ᠡᠯᠧᠺᠲᠷᠣᠨ ᠬᠤᠳᠠᠯᠳᠤᠭᠠᠨ ᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ | 10 ᠰᠠᠷ᠎ᠠ ᠶᠢᠨ 14 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠤ ᠴᠣᠸᠠᠩ ᠢ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠬᠤᠯᠣᠰᠣᠳᠠᠢ | ᠰᠤᠮᠤᠨ ᠳᠤ ᠭᠦᠨᠵᠡᠭᠡᠶᠢᠷᠡᠨ ᠨᠢᠭᠡ ᠭᠠᠷᠠᠭ ᠤᠨ ᠬᠤᠭᠤᠴᠠᠭ᠎ᠠ ᠲᠠᠢ ᠲᠠᠸᠠᠷ ᠤᠨ ᠬᠤᠳᠠᠯᠳᠤᠭᠴᠢ ᠶᠢᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠲᠠᠸᠠᠷ ᠤᠨ | ᠬᠤᠳᠠᠯᠳᠤᠭᠴᠢ ᠶᠢᠨ ᠣᠨᠣᠯ ᠤᠨ ᠮᠡᠳᠡᠯᠭᠡ ᠵᠢᠴᠢ ᠠᠵᠢᠯᠯᠠᠬᠤ ᠮᠡᠷᠭᠡᠵᠢᠯ ᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠪᠠ᠃ | ᠲᠣᠰ ᠤᠳᠠᠭᠠᠨ ᠤ ᠪᠣᠯᠪᠠᠰᠤᠷᠠᠯ ᠳᠤ ᠭᠤᠣᠯᠳᠠᠭᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠨᠳᠦᠰᠦᠨ ᠮᠡᠳᠡᠯᠭᠡ᠂ ᠡᠯᠧᠺᠲᠷᠣᠨ ᠬᠤᠳᠠᠯᠳᠤᠭᠠᠨ ᠤ | ᠰᠢᠭᠤᠳ ᠨᠡᠪᠲᠡᠷᠡᠭᠦᠯᠭᠡ ᠶᠢᠨ ᠤᠷ᠎ᠠ ᠮᠡᠷᠭᠡᠵᠢᠯ ᠵᠢᠴᠢ ᠣᠬᠤᠷ ᠸᠢᠳᠢᠣ᠋ ᠰᠡᠭᠦᠳᠡᠷᠯᠡᠬᠦ᠂ ᠨᠠᠶᠢᠷᠠᠭᠤᠯᠬᠤ ᠤᠷ᠎ᠠ ᠮᠡᠷᠭᠡᠵᠢᠯ ᠵᠡᠷᠭᠡ ᠶᠢᠨ ᠲᠣᠭᠤᠷᠢᠨ ᠳᠤ ᠭᠦᠨᠵᠡᠭᠡᠢ | ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠰᠤᠷᠤᠭᠴᠢᠳ ᠢ ᠬᠠᠪᠰᠤᠷᠤᠨ ᠰᠡᠳᠬᠢᠬᠦᠢ ᠶᠢ ᠨᠢ ᠨᠡᠭᠡᠭᠡᠨ᠂ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢᠨ | ᠰᠢᠨ᠎ᠡ ᠤᠷ᠎ᠠ ᠮᠡᠷᠭᠡᠵᠢᠯ ᠢ ᠡᠵᠡᠮᠰᠢᠭᠦᠯᠵᠦ᠂ ᠣᠯᠠᠨ ᠤ ᠣᠬᠤᠷ ᠸᠢᠳᠢᠤ᠋ ᠦᠢᠯᠡᠳᠬᠦ ᠬᠢᠷᠢ ᠲᠦᠪᠰᠢᠨ ᠪᠠ ᠰᠦᠯᠵᠢᠶ᠎ᠡ ᠪᠠᠷ ᠰᠢᠭᠤᠳ ᠨᠡᠪᠲᠡᠷᠡᠭᠦᠯᠬᠦ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠪᠣᠯᠪᠠᠰᠤᠷᠠᠯ ᠤᠨ ᠶᠠᠪᠤᠴᠠ ᠳᠤ᠂ ᠰᠤᠷᠤᠭᠴᠢᠳ ᠪᠠᠭᠰᠢ ᠠᠴᠠ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠰᠠᠨᠠᠯ ᠢᠶᠠᠨ ᠰᠣᠯᠢᠯᠴᠠᠨ᠂ ᠰᠤᠷᠤᠯᠴᠠᠬᠤ ᠠᠭᠤᠷ | ᠠᠮᠢᠰᠬᠤᠯ ᠢᠶᠠᠷ ᠭᠦᠨ ᠵᠤᠵᠠᠭᠠᠨ ᠪᠠᠶᠢᠵᠣ᠂ ᠰᠤᠷᠤᠭᠴᠢᠳ ᠬᠠᠷᠢᠯᠴᠠᠨ ᠰᠣᠷᠣᠯᠴᠠᠵᠣ ᠬᠠᠮᠲᠤ ᠪᠠᠷ ᠲᠡᠭᠡᠭᠰᠢᠯᠡᠵᠣ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ | ᠲᠠᠯ᠎ᠠ ᠪᠠᠨ ᠨᠥᠬᠦᠵᠣ᠂ ᠸᠢᠴᠠᠲ ᠤᠨ ᠴᠣᠭᠯᠠᠷᠠᠯ ᠢ ᠪᠠᠶᠢᠭᠤᠯᠵᠤ᠂ ᠪᠠᠭᠰᠢ ᠠᠴᠠ ᠣᠯᠠᠨ ᠢ ᠵᠢᠯᠣᠭᠤᠳᠴᠤ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠳᠤ ᠲᠦᠭᠦᠮ | ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠬᠤᠯᠣᠰᠣᠳᠠᠢ ᠰᠤᠮᠤ ᠦᠷᠭᠦᠯᠵᠢᠯᠡᠨ ᠤᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠵᠤ᠂ ᠤᠯᠠᠨ ᠶᠠᠩᠵᠤ ᠶᠢᠨ | ᠬᠡᠯᠪᠡᠷᠢ ᠶᠢᠨ ᠣᠨᠴᠠᠯᠢᠭᠲᠤ ᠪᠣᠯᠪᠠᠰᠤᠷᠠᠯ ᠤᠨ ᠬᠢᠴᠢᠶᠡᠯ ᠨᠡᠭᠡᠭᠡᠵᠦ᠂ ᠬᠠᠷᠢᠶ᠎ᠠ ᠣᠷᠣᠨ ᠤ ᠤᠯᠠᠨ ᠲᠦᠮᠡᠨ ᠤ ᠤᠷ᠎ᠠ ᠴᠢᠳᠠᠪᠤᠷᠢ ᠶᠢᠨ ᠲᠦᠪᠰᠢᠨ ᠪᠣᠯᠣᠨ | ᠶᠡᠷᠦᠩᠬᠡᠶᠢᠯᠡᠭᠰᠡᠨ ᠬᠡᠪ ᠴᠢᠨᠠᠷ ᠤᠨ ᠳᠡᠭᠡᠭᠰᠢᠯᠡᠯᠲᠡ ᠶᠢ ᠶᠡᠬᠡᠪᠡᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ | ᠲᠠᠯᠪᠢᠬᠤ ᠪᠠᠷ ᠪᠠᠶᠢᠨ᠎ᠠ᠃ | | | |