ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠭᠢᠯᠭᠠᠨ ᠮᠡᠳᠡᠭᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ | ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ | ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ | ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠥ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ | ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠯᠤᠰ ᠭᠡᠲᠦ ᠶᠢᠨ ᠬᠠᠨᠳᠤᠰᠢ ᠶᠢ ᠰᠦᠪᠡᠭᠴᠢᠯᠡᠵᠦ᠂ ᠣᠷᠳᠣ ᠬᠤᠭᠤᠴᠠᠭᠠᠨ ᠤ ᠠᠷᠭ᠎ᠠ ᠪᠣᠳᠣᠯᠭ᠎ᠠ ᠶᠢ | ᠬᠡᠷᠡᠭᠵᠢᠭᠦᠯᠵᠦ᠂ ᠥᠨᠢᠳᠡ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠴᠢᠨᠠᠭᠰᠢᠳᠠ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | | | | | 10 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠲᠤᠰᠬᠠᠶᠢᠯᠠᠨ ᠡᠨᠡ ᠤᠳᠠᠭ᠎ᠠ ᠶᠢᠨ ᠶᠠᠷᠢᠯᠴᠠᠬᠤ ᠬᠤᠷᠠᠯ ᠢ | ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ | ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠱᠠᠩᠬᠠᠢ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ | ᠣᠷᠣᠯᠴᠠᠬᠰᠠᠨ ᠪᠤᠰᠤᠳ ᠮᠤᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 8 ᠵᠢᠯ ᠤᠨ ᠲᠤᠷᠰᠢ᠂ ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ | ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠢᠳᠡᠪᠬᠢᠲᠡᠢ ᠠᠬᠢᠭᠤᠯᠵᠤ᠂ ᠡᠷᠴᠢ ᠵᠣᠷᠢᠭ ᠤᠨ ᠶᠡᠭᠡ᠂ ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ᠃ ᠦᠵᠡᠯ ᠰᠠᠨᠠᠭ᠎ᠠ ᠲᠠᠨᠢᠯᠲᠠ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠨᠢ ᠬᠠᠮᠲᠤ ᠶᠢᠨ ᠲᠠᠨᠢᠯᠲᠠ ᠪᠤᠯᠪᠠ︔ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠣᠨ ᠰᠡᠷᠭᠦᠭᠡᠯᠲᠡ ᠴᠢᠬᠤᠯᠠ ᠶᠡᠭᠡ ᠠᠮᠵᠢᠯᠲᠠ ᠣᠯᠵᠤ᠂ ︽ᠨᠣᠮᠢᠨ ᠤᠷᠤᠰᠬᠠᠯ ᠵᠡᠭᠦᠨᠰᠢᠯᠡᠬᠦ︾ ᠭᠤᠶᠤ ᠦᠵᠡᠮᠵᠢ ᠳᠠᠬᠢᠨᠲᠠ | ᠢᠯᠡᠷᠡᠪᠡ︔ ᠬᠥᠭᠵᠢᠯᠲᠡ ᠶᠢᠨ ᠠᠷᠭ᠎ᠠ ᠭᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠠᠵᠢᠯ ᠪᠦᠭᠦ ᠲᠠᠯ᠎ᠠ ᠪᠠᠷ ᠡᠷᠴᠢᠮᠵᠢᠪᠡ︔ ᠣᠷᠣᠨ ᠪᠦᠰᠡ ᠶᠢᠨ ᠠᠭᠤᠰᠤᠯᠴᠠᠯ ᠴᠢᠬᠤᠯᠠ ᠶᠡᠭᠡ ᠳᠡᠭᠡᠭᠰᠢᠯᠡᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠬᠠᠮᠵᠢᠯᠴᠠᠨ | ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ︔ ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠬᠢᠯᠲᠠ ᠲᠠᠢ ᠪᠣᠯᠵᠤ᠂ ᠪᠦᠭᠦ ᠲᠠᠯ᠎ᠠ ᠪᠠᠷ ᠳᠣᠲᠣᠭᠠᠳᠤ | ᠭᠠᠳᠠᠭᠠᠳᠤ ᠳᠤ ᠨᠡᠭᠡᠭᠡᠯᠲᠡ ᠬᠢᠬᠦ ᠬᠠᠨᠳᠤᠰᠢ ᠲᠦᠷᠭᠡᠨ ᠪᠦᠷᠢᠯᠳᠦᠪᠡ᠃ ᠶᠡᠷᠦᠩᠬᠡᠢ ᠳᠤᠨᠢ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠶᠢᠨ ᠠᠮᠵᠢᠯᠲᠠ ᠪᠦᠲᠦᠮᠵᠢ ᠤᠯᠠᠨ ᠤ ᠨᠢᠳᠦᠨ ᠳᠤ ᠢᠯᠡᠭᠡᠨ ᠪᠠᠶᠢᠵᠤ᠂ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ | ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠣᠯᠣᠭᠰᠠᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠪᠤᠰᠤᠳᠴᠢ ᠲᠠᠯ᠎ᠠ ᠪᠠᠷ ᠪᠠᠰᠠ ᠴᠥᠭᠡᠨ ᠪᠤᠰᠤ ᠬᠦᠴᠢᠷᠳᠡᠯ ᠪᠣᠯᠣᠨ | ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠯᠤᠰ ᠭᠡᠳᠦ ᠠᠴᠠ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠬᠦ | ᠬᠡᠷᠡᠭᠲᠡᠢ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ ᠬᠡᠷᠡᠭᠲᠡᠢ᠃ ᠮᠥᠷᠡᠨ ᠳᠠᠭᠠᠤ ᠡᠯ᠎ᠡ ᠭᠠᠵᠠᠷ ᠤᠨ ᠠᠮᠢ ᠠᠬᠤᠢ ᠶᠢᠨ ᠤᠯᠠᠭᠠᠨ | ᠱᠤᠭᠤᠮ ᠢ ᠨᠢᠭᠡᠨᠲᠡ ᠵᠠᠭᠠᠭᠯᠠᠨ ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ ᠬᠠᠮᠢᠶᠠᠷᠤᠨ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠵᠠᠭᠠᠭᠯᠠᠨ ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ ᠲᠤᠬᠠᠢ ᠳᠣᠲᠣᠷ᠎ᠠ ᠪᠠᠨ | ᠲᠤᠭ᠎ᠠ ᠲᠠᠢ ᠪᠠᠶᠢᠵᠤ᠂ ᠤᠷᠢᠳ ᠢᠶᠠᠷ ᠬᠠᠮᠠᠭᠠᠯᠠᠵᠤ᠂ ᠴᠢᠩᠭ᠎ᠠ ᠬᠠᠮᠠᠭᠠᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ ᠪᠣᠯᠣᠨ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠦᠨ᠎ᠡ ᠬᠡᠰᠡᠭ ᠤᠨ ᠪᠣᠬᠢᠷᠳᠤᠯ ᠢ ᠡᠵᠡᠮᠳᠡᠬᠦ ᠶᠢ ᠨᠡᠩ ᠴᠢᠬᠤᠯᠠᠴᠢᠯᠠᠵᠤ᠂ ᠪᠣᠬᠢᠷᠳᠤᠯ ᠪᠣᠳᠠᠰ ᠢ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠡᠬᠢ ᠡᠭᠦᠰᠦᠯ ᠠᠴᠠ ᠨᠢ ᠪᠠᠭᠤᠷᠠᠭᠤᠯᠬᠤ ᠬᠡᠷᠡᠭᠲᠡᠢ᠃ ᠬᠥᠬᠡᠮᠥ᠋ᠷᠡᠨ ᠤ ︽ᠠᠷᠪᠠᠨ ᠵᠢᠯ ᠳᠤ ᠵᠢᠭᠠᠰᠤ ᠠᠩᠨᠠᠬᠤ ᠶᠢ | ᠴᠠᠭᠠᠵᠠᠯᠠᠬᠤ︾ ᠠᠵᠢᠯ ᠢ ᠡᠷᠡᠰ ᠠᠬᠢᠭᠤᠯᠵᠤ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ ᠠᠵᠤ | ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠪᠣᠬᠢᠷᠳᠤᠯ ᠦᠭᠡᠢ ᠮᠡᠷᠭᠡᠵᠢᠯ᠂ ᠪᠣᠬᠢᠷᠳᠤᠯ ᠦᠭᠡᠢ | ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠵᠦ᠂ ᠠᠵᠤ ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠳᠠᠯᠳᠠ | ᠬᠦᠴᠦᠨ ᠪᠠ ᠨᠥᠭᠡᠴᠡ ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠶᠢᠨ ᠳᠠᠪᠠᠭᠤᠯᠢᠭᠲᠤ ᠭᠠᠵᠠᠷ ᠣᠷᠣᠨ ᠢ ᠳᠡᠮᠵᠢᠵᠦ ᠪᠠᠶᠢᠭᠠᠳ ᠠᠮᠢ ᠠᠬᠤᠢ ᠶᠢ | ᠠᠰᠢᠭᠯᠠᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠡᠳ᠋ ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠮᠢ | ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠰᠠᠪᠠ ᠭᠠᠵᠠᠷ ᠢᠶᠠᠷ ᠢᠶᠠᠨ ᠠᠮᠢ ᠠᠬᠤᠢ ᠶᠢᠨ | ᠬᠠᠮᠠᠭᠠᠯᠠᠯᠲᠠ ᠳᠤ ᠣᠷᠤᠯᠴᠠᠬᠤ ᠢᠳᠡᠪᠬᠢᠵᠢᠯ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ | ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ | ᠪᠤᠢ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠭᠦ ᠪᠠ ᠠᠵᠤ | ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ ᠲᠣᠭᠤᠷᠢᠨ ᠳᠤ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠢᠳᠡᠪᠬᠢᠲᠡᠢ ᠪᠠᠶᠢᠷᠢᠰᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠢ ᠲᠠᠳᠠᠨ ᠴᠤᠭᠯᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ | ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ | ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ᠂ ᠡᠮᠦᠨ᠎ᠡ ᠤᠮᠠᠷ᠎ᠠ ᠶᠢ ᠵᠠᠯᠭᠠᠬᠤ᠂ | ᠮᠥᠷᠡᠨ ᠲᠠᠢ ᠵᠠᠯᠭᠠᠵᠤ ᠲᠠᠯᠠᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠵᠤ᠂ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠤᠨ ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠠᠬᠢ ᠲᠠᠲᠠᠬᠤ ᠬᠦᠴᠦᠨ᠂ | ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ | ᠪᠥᠭᠡᠳ ᠪᠠᠰᠠ ᠬᠠᠮᠵᠢᠯᠴᠠᠨ ᠬᠥᠭᠵᠢᠵᠦ᠂ ᠰᠤᠯᠪᠢᠴᠡᠨ ᠬᠥᠭᠵᠢᠵᠦ᠂ ᠬᠤᠯᠪᠤᠭᠠᠯᠠᠨ ᠬᠥᠭᠵᠢᠬᠦ ᠬᠡᠷᠡᠭᠲᠡᠢ᠃ ᠮᠥᠷᠡᠨ ᠳᠠᠭᠠᠤ ᠶᠢᠨ ᠠᠵᠤ ᠦᠢᠯᠡᠰ ᠤᠨ | ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠯᠡ ᠮᠥᠩᠭᠦ᠂ ᠮᠡᠷᠭᠡᠵᠢᠯ᠂ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠢ ᠬᠥᠲᠥᠯᠥᠨ | ᠵᠢᠯᠤᠭᠤᠳᠴᠤ ᠪᠠᠶᠢᠭᠠᠳ ᠵᠡᠭᠦᠨ ᠬᠡᠰᠡᠭ ᠠᠴᠠ ᠳᠤᠮᠳᠠ ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ᠂ ᠭᠤᠣᠯ ᠬᠤᠳᠠ ᠠᠴᠠ ᠥᠷᠥᠴᠡ ᠭᠠᠵᠠᠷ ᠲᠡᠶᠢᠰᠢ ᠡᠮᠬᠢ | ᠵᠢᠷᠤᠮ ᠲᠠᠢ ᠪᠠᠷ ᠰᠢᠯᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠪᠠᠷ ᠠᠬᠢᠭᠤᠯᠵᠤ᠂ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ᠂ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠤᠯᠪᠤᠭᠠᠯᠠᠨ | ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ | ᠲᠤᠷᠰᠢᠯᠭ᠎ᠠ ᠬᠤᠷᠠᠮᠳᠤᠭᠤᠯᠵᠤ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ ᠴᠡᠭ ᠪᠤᠯᠭᠠᠬᠤ ᠶᠢ ᠪᠠᠷᠢᠮᠲᠠᠯᠠᠵᠤ᠂ ᠮᠥᠷᠡᠨ | ᠳᠠᠭᠠᠤ ᠶᠢᠨ ᠮᠤᠵᠢ ᠬᠤᠳᠠ ᠶᠢᠨ ᠬᠢᠨ ᠮᠤᠵᠢ ᠶᠢᠨ ᠬᠤᠭᠤᠷᠣᠨᠳᠤ ᠪᠠᠨ ᠬᠠᠮᠲᠤ ᠪᠠᠷ ᠵᠥᠪᠳᠡᠯᠴᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠦᠭᠦ ᠣᠷᠣᠨ | ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ᠂ ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠯᠪᠣᠯᠳᠤᠬᠤ | ᠴᠢᠨᠠᠷ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ ᠬᠡᠷᠡᠭᠵᠢᠭᠦᠯᠦᠯᠲᠡ ᠶᠢᠨ ᠬᠠᠮᠵᠢᠯᠴᠠᠬᠤ ᠴᠢᠨᠠᠷ ᠢ ᠴᠢᠩᠭᠠᠳᠬᠠᠵᠤ᠂ | ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠬᠦᠯᠢ | ᠴᠣᠭᠴᠠ ᠶᠢᠨ ᠲᠠᠯ᠎ᠠ ᠠᠴᠠ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ ᠲᠦᠷᠭᠡᠳᠬᠡᠨ | ᠪᠦᠲᠦᠭᠡᠨ ᠪᠠᠶᠢᠭᠤᠯᠵᠤ᠂ ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠪᠠ ︽ᠵᠠᠰᠠᠮᠠᠯ ᠵᠠᠮ ᠤᠰᠤᠨ ᠵᠠᠮ ᠲᠡᠮᠦᠷ ᠵᠠᠮ︾ ᠵᠡᠷᠭᠡ | ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠵᠣᠯᠭᠠᠯᠳᠤᠬᠤ ᠶᠢ ᠴᠢᠩᠭᠠᠳᠬᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠣᠷᠣᠨ | ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ | ᠶᠠᠪᠤᠴᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ ᠦᠷᠳᠡᠭ ᠢ ᠭᠦᠨᠵᠡᠭᠡᠢ ᠠᠭᠤᠳᠠᠯᠵᠤ᠂ | ᠰᠢᠨ᠎ᠡ ᠴᠠᠭ ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠢ᠃ ᠰᠣᠶᠣᠯ | ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ ᠪᠠ | ᠲᠡᠦᠬᠡ ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠮᠥᠷᠡᠨ ᠳᠠᠭᠠᠤ ᠬᠤᠳᠠ᠂ ᠵᠢᠵᠢᠭ ᠬᠤᠲᠠ ᠪᠠᠯᠭᠠᠰᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠯᠠᠨ ᠤᠯᠤᠰ ᠤᠨ ᠰᠢᠵᠢᠷ ᠠᠯᠳᠠᠨ ᠵᠢᠭᠤᠯᠴᠢᠯᠠᠯ ᠤᠨ ᠪᠦᠰᠡ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠬᠥᠭᠵᠢᠯᠲᠡ ᠪᠠ | ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠴᠢᠬᠤᠯᠠ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ | ᠦᠢᠯᠡᠳᠦᠯ ᠦᠵᠡᠭᠦᠯᠵᠦ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠭᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠥᠷᠡᠨ | ᠳᠠᠭᠠᠤ ᠶᠢᠨ ᠮᠤᠵᠢ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠴᠦ ᠲᠡᠷᠡ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠲᠡᠩᠴᠡᠭᠦᠷᠢ ᠶᠢᠨ ᠣᠷᠣᠨ ᠴᠦ ᠲᠡᠷᠡ᠂ ᠴᠥᠮ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠴᠢᠩᠭᠠᠳᠬᠠᠵᠤ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ | ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠴᠢᠬᠤᠯᠠ ᠶᠡᠭᠡ | ᠲᠦᠷᠤᠯ ᠵᠦᠢᠯ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ᠃ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠳᠡᠭᠡᠷ᠎ᠡ | ᠲᠠᠯᠪᠢᠵᠤ᠂ ᠰᠠᠶᠢᠨ ᠲᠠᠷᠢᠶᠠᠨ ᠤ ᠰᠠᠶᠢᠨ ᠡᠭᠦᠯᠳᠡᠷ᠂ ᠰᠠᠶᠢᠨ ᠮᠠᠰᠢᠨ ᠰᠠᠶᠢᠨ ᠠᠷᠭ᠎ᠠ ᠶᠢ ᠲᠥᠪᠯᠡᠷᠡᠭᠦᠯᠦᠨ ᠳᠡᠯᠭᠡᠷᠡᠭᠦᠯᠬᠦ ᠪᠠᠨ ᠴᠢᠩᠭᠠᠳᠬᠠᠵᠤ᠂ ᠣᠯᠠᠨ ᠵᠦᠢᠯ ᠤᠨ | ᠭᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ ᠡᠵᠡᠩᠨᠡᠯᠲᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ᠃ ᠪᠦᠭᠦ ᠤᠯᠤᠰ ᠢᠶᠠᠷ | ᠢᠶᠠᠨ ︽ᠨᠢᠭᠡ ᠬᠥᠯᠭᠡ ᠰᠢᠲᠠᠷ᠎ᠠ︾ ᠪᠤᠯᠬᠤ ᠶᠢ ᠪᠠᠷᠢᠮᠲᠠᠯᠠᠵᠤ᠂ ᠳᠡᠭᠡᠳᠦ ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ ᠭᠠᠵᠠᠷ | ᠣᠷᠣᠨ ᠤ ᠡᠨᠧᠷᠭᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢᠨ ᠦᠨᠳᠦᠰᠦᠨ ᠬᠦᠴᠦᠨ | ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ | ᠤᠰᠤᠨ ᠴᠠᠭᠢᠯᠭᠠᠨ ᠵᠡᠷᠭᠡ ᠳᠠᠪᠠᠭᠤᠯᠢᠭ ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ | ᠰᠢᠨ᠎ᠡ ᠡᠨᠧᠷᠭᠢ ᠶᠢᠨ ᠤᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠬᠤ ᠶᠢ ᠴᠢᠬᠤᠯᠠᠴᠢᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ | ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠬᠡᠷᠡᠭᠲᠡᠢ᠃ ᠠᠮᠤᠷ | ᠳᠥᠯᠭᠡᠨ ᠬᠥᠬᠡᠮᠥ᠋ᠷᠡᠨ ᠢ ᠴᠢᠷᠮᠠᠶᠢᠨ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ | ᠭᠠᠩ ᠬᠠᠭᠰᠠᠷᠠᠭᠠᠨ ᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠰᠢᠰᠲ᠋ᠧᠮ ᠢ ᠨᠡᠪᠲᠡᠷᠡᠭᠦᠯᠬᠦ᠂ ᠤᠰᠤᠨ ᠤ ᠡᠬᠢ | ᠰᠤᠷᠪᠤᠯᠵᠢ ᠶᠢ ᠬᠠᠮᠠᠭᠠᠯᠠᠨ ᠠᠷᠠᠴᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠤᠰᠤᠨ ᠤ | ᠢᠨᠵᠧᠨᠧᠷᠢᠩ ᠢ ᠨᠢᠭᠡᠳᠦᠯᠲᠡᠢ ᠬᠤᠯᠪᠤᠭᠠᠯᠠᠨ ᠲᠣᠬᠢᠷᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ ᠡᠯᠪᠡᠭᠵᠢᠯ | ᠬᠤᠮᠰᠠᠳᠠᠯ ᠢ ᠲᠣᠬᠢᠷᠠᠭᠤᠯᠬᠤ ᠶᠢ ᠴᠢᠩᠭᠠᠳᠬᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠬᠦ | ᠲᠦᠷᠦᠯ ᠵᠦᠢᠯ ᠳᠤ ᠳᠡᠮᠵᠢᠯᠭᠡ ᠦᠵᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ | ᠮᠥᠷᠡᠨ ᠳᠠᠭᠠᠤ ᠮᠤᠵᠢ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ | ᠥᠷᠭᠡᠨ ᠤᠯᠠᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ | ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠠᠷᠠᠳ ᠤᠯᠠᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠥᠲᠥᠯᠪᠦᠷᠢ︾ ᠶᠢ ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠵᠠᠯᠠᠷᠠᠭᠤᠯᠤᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ᠂ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠮᠢ | ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠬᠡᠷᠡᠭᠲᠡᠢ᠃ ᠭᠤᠣᠯ ᠴᠣᠭᠴᠠ ᠶᠢᠨ ᠴᠢᠳᠠᠮᠵᠢᠲᠤ ᠣᠷᠣᠨ ᠤ | ᠪᠠᠶᠢᠯᠳᠤᠬᠤ ᠪᠣᠳᠣᠯᠭ᠎ᠠ ᠪᠠᠷ ᠠᠵᠤ ᠠᠬᠤᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ᠂ ᠬᠠᠷᠢᠴᠠᠭᠤᠯᠤᠭᠰᠠᠨ ᠳᠠᠪᠠᠭᠤᠯᠢᠭ ᠲᠠᠭᠠᠨ | ᠰᠠᠭᠤᠷᠢᠯᠠᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ︽ᠵᠥᠭᠡᠯᠡᠨ︾᠂ ︽ᠬᠠᠲᠠᠭᠤ︾ ᠬᠤᠯᠪᠣᠯᠳᠤᠨ | ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ | ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ | ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠲᠤᠪᠤᠶᠢᠯᠭᠠᠵᠤ᠂ ᠥᠨᠳᠥᠷ | ᠲᠦᠪᠰᠢᠨ ᠲᠠᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ ᠭᠡᠷᠡᠭᠲᠡᠢ︔ ᠴᠢᠬᠤᠯᠠ ᠶᠡᠭᠡ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠭᠡᠷᠡᠭᠳᠠᠢ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ ᠴᠢᠳᠠᠮᠵᠢ ᠶᠢᠨ ᠪᠠᠶᠢᠷᠢ | ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ᠂ ᠲᠡᠯᠡᠶ ᠳᠠᠭᠠᠤ ᠮᠥᠷᠡᠨ ᠳᠠᠭᠠᠤ ᠬᠢᠯᠢ ᠳᠠᠭᠠᠤ ᠪᠠ ᠳᠣᠲᠣᠭᠠᠳᠤ ᠬᠠᠭᠤᠷᠠᠢ ᠶᠢᠨ | ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ | ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ | ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃ |