ᠤᠷᠠᠳ ᠤᠨ ᠳᠤᠮᠳᠠᠳᠤ ᠬᠤᠰᠢᠭᠤᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠦᠨᠦᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2023/11/28
      ︽ᠠᠵᠤ ᠦᠢᠯᠡᠰ ᠤᠨ ᠲᠥᠯᠦᠪᠵᠢᠭᠦᠯᠭᠡ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ︾ ᠬᠤᠰᠢᠭᠤᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠡᠯ᠎ᠡ ᠲᠥᠷᠥᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠳᠤᠴᠠ᠂ ᠦᠷ᠎ᠡ ᠪᠦᠲᠦᠮᠵᠢ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ 2023 ᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢᠨ ᠲᠦᠯᠦᠭᠡ᠂ 10 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠮᠠᠨ ᠤ ᠬᠤᠰᠢᠭᠤ ᠪᠥᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ  ᠶᠢᠨ ᠦᠵᠡᠭᠦᠯᠦᠯᠭᠡ ᠶᠢᠨ ᠬᠤᠷᠠᠯ ᠢ ᠬᠤᠷᠠᠯᠳᠤᠵᠤ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠥᠪᠯᠡᠷᠡᠭᠦᠯᠦᠨ ᠰᠢᠯᠭᠠᠨ ᠦᠵᠡᠨ᠎ᠡ᠃       ᠲᠤᠰ ᠤᠳᠠᠭᠠᠨ ᠤ ᠦᠵᠡᠭᠦᠯᠦᠯᠭᠡ ᠶᠢᠨ ᠬᠤᠷᠠᠯ ᠤᠨ ᠬᠤᠷᠠᠯ ᠤᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ᠃ ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠦᠬᠦ ᠬᠤᠰᠢᠭᠤᠨ ᠤ 12 ᠰᠤᠮᠤ ᠪᠠᠯᠭᠠᠰᠤ ︵ᠲᠥᠪ᠂ ᠺᠣᠮᠫᠠᠨᠢ︶᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠵᠡᠷᠭᠡ ᠪᠠᠷ ᠭᠦᠨᠵᠡᠭᠡᠶᠢᠷᠡᠵᠦ᠂ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ᠂ ᠡᠯ᠎ᠡ ᠰᠤᠮᠤ ᠪᠠᠯᠭᠠᠰᠤ ᠶᠢᠨ ᠠᠵᠢᠯᠯᠠᠭᠠᠨ ᠤ ᠳᠤᠮᠳᠠ ᠬᠠᠷᠢᠯᠴᠠᠨ ᠰᠤᠷᠤᠯᠴᠠᠵᠤ᠂ ᠬᠠᠷᠢᠯᠴᠠᠨ ᠦᠷᠢᠰᠦᠯᠳᠦᠵᠦ᠂ ᠬᠥᠭᠡᠭᠡᠨ ᠭᠦᠢᠴᠡᠵᠦ ᠳᠠᠪᠠᠨ ᠭᠠᠷᠬᠤ ᠪᠠᠷ ᠴᠢᠷᠮᠠᠶᠢᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤ ᠨᠢ ᠣᠶᠢᠯᠠᠭᠠᠵᠤ᠂ ᠬᠠᠷᠢᠯᠴᠠᠨ ᠯᠠᠪᠯᠠᠯᠲᠠ ᠪᠣᠯᠭᠠᠨ᠂ ᠰᠢᠯᠢᠳᠡᠭ ᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠬᠠᠮᠲᠤ ᠪᠠᠷ ᠢᠶᠠᠨ ᠤᠷᠤᠭᠰᠢᠯᠠᠵᠤ᠂ ᠪᠥᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠨᠡᠮᠡᠭᠳᠡᠯ ᠤᠨ ᠬᠤᠷᠳᠤᠴᠠ ᠶᠢ ᠤᠯᠠᠮ ᠨᠢᠭᠡ ᠠᠯᠬᠤᠮ ᠠᠬᠢᠭᠤᠯᠤᠨ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠠᠷ ᠪᠣᠢ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ