ᠪᠣᠣ ᠯᠢᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/28
      10 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠣᠣ ᠯᠢᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠷᠦᠭᠦᠦ ᠭᠤᠷᠪᠠᠨ ᠤᠯᠠᠷᠢᠯ ᠤᠨ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ  ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠷᠢᠭᠤᠴᠠᠵᠤ ᠪᠠᠶᠢᠭ᠎ᠠ ᠭᠤᠤᠯ ᠪᠣᠯᠬᠤ ᠠᠵᠤ ᠠᠬᠤᠶ ᠶᠢᠨ  ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠢᠴᠢ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠠᠬᠢᠴᠠ᠂ 12345 ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠪᠣᠣ ᠯᠢᠨ ᠠᠴᠠ᠂ ᠡᠨᠡ ᠵᠢᠯ ᠠᠴᠠ᠂ ᠪᠦᠬᠦ ᠬᠤᠰᠢᠭᠤ ᠪᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ  ᠶᠢᠨ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠶᠢ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠤᠨ᠂ ᠰᠤᠷᠤᠭᠰᠠᠨ ᠢᠶᠠᠨ ᠬᠡᠷᠡᠭᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠵᠢᠭᠠᠨ ᠭᠠᠷᠭᠠᠪᠠ᠃       ᠪᠣᠣ ᠯᠢᠨ ᠠᠴᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠤ ᠠᠬᠤᠶ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠦᠷᠭᠦᠯᠵᠢᠯᠡᠨ ᠭᠦᠨᠵᠡᠭᠡᠶ ᠠᠭᠤᠳᠠᠯᠤᠨ᠂ ᠲᠠᠩᠰᠠ ᠮᠡᠳᠡᠭᠦᠯᠬᠦ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠣᠨ  ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠨᠥᠬᠦᠴᠡᠯ ᠳᠤᠷᠠᠳᠬᠤ ᠥᠬᠡᠶ᠂ ᠰᠢᠯᠲᠠᠭ ᠡᠷᠢᠬᠦ ᠥᠬᠡᠶ᠂ ᠳᠤᠲᠠᠭᠤ ᠳᠣᠷᠭᠤᠨ ᠬᠢᠬᠦ ᠥᠬᠡᠶ ᠪᠠᠶᠢᠬᠤ ᠶᠢ ᠡᠷᠡᠰ ᠪᠡᠶᠡᠯᠡᠭᠦᠯᠤᠨ᠂ ᠡᠷᠡᠰ ᠰᠢᠭᠤᠷᠬᠠᠶ ᠪᠠᠷ ᠠᠵᠢᠯᠯᠠᠵᠤ᠂ ᠠᠵᠢᠯ ᠪᠣᠯᠭᠠᠨ ᠳᠤ ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠵᠤ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ᠲᠡᠷᠢᠭᠦᠨ ᠢ ᠲᠡᠮᠡᠴᠡᠵᠦ ᠰᠢᠯᠢᠳᠡᠭ ᠢ ᠡᠬᠦᠤᠨᠬᠦ ᠶᠢ ᠡᠷᠡᠰ ᠪᠠᠷᠢᠮᠳᠠᠯᠠᠵᠦ᠂ ᠪᠥᠬᠦ ᠬᠤᠰᠢᠭᠤᠨ ᠤ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃       ᠪᠣᠣ ᠯᠢᠨ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ  ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠨᠠᠷᠢᠨ ᠬᠢᠨᠠᠮᠠᠭᠠᠶ ᠰᠤᠳᠤᠯᠤᠨ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠰᠡᠳᠬᠢᠮᠵᠢ ᠠᠷᠭ᠎ᠠ ᠶᠢᠨ ᠰᠢᠨ᠎ᠡ ᠶᠢ ᠡᠭᠦᠳᠴᠦ᠂ ᠠᠵᠤ  ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠯᠬᠤᠭ᠎ᠠ ᠪᠠᠨ ᠲᠦᠷᠭᠡᠳᠬᠡᠨ᠂ ᠠᠵᠤ ᠠᠬᠤᠶ ᠶᠢᠨ ᠴᠢᠨᠠᠷ ᠰᠠᠶᠢᠲᠠᠶ ᠠᠵᠢᠯᠯᠠᠭᠠᠨ ᠳᠤ ᠪᠠᠲᠤ ᠪᠠᠬᠢ ᠲᠤᠯᠭᠠᠭᠤᠷᠢᠯᠠᠯ ᠬᠠᠩᠭᠠᠵᠤ᠂ ᠪᠥᠬᠦ ᠬᠦᠴᠦᠨ ᠢᠶᠠᠷ ᠢᠶᠠᠨ ᠰᠠᠶᠢᠨ ᠲᠡᠬᠦᠰᠬᠡᠯ ᠲᠠᠢ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃       ᠬᠤᠰᠢᠭᠤᠨ ᠤ ᠤᠳᠤᠷᠢᠳᠤᠯᠭ᠎ᠠ ᠶᠠᠨ ᠸᠧᠶ᠂ ᠵᠣᠷᠢᠭᠲᠤ᠂ ᠶᠠᠩ ᠳ᠋ᠦᠩ ᠸᠧᠶ ᠬᠤᠷᠠᠯ ᠳᠤ ᠣᠷᠣᠯᠴᠠᠪᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ