ ᠲᠡᠭᠦᠯᠳᠡᠷ ᠰᠢᠰᠲ᠋ᠧᠮ ᠢᠶᠠᠷ ᠢᠶᠠᠨ ᠲᠡᠭᠦᠨ ᠤ ᠤᠨᠤᠯ ᠤᠨ ᠰᠢᠨᠵᠢᠯᠡᠬᠦ ᠤᠬᠠᠭᠠᠨᠴᠢ | ᠴᠢᠨᠠᠷ ᠢ ᠨᠤᠲᠠᠯᠠᠭᠰᠠᠨ ᠳᠤ ᠣᠷᠣᠰᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠭᠵᠢᠯᠲᠡ | ᠪᠣᠯ ᠲᠠᠰᠤᠷᠠᠯᠲᠠ ᠦᠭᠡᠢ ᠪᠠᠶᠠᠯᠢᠭᠵᠢᠨ ᠥᠷᠭᠡᠵᠢᠬᠦ ᠶᠢᠨ ᠬᠠᠮᠲᠤ ᠲᠠᠰᠤᠷᠠᠯᠲᠠ ᠦᠭᠡᠢ ᠰᠢᠰᠲ᠋ᠧᠮᠵᠢᠬᠦ᠂ ᠵᠦᠢ ᠶᠣᠰᠣᠵᠢᠬᠤ ᠶᠠᠪᠤᠴᠠ ᠮᠥᠨ᠃ ᠦᠢᠯᠡᠳᠦᠯᠭᠡ ᠶᠢᠨ | ᠠᠬᠢᠴᠠ ᠶᠢᠨ ᠭᠦᠨᠵᠡᠭᠡᠶᠢᠷᠡᠬᠦ ᠶᠢ ᠳᠠᠭᠠᠯᠳᠤᠨ᠂ ᠨᠠᠮ ᠤᠨ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠠᠮ ᠶᠠᠪᠤᠬᠤ ᠲᠤᠳᠤᠮ ᠪᠠᠶᠠᠯᠢᠭᠵᠢᠬᠤ ᠪᠣᠯᠣᠨ᠎ᠠ᠃ | ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠨᠠᠮ ᠤᠨ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ | ᠨᠤᠲᠠᠯᠠᠯᠲᠠ ᠶᠢᠨ ᠤᠭ ᠶᠣᠰᠣᠨ ᠤ ᠴᠢᠨᠠᠷᠲᠠᠢ ᠤᠨᠤᠯ ᠤᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠰᠤᠳᠤᠯᠤᠨ ᠲᠠᠶᠢᠯᠪᠤᠷᠢᠯᠠᠵᠤ᠂ ᠳᠣᠲᠣᠭᠠᠳᠤ ᠶᠢᠨ ᠬᠢᠨᠢ | ᠬᠠᠷᠢᠴᠠᠭ᠎ᠠ ᠶᠢ ᠡᠵᠡᠮᠳᠡᠵᠦ᠂ ᠪᠦᠭᠦ ᠨᠠᠮ ᠪᠦᠭᠦ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠤᠨᠤᠯ ᠤᠨ ᠰᠢᠰᠲ᠋ᠧᠮ ᠢ ᠨᠡᠩ ᠰᠠᠶᠢᠲᠤᠷ ᠰᠤᠷᠤᠯᠴᠠᠨ ᠡᠵᠡᠮᠰᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠷᠠᠳ ᠤᠯᠠᠨ ᠤ ᠡᠭᠦᠳᠦᠨ ᠪᠦᠲᠦᠭᠡᠯᠲᠡ ᠳᠤᠮᠳᠠ ᠠᠴᠠ ᠤᠨᠤᠯ ᠤᠨ ᠰᠢᠨ᠎ᠡ ᠶᠢ ᠡᠭᠦᠳᠬᠦ ᠤᠶᠤᠨ ᠤᠬᠠᠭᠠᠨ ᠢ ᠰᠢᠩᠭᠡᠬᠡᠨ ᠠᠪᠬᠤ ᠶᠢ | ᠴᠢᠬᠤᠯᠠᠴᠢᠯᠠᠬᠤ ᠬᠡᠷᠡᠭᠲᠡᠢ᠃ ᠮᠠᠷᠺᠰ ᠤᠨ ᠦᠵᠡᠯ ᠪᠣᠯ ᠠᠷᠠᠳ ᠲᠦᠮᠡᠨ ᠤ ᠲᠥᠯᠥᠭᠡ ᠦᠭᠡ ᠬᠡᠯᠡᠵᠦ᠂ ᠠᠷᠠᠳ ᠲᠦᠮᠡᠨ ᠤ ᠲᠥᠯᠥᠭᠡ ᠣᠷᠣᠯᠠᠨ ᠥᠭᠦᠯᠡᠬᠦ ᠤᠨᠤᠯ | ᠮᠥᠨ᠂ ᠠᠷᠠᠳ ᠲᠦᠮᠡᠨ ᠤ ᠬᠤᠪᠢ ᠵᠠᠶᠠᠭ᠎ᠠ ᠶᠢ ᠬᠤᠪᠢᠷᠠᠭᠤᠯᠬᠤ ᠶᠢᠨ ᠲᠥᠯᠥᠭᠡ ᠡᠭᠦᠳᠦᠨ ᠪᠦᠲᠦᠭᠡᠵᠦ᠂ ᠠᠷᠠᠳ ᠲᠦᠮᠡᠨ ᠤ ᠴᠢᠯᠦᠭᠡᠯᠡᠯᠲᠡ ᠶᠢ ᠡᠷᠢᠯᠬᠢᠯᠡᠬᠦ | ᠦᠢᠯᠡᠳᠦᠯᠭᠡ ᠶᠢᠨ ᠳᠤᠮᠳᠠ ᠪᠠᠶᠠᠯᠢᠭᠵᠢᠨ ᠬᠥᠭᠵᠢᠭᠰᠡᠨ ᠶᠤᠮ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠮᠠᠷᠺᠰ ᠤᠨ ᠦᠵᠡᠯ ᠤᠨ ᠤᠨᠤᠯ ᠤᠨ | ᠰᠢᠨ᠎ᠡ ᠶᠢ ᠡᠭᠦᠳᠬᠦ ᠰᠢᠷᠭᠢᠰᠢ ᠦᠭᠡᠢ ᠡᠬᠢ ᠪᠤᠯᠠᠭ ᠮᠥᠨ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠦᠷ᠎ᠡ ᠪᠦᠲᠦᠭᠡᠯ ᠪᠣᠯ ᠴᠥᠮ | ᠨᠠᠮ ᠪᠠ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠲᠤ ᠶᠢᠨ ᠤᠶᠤᠨ ᠤᠬᠠᠭᠠᠨ ᠤ ᠤᠭᠢ ᠪᠦᠲᠦᠭᠡᠯ ᠮᠥᠨ᠃ ᠪᠢᠳᠡ ᠡᠯ᠎ᠡ ᠵᠦᠢᠯ ᠤᠨ ᠠᠵᠢᠯ ᠤᠨ | ᠦᠢᠯᠡᠳᠦᠯᠭᠡ ᠳᠡᠭᠡᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠠᠭᠠᠨ ᠴᠤ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠲᠦᠮᠡᠨ ᠤ ᠪᠦᠲᠦᠭᠡᠯᠴᠢ | ᠴᠢᠨᠠᠷᠲᠠᠢ ᠦᠢᠯᠡᠳᠦᠯᠭᠡ ᠶᠢᠨ ᠳᠤᠮᠳᠠ ᠠᠴᠠ ᠰᠢᠨ᠎ᠡ ᠰᠣᠷᠭᠤᠭ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠣᠶᠤᠨᠯᠢᠭ ᠲᠠᠨᠢᠯᠲᠠ ᠪᠣᠯᠭᠠᠨ ᠳᠡᠭᠡᠭᠰᠢᠯᠡᠭᠦᠯᠵᠦ᠂ | ᠰᠢᠨ᠎ᠡ ᠤᠨᠤᠯ ᠤᠨ ᠦᠷ᠎ᠡ ᠪᠦᠲᠦᠭᠡᠯ ᠢ ᠰᠢᠷᠭᠠᠭᠠᠨ ᠪᠤᠯᠪᠠᠰᠤᠷᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠲᠦᠭ ᠲᠦᠮᠡᠨ ᠠᠷᠠᠳ ᠤᠨ ᠰᠡᠳᠬᠢᠯ ᠳᠤ | ᠬᠠᠳᠠᠩᠰᠢᠭᠤᠯᠵᠤ᠂ ᠠᠮᠢᠳᠤᠷᠠᠯ ᠳᠤ ᠣᠶᠢᠷᠠᠲᠤᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠰᠠᠨᠠᠭᠠᠨ ᠳᠤ ᠨᠡᠶᠢᠴᠡᠵᠦ᠂ ᠠᠷᠠᠳ ᠤᠨ | ᠰᠡᠳᠬᠢᠯ ᠢ ᠣᠯᠣᠭᠰᠠᠨ ᠤᠨᠤᠯ ᠪᠤᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | | | |