ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤ ᠨᠢ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠷᠳᠠᠴᠠ ᠪᠣᠯᠭᠠᠵᠤ᠂ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠪᠠᠷ | ᠳᠠᠮᠵᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠢ᠂ ᠬᠥᠳᠡᠯᠮᠦᠷᠢ ᠬᠦᠴᠦ᠂ ᠡᠳ᠋ ᠬᠥᠷᠥᠩᠭᠡ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠡᠬᠢ | ᠪᠠᠶᠠᠯᠢᠭ ᠢ ᠨᠡᠶᠢᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠰᠢᠭ ᠣᠯᠵᠠᠪᠤᠷᠢ ᠪᠣᠯᠣᠨ ᠮᠠᠯᠴᠢᠨ ᠲᠠᠷᠢᠶᠠᠴᠢᠨ ᠤ ᠬᠠᠮᠲᠤᠪᠠᠷ ᠪᠠᠶᠠᠵᠢᠬᠤ ᠳᠣᠲᠣᠭᠠᠳᠤ ᠬᠥᠳᠡᠯᠭᠡᠬᠦ | ᠬᠦᠴᠦᠨ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠪᠠᠶᠠᠵᠢᠯ ᠤᠨ ᠵᠠᠮ ᠢ | ᠨᠡᠭᠡᠭᠡᠵᠡᠢ᠃ | ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠢ ᠪᠠᠶᠠᠯᠢᠭᠵᠢᠭᠤᠯᠵᠤ ᠪᠣᠢ ᠬᠥᠳᠡᠭᠡ | ᠲᠣᠰᠬᠤᠨ ᠤ ᠪᠠᠶᠠᠨ ᠴᠢᠨᠡᠭᠡᠯᠢᠭ ᠪᠠᠶᠢᠬᠤ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠠᠢ ᠬᠤᠯᠪᠤᠭᠳᠠᠨ᠎ᠠ᠃ ᠤᠯᠠᠮᠵᠢᠯᠠᠯᠲᠤ ᠬᠤᠷᠰᠢᠶᠠᠵᠢᠯ ᠲᠠᠢ ᠬᠠᠷᠢᠴᠠᠭᠤᠯᠪᠠᠯ | ᠨᠠᠮ ᠤᠨ ᠡᠭᠦᠷ ᠠᠴᠠ ᠳᠠᠭᠠᠭᠤᠯᠤᠨ ᠡᠷᠬᠢᠯᠡᠬᠦ ᠬᠤᠷᠰᠢᠶᠠᠵᠢᠯ ᠨᠢ ᠣᠯᠠᠨ ᠲᠦᠮᠡᠨ ᠢ ᠳᠠᠶᠢᠴᠢᠯᠠᠵᠤ ᠴᠢᠳᠠᠳᠠᠭ ᠶᠤᠮ᠃ ︽ᠥᠩᠭᠡᠷᠡᠭᠰᠡᠨ ᠳᠤ ᠲᠠᠷᠢᠶᠠᠴᠢᠨ ᠡᠷᠦᠬᠡ | ᠭᠠᠭᠴᠠᠭᠠᠷ ᠢᠶᠠᠨ ᠲᠡᠮᠡᠴᠡᠵᠦ ᠪᠠᠶᠢᠭᠰᠠᠨ ᠪᠣᠯ ᠣᠳᠣ ᠨᠠᠮ ᠤᠨ ᠡᠭᠦᠷ ᠠᠴᠠ ᠣᠯᠠᠨ ᠢ ᠳᠠᠭᠠᠭᠤᠯᠤᠨ ᠪᠦᠯᠬᠦᠮ ᠢᠶᠠᠷ ᠢᠶᠠᠨ ᠬᠥᠭᠵᠢᠵᠦ᠂ ᠣᠯᠠᠨ ᠲᠦᠮᠡᠨ ᠢ ᠵᠣᠬᠢᠶᠠᠨ | ᠪᠠᠶᠢᠭᠤᠯᠵᠤ ᠬᠡᠪᠴᠢᠶᠡᠵᠢᠭᠦᠯᠦᠨ ᠡᠵᠡᠩᠨᠡᠭᠦᠯᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ ᠪᠠᠶᠢᠨ᠎ᠠ︾᠃ ᠳᠡᠯ ᠠᠭᠤᠯᠠ ᠪᠠᠯᠭᠠᠰᠤᠨ ᠤ ᠰᠾᠢ ᠢ ᠲᠠᠩ | ᠲᠣᠰᠬᠤᠨ ᠤ ᠨᠠᠮ ᠤᠨ ᠡᠭᠦᠷ ᠤᠨ ᠱᠦᠵᠢ ᠴᠢ ᠶᠤᠸᠠᠢ ᠹᠧᠢ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠬᠥᠭᠵᠢᠯᠲᠡ ᠶᠢᠨ ᠳᠠᠪᠠᠭᠤᠯᠢᠭ ᠢ ᠨᠢᠭᠡ | ᠯᠡ ᠦᠭᠡ ᠪᠠᠷ ᠳ᠋ᠦᠩᠨᠡᠨ ᠶᠠᠷᠢᠯ᠎ᠠ᠃ | 2018 ᠣᠨ ᠳᠤ ᠰᠾᠢ ᠢ ᠲᠠᠩ ᠲᠣᠰᠬᠤᠨ ︽ᠢ ᠲᠠᠩ ᠬᠤᠩ︾ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠢᠯ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 130 ᠭᠠᠷᠤᠢ ᠲᠦᠮᠡᠨ ᠲᠥᠭᠦᠷᠢᠭ ᠲᠤ ᠬᠦᠷᠴᠡᠢ᠃ 2022 ᠣᠨ ᠳᠤ᠂ ᠲᠣᠰᠬᠤᠨ ᠠᠴᠠ | ᠡᠷᠭᠢᠯᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠠᠭᠠᠯᠳᠤᠨ᠂ ᠰᠾᠢ ᠢ ᠲᠠᠩ ᠲᠣᠰᠬᠤᠨ ᠤ ᠨᠠᠮ ᠤᠨ ᠡᠭᠦᠷ ᠲᠦᠷᠦᠭᠦᠯᠡᠨ ᠤᠷᠠᠳ ᠤᠨ ᠳᠤᠮᠳᠠᠳᠤ | ᠬᠤᠰᠢᠭᠤᠨ ᠤ ᠵᠥᠩ ᠶᠤᠸᠠᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠢ ᠪᠠᠶᠢᠭᠤᠯᠵᠤ᠂ ︽ᠡᠭᠦᠷ ᠵᠥᠪᠯᠡᠯ︾ ᠤᠨ ᠪᠠᠭ ᠤᠨ ᠪᠦᠷᠢᠯᠳᠦᠭᠦᠨ | ᠲᠦᠷᠦᠭᠦᠯᠡᠨ ᠬᠤᠪᠢ ᠣᠷᠣᠭᠤᠯᠵᠣ᠂ 292 ᠨᠡᠷᠡᠰ ᠲᠣᠰᠬᠤᠨ ᠤ ᠠᠷᠠᠳ ᠢ ᠳᠠᠶᠢᠴᠢᠯᠠᠨ ᠬᠤᠷᠰᠢᠶᠠᠵᠢᠯ ᠳᠤ ᠬᠤᠪᠢ ᠣᠷᠣᠭᠤᠯᠵᠠᠢ᠃ ᠲᠤᠬᠠᠢ ᠶᠢᠨ ᠵᠢᠯ ᠳᠤ᠂ | ᠲᠣᠰᠬᠤᠨ ᠤ ᠬᠠᠮᠲᠤ ᠶᠢᠨ ᠣᠷᠣᠯᠭ᠎ᠠ 55 ᠲᠦᠮᠡᠨ ᠲᠥᠭᠦᠷᠢᠭ ᠲᠤ ᠬᠦᠷᠴᠦ᠂ ᠪᠠᠰᠠ ᠬᠤᠪᠢ ᠣᠷᠣᠭᠤᠯᠤᠭᠰᠠᠨ ᠲᠣᠰᠬᠤᠨ ᠤ ᠠᠷᠠᠳ ᠲᠤ ᠠᠰᠢᠭ ᠬᠤᠪᠢᠶᠠᠬᠤ | ᠶᠡᠭᠡ ᠬᠤᠷᠠᠯ ᠢ ᠬᠤᠷᠠᠯᠳᠤᠵᠤ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠤᠯᠠᠨ ᠲᠦᠮᠡᠨ ᠢ ᠪᠠᠶᠠᠵᠢᠭᠤᠯᠬᠤ ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ | ᠬᠠᠷᠠᠯᠲᠠ ᠶᠢ ᠪᠡᠶᠡᠯᠡᠭᠦᠯᠵᠡᠢ᠃ ᠥᠨᠥ ᠵᠢᠯ᠂ ᠬᠤᠷᠰᠢᠶᠠᠵᠢᠯ ᠦᠷᠭᠦᠯᠵᠢᠯᠡᠨ ᠭᠠᠵᠠᠷ ᠰᠢᠷᠣᠢ ᠪᠠᠨ ᠰᠢᠯᠵᠢᠭᠦᠯᠵᠦ᠂ ᠯᠠᠵᠤᠤ᠂ ᠪᠤᠭᠤᠳᠠᠢ ᠵᠡᠷᠭᠡ ᠲᠠᠷᠢᠮᠠᠯ ᠤᠨ ᠵᠦᠢᠯ ᠢ | ᠲᠠᠷᠢᠵᠦ᠂ ᠰᠢᠨ᠎ᠡ ᠨᠢᠭᠡ ᠵᠢᠯ ᠤᠨ ᠡᠯᠪᠡᠭ ᠬᠤᠷᠢᠶᠠᠯᠲᠠ ᠶᠢᠨ ᠪᠠᠶᠢᠳᠠᠯ ᠨᠢᠳᠦᠨ ᠡᠮᠦᠨ᠎ᠡ ᠲᠣᠳᠣᠷᠠᠪᠠ᠃ | ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠬᠢ ᠪᠠᠶᠠᠯᠢᠭ ᠢ ᠠᠮᠢᠳᠤᠯᠢᠭ ᠪᠣᠯᠭᠠᠵᠤ ᠪᠣᠢ | ᠬᠠᠯᠢᠭᠤᠲᠤ ᠪᠠᠯᠭᠠᠰᠤ ᠶᠢᠨ ᠪᠠᠷᠠᠭᠤᠨᠪᠤᠯᠠᠭ ᠲᠣᠰᠬᠤᠨ ᠪᠣᠯ ᠨᠡᠶᠢᠲᠡᠯᠢᠭ ᠴᠢᠨᠠᠷᠲᠠᠢ ᠬᠤᠳᠠ ᠶᠢᠨ ᠲᠡᠭᠦᠷᠭᠡ ᠶᠢᠨ ᠲᠣᠰᠬᠤᠨ ᠪᠣᠯᠣᠨ᠎ᠠ᠂ ᠪᠦᠬᠦ ᠲᠣᠰᠬᠤᠨ ᠳᠤ | 2700 ᠮᠦ ᠲᠠᠷᠢᠶᠠᠨ ᠭᠠᠵᠠᠷ ᠲᠠᠢ ᠪᠠᠶᠢᠵᠤ᠂ 167 ᠡᠷᠦᠬᠡ 480 ᠬᠥᠮᠥᠨ ᠠᠮᠠ ᠲᠠᠢ᠂ ᠬᠥᠮᠥᠨ ᠳᠤᠮᠳᠠᠴᠢ ᠶᠢᠨ ᠲᠠᠷᠢᠶᠠᠨ ᠭᠠᠵᠠᠷ ᠨᠢ 6 ᠮᠦ ᠬᠦᠷᠬᠦ ᠦᠭᠡᠢ | ᠪᠠᠶᠢᠵᠤ᠂ ᠥᠩᠭᠡᠷᠡᠭᠰᠡᠨ ᠳᠤ ᠠᠳᠡᠬᠢ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠬᠤᠴᠣᠷᠤᠩᠭᠤᠢ᠂ ᠲᠣᠰᠬᠤᠨ ᠤ ᠠᠷᠠᠳ ᠤᠨ ᠣᠷᠣᠯᠭ᠎ᠠ ᠶᠢ | ᠨᠡᠮᠡᠭᠳᠡᠭᠦᠯᠬᠦ ᠳᠤ ᠬᠦᠴᠢᠷᠲᠡᠢ ᠪᠠᠶᠢᠪᠠ᠃ ᠡᠨᠡ ᠬᠦ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠪᠠᠷᠠᠭᠤᠨᠪᠤᠯᠠᠭ ᠲᠣᠰᠬᠤᠨ ︽ᠲᠣᠰᠬᠤᠨ ᠤ ᠨᠠᠮ ᠤᠨ ᠡᠭᠦᠷ | ᠨᠠᠮ ᠤᠨ ᠭᠡᠰᠢᠭᠦᠨ ᠢᠶᠠᠨ ᠳᠠᠭᠠᠭᠤᠯᠬᠤ᠂ ᠨᠠᠮ ᠤᠨ ᠭᠡᠰᠢᠭᠦᠨ ᠣᠯᠠᠨ ᠲᠦᠮᠡᠨ ᠢᠶᠠᠨ ᠳᠠᠭᠠᠭᠤᠯᠬᠤ︾ ᠵᠠᠭᠪᠤᠷ ᠢᠶᠠᠷ ᠣᠷᠣᠨ ᠪᠠᠶᠢᠷᠢ ᠶᠢᠨ ᠳᠠᠪᠠᠭᠤᠯᠢᠭ ᠲᠠᠢ ᠪᠠᠨ | ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠲᠦᠷᠦᠯ ᠬᠤᠪᠢᠶᠠᠨ ᠵᠢᠯᠤᠭᠤᠳᠬᠤ᠂ ᠲᠦᠷᠦᠯ ᠵᠦᠢᠯ ᠢᠶᠠᠷ | ᠲᠤᠯᠭᠠᠭᠤᠷᠢᠯᠠᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ︾ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠡᠳᠬᠢᠴᠡ ᠶᠢ ᠪᠤᠢ ᠪᠣᠯᠭᠠᠵᠤ᠂ ᠠᠵᠤ | ᠦᠢᠯᠡᠰ ᠤᠨ ᠪᠦᠲᠦᠴᠡ ᠶᠢ ᠵᠣᠷᠢᠭᠲᠠᠢ ᠪᠠᠷ ᠲᠣᠬᠢᠷᠠᠭᠤᠯᠵᠤ᠂ ᠣᠨᠴᠠᠯᠢᠭᠲᠤ ᠲᠠᠷᠢᠶᠠᠯᠠᠩ ᠤᠨ ᠲᠠᠷᠢᠮᠠᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠨᠢᠭᠡ | ᠲᠣᠰᠬᠤᠨ ᠨᠢᠭᠡ ᠪᠦᠲᠦᠭᠡᠭᠳᠡᠭᠦᠨ︾ ᠤ ᠲᠣᠭᠤᠷᠢᠨ ᠳᠤ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠢᠩᠲᠣᠣᠷ᠂ ᠭᠦᠵᠡᠯᠵᠡᠭᠡᠨ᠎ᠡ᠂ ᠭᠦᠢᠯᠡᠰᠦ᠂ ᠲᠤᠭᠤᠷ | ᠵᠡᠷᠭᠡ ᠵᠢᠮᠢᠰ ᠢᠳᠡᠰᠢᠨ ᠨᠣᠭᠤᠭ᠎ᠠ ᠶᠢᠨ ᠲᠠᠷᠢᠮᠠᠯ ᠢ ᠬᠥᠭᠵᠢᠭᠦᠯᠬᠦ ᠶᠢ ᠶᠡᠭᠡ ᠪᠠᠷ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠪᠡ᠃ | ᠬᠡᠳᠦᠨ ᠵᠢᠯ ᠤᠨ ᠰᠦᠪᠡᠭᠴᠢᠯᠡᠯᠲᠡ ᠪᠠ ᠦᠢᠯᠡᠳᠦᠯᠭᠡ ᠪᠠᠷ ᠲᠠᠮᠵᠢᠨ᠂ ᠣᠳᠣᠬᠠᠨ᠂ ᠤᠤᠯ ᠤᠨ ᠨᠢᠭᠡ ᠠᠶᠢᠯ ᠨᠢᠭᠡ ᠡᠷᠤᠭᠡ ᠪᠠᠷ ᠯᠡ ᠬᠢᠵᠠᠭᠠᠷᠯᠠᠭᠳᠠᠵᠤ | ᠪᠠᠶᠢᠭᠰᠠᠨ ᠲᠠᠷᠠᠬᠠᠢ ᠦᠢᠯᠡᠳᠪᠦᠷᠢᠯᠡᠯ ᠤᠨ ᠬᠡᠯᠪᠡᠷᠢ ᠶᠢ ᠲᠥᠪᠯᠡᠷᠡᠭᠦᠯᠵᠦ᠂ ︽ᠨᠠᠮ ᠤᠨ ᠡᠭᠦᠷ + ᠬᠤᠷᠰᠢᠶᠠᠵᠢᠯ + ᠣᠨᠴᠠ ᠲᠣᠮᠢᠯᠠᠭᠰᠠᠨ ᠰᠢᠨᠵᠢᠯᠡᠬᠦ ᠤᠬᠠᠭᠠᠨ ᠤ | ᠮᠡᠷᠭᠡᠵᠢᠯᠲᠡᠳ + ᠠᠵᠤ ᠠᠬᠤᠶᠢᠯᠠᠯ + ᠲᠠᠷᠢᠶᠠᠴᠢᠨ ᠡᠷᠤᠭᠡ︾ ᠶᠢᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠦᠭᠰᠡᠨ ᠪᠥᠭᠡᠳ ᠲᠠᠷᠢᠮᠠᠯ ᠤᠨ ᠦᠢᠯᠡᠰ ᠪᠣᠯᠣᠨ | ᠢᠳᠡᠭᠡᠨ ᠤᠮᠳᠠᠭᠠᠨ᠂ ᠵᠤᠭᠠᠴᠠᠨ ᠲᠣᠭᠤᠷᠢᠬᠤ᠂ ᠨᠣᠭᠤᠭ᠎ᠠ ᠵᠢᠮᠢᠰ ᠢ ᠲᠡᠭᠦᠬᠦ ᠵᠡᠷᠭᠡ ᠰᠡᠯᠡᠭᠦᠴᠡᠯ ᠵᠤᠭᠠᠴᠠᠯ ᠤᠨ ᠦᠢᠯᠡᠰ ᠤᠨ ᠪᠠᠶᠢᠳᠠᠯ ᠤᠨ ᠭᠦᠨᠵᠡᠭᠡᠢ | ᠠᠭᠤᠰᠤᠯᠴᠠᠯ ᠢ ᠲᠠᠰᠤᠷᠠᠯᠳᠠ ᠦᠭᠡᠢ ᠠᠬᠢᠭᠤᠯᠵᠤ᠂ ᠲᠣᠰᠬᠤᠨ ᠤ ᠬᠦᠭᠵᠢᠯᠲᠡ ᠳᠤ ᠲᠠᠰᠤᠷᠠᠯᠳᠡ ᠦᠭᠡᠢ ᠬᠥᠳᠡᠯᠭᠡᠬᠦ ᠬᠦᠴᠦᠨ ᠨᠡᠮᠡᠷᠢᠯᠡᠵᠡᠢ᠃ ᠣᠳᠣᠬᠠᠨ ᠳᠤ᠂ | ᠪᠦᠬᠦ ᠲᠣᠰᠬᠤᠨ ᠳᠤ 115 ᠰᠠᠭᠤᠷᠢ ᠲᠣᠮᠣ ᠬᠦᠯᠡᠮᠵᠢ᠂ 112 ᠰᠠᠭᠤᠷᠢ ᠭᠤᠯᠳᠤᠩ ᠬᠦᠯᠡᠮᠵᠢ ᠲᠠᠢ ᠪᠠᠶᠢᠵᠤ᠂ ᠲᠣᠰᠬᠤᠨ ᠤ ᠬᠠᠮᠲᠤ ᠶᠢᠨ ᠠᠵᠤ ᠠᠬᠤᠢ 20 | ᠲᠦᠮᠡᠨ ᠲᠥᠭᠦᠷᠢᠭ ᠢ ᠰᠢᠪᠲᠤᠯᠵᠠᠢ᠃ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠷᠰᠢᠶᠠᠵᠢᠯ ᠢ ᠬᠦᠴᠦᠷᠬᠡᠭᠵᠢᠭᠦᠯᠵᠦ ᠪᠣᠢ | ᠬᠥᠳᠡᠭᠡ ᠲᠣᠰᠬᠤᠨ ᠢ ᠪᠠᠶᠠᠵᠢᠭᠤᠯᠬᠤ ᠳᠤ᠂ ᠠᠵᠤ ᠦᠢᠯᠡᠰ ᠢᠶᠠᠷ ᠲᠤᠯᠭᠠᠭᠤᠷᠢ ᠪᠣᠯᠭᠠᠬᠤ ᠬᠡᠷᠡᠭᠲᠡᠢ᠂ ᠠᠵᠤ ᠦᠢᠯᠡᠰ ᠢ ᠬᠥᠭᠵᠢᠭᠦᠯᠬᠦ ᠳᠤ ᠨᠠᠮ ᠤᠨ | ᠡᠭᠦᠷ ᠠᠴᠠ ᠵᠠᠮ ᠳᠠᠭᠠᠭᠤᠯᠬᠤ ᠬᠡᠷᠡᠭᠲᠡᠢ᠃ | ᠤᠷᠠᠳ ᠤᠨ ᠳᠤᠮᠳᠠᠳᠤ ᠬᠤᠰᠢᠭᠤ ᠨᠢ ᠭᠠᠴᠠᠭ᠎ᠠ ᠲᠣᠰᠬᠤᠨ ᠤ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ 2021 | ᠣᠨ ᠳᠤ ᠪᠥᠬᠦ ᠬᠤᠰᠢᠭᠤᠨ ᠤ 11 ᠠᠵᠤ ᠦᠢᠯᠡᠰ ᠤᠨ ᠰᠠᠭᠤᠷᠢ ᠪᠠᠷ ᠰᠠᠶᠢᠨ᠂ ᠣᠯᠠᠨ ᠲᠦᠮᠡᠨ ᠤ ᠬᠦᠰᠡᠯ ᠰᠠᠨᠠᠭ᠎ᠠ ᠪᠠᠷ ᠥᠨᠳᠥᠷ᠂ ᠤᠳᠤᠷᠢᠳᠬᠤ ᠪᠠᠭ ᠤᠨ | ᠳᠠᠶᠢᠴᠢᠨ ᠬᠦᠴᠦᠨ ᠢᠶᠠᠷ ᠴᠢᠩᠭ᠎ᠠ ᠭᠠᠴᠠᠭ᠎ᠠ ᠲᠣᠰᠬᠤᠨ ᠳᠤ ᠲᠦᠷᠦᠭᠦᠯᠡᠨ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠬᠢᠯᠡᠬᠦ ᠠᠵᠢᠯ ᠢ ᠥᠷᠨᠢᠭᠦᠯᠬᠦ | ᠪᠠᠷ ᠲᠣᠭᠲᠠᠭᠠᠵᠠᠢ᠃ | ᠨᠢᠭᠡ ᠵᠢᠯ ᠤᠨ ᠳᠤᠲᠤᠷ᠎ᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ᠂ ᠬᠤᠶᠠᠷ ᠵᠢᠯ ᠤᠨ ᠳᠣᠲᠤᠷ᠎ᠠ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠬᠦ᠂ ᠭᠤᠷᠪᠠᠨ ᠵᠢᠯ ᠤᠨ ᠳᠣᠲᠤᠷ᠎ᠠ ᠭᠦᠢᠴᠡᠳᠬᠡᠬᠦ ᠶᠣᠰᠣᠲᠠᠢ ᠶᠢ ᠨᠢ ᠪᠦᠬᠦᠨ ᠢ ᠭᠦᠢᠴᠡᠳᠬᠡᠬᠦ ᠠᠵᠢᠯ ᠤᠨ ᠬᠠᠷᠠᠯᠲᠠ ᠶᠣᠰᠣᠭᠠᠷ᠂ ᠤᠷᠠᠳ ᠤᠨ ᠳᠤᠮᠳᠠᠳᠤ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠱᠠᠨᠳᠦ᠋ᠩ ᠮᠤᠵᠢ ᠶᠢᠨ ᠬᠠᠮᠲᠤᠷᠠᠭᠰᠠᠨ ᠠᠵᠤ ᠠᠬᠤᠢ ᠶᠢᠨ ᠰᠤᠳᠤᠯᠭᠠᠨ ᠤ ᠨᠡᠶᠢᠭᠡᠮᠯᠢᠭ᠂ | ᠳᠤᠮᠳᠠᠳᠤ ᠤᠯᠤᠰ ᠤᠨ ᠰᠢᠶᠠᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠯᠡᠩ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠭᠠᠵᠤ᠂ ᠴᠡᠭ ᠲᠤ ᠰᠠᠭᠤᠵᠤ | ᠦᠢᠯᠡᠴᠢᠯᠡᠪᠡ᠃ | ᠬᠤᠰᠢᠭᠤᠨ ᠤ ᠡᠳ᠋ ᠤᠨ ᠵᠠᠰᠠᠭ ᠠᠴᠠ 1000 ᠲᠦᠮᠡᠨ ᠲᠥᠭᠦᠷᠢᠭ ᠤᠨ ᠲᠤᠰᠬᠠᠢ ᠲᠦᠷᠦᠯ ᠤᠨ ᠵᠠᠷᠤᠯᠭ᠎ᠠ ᠮᠦᠩᠭᠦ ᠪᠠᠷ ᠨᠠᠮ ᠤᠨ ᠡᠭᠦᠷ ᠠᠴᠠ | ᠬᠤᠷᠰᠢᠶᠠᠵᠢᠯ ᠢ ᠳᠠᠭᠠᠭᠤᠯᠤᠨ ᠡᠷᠭᠢᠯᠡᠬᠦ ᠶᠢ ᠳᠡᠮᠵᠢᠵᠦ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢ ᠨᠠᠮ ᠤᠨ ᠡᠭᠦᠷ ᠠᠴᠠ ᠬᠤᠷᠰᠢᠶᠠᠵᠢᠯ ᠢ | ᠳᠠᠭᠠᠭᠤᠯᠤᠨ ᠡᠷᠬᠢᠯᠡᠬᠦ ᠳᠤ ᠪᠠᠶᠢᠳᠠᠯ ᠳᠤ ᠨᠢ ᠲᠣᠬᠢᠷᠠᠭᠤᠯᠤᠨ 54 ᠵᠦᠢᠯ ᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ︽ᠭᠤᠷᠪᠠ ᠶᠢ ᠳᠠᠭᠠᠭᠤᠯᠵᠤ | ᠬᠤᠶᠠᠷ ᠢ ᠳᠠᠶᠢᠴᠢᠯᠠᠬᠤ︾ ᠠᠵᠢᠯ ᠤᠨ ᠵᠠᠭᠪᠤᠷ ᠢ ᠠᠯᠬᠤᠮ ᠠᠯᠬᠤᠮ ᠢᠶᠠᠷ ᠰᠦᠪᠡᠭᠴᠢᠯᠡᠨ ᠪᠣᠶ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠ | ᠠᠵᠤ ᠦᠢᠯᠡᠰ ᠤᠨ ᠬᠥᠭᠵᠢᠯᠲᠡ ᠶᠢᠨ ︽ᠬᠤᠶᠠᠷ ᠢ ᠳᠡᠭᠡᠭᠰᠢᠯᠡᠭᠦᠯᠬᠦ︾᠂ ᠬᠠᠮᠲᠤ ᠶᠢᠨ ᠠᠵᠤ ᠠᠬᠤᠢ ᠪᠠ ᠣᠯᠠᠨ ᠲᠦᠮᠡᠨ ᠤ ᠣᠷᠣᠯᠭ᠎ᠠ ᠶᠢᠨ ︽ᠬᠤᠶᠠᠷ ᠢ | ᠨᠡᠮᠡᠭᠳᠡᠭᠦᠯᠬᠦ︾ ᠶᠢ ᠪᠦᠲᠦᠮᠵᠢᠲᠡᠶ ᠠᠬᠢᠭᠤᠯᠪᠠ᠃ ᠣᠳᠣᠬᠠᠨ ᠳᠤ᠂ ᠪᠥᠬᠦ ᠬᠤᠰᠢᠭᠤᠨ ᠳᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠬᠦ ᠬᠤᠷᠰᠢᠶᠠᠵᠢᠯ ᠢ 31 | ᠪᠠᠶᠢᠭᠤᠯᠵᠤ᠂ 3027 ᠮᠠᠯᠴᠢᠨ ᠲᠠᠷᠢᠶᠠᠴᠢᠨ ᠬᠤᠷᠰᠢᠶᠠᠵᠢᠯ ᠳᠤ ᠣᠷᠣᠵᠤ᠂ 5928 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠠᠢ᠃ 2022 | ᠣᠨ ᠳᠤ᠂ ᠲᠤᠷᠰᠢᠯᠲᠠ ᠶᠢᠨ ᠴᠡᠭ ᠪᠣᠯᠬᠤ ᠭᠠᠴᠠᠭ᠎ᠠ ᠲᠣᠰᠬᠤᠨ ᠤ ᠬᠠᠮᠲᠤ ᠶᠢᠨ ᠣᠷᠣᠯᠭ᠎ᠠ ᠶᠢ ᠳᠤᠮᠳᠠᠴᠢ ᠪᠠᠷ 10 ᠲᠦᠮᠡᠨ ᠲᠥᠭᠦᠷᠢᠭ ᠠᠴᠠ ᠳᠡᠭᠡᠭᠰᠢ | ᠨᠡᠮᠡᠭᠳᠡᠭᠦᠯᠵᠦ᠂ ᠬᠤᠷᠰᠢᠶᠠᠵᠢᠯ ᠤᠨ ᠭᠡᠰᠢᠭᠦᠳ ᠤᠨ ᠠᠰᠢᠭ ᠣᠷᠤᠯᠭ᠎ᠠ ᠶᠢᠨ ᠳᠤᠮᠳᠠᠴᠢ ᠨᠣᠷᠮ᠎ᠠ ᠨᠢ 20% ᠠᠴᠠ ᠳᠡᠭᠡᠭᠰᠢ ᠳᠤ ᠬᠦᠷᠪᠡ᠃ | | | |