2023 ᠣᠨ ᠳᠤ᠂ ᠤᠷᠠᠳ ᠤᠨ ᠳᠤᠮᠳᠠᠳᠤ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ | ᠭᠠᠵᠠᠷ ᠰᠢᠷᠣᠶ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠦ ᠪᠤᠢ᠃ | ᠣᠶᠢᠯᠠᠭᠠᠭᠰᠠᠨ ᠢᠶᠠᠷ᠂ ᠤᠷᠠᠳ ᠤᠨ ᠳᠤᠮᠳᠠᠳᠤ ᠬᠤᠰᠢᠭᠤ 2.7 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠵᠤ᠂ 15 ᠲᠦᠮᠡᠨ ᠮᠥ ᠭᠠᠵᠠᠷ | ᠰᠢᠷᠣᠶ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠪᠠ᠂ ᠡᠭᠦᠨ ᠳᠤ ᠦᠵᠦᠬᠦᠷ ᠭᠤᠤᠯ | ᠪᠠᠯᠭᠠᠰᠤᠨ ᠤ ᠬᠤᠩ ᠭᠤᠸᠠᠩ ᠱᠧᠩ ᠯᠢ ᠲᠣᠰᠬᠤᠨ 4.885 ᠲᠦᠮᠡᠨ ᠮᠥ ᠪᠠᠶᠢᠵᠦ᠂ ᠬᠤᠩ ᠸᠧᠶ ᠲᠣᠰᠬᠤᠨ 3.34 ᠲᠦᠮᠡᠨ ᠮᠥ ᠪᠠᠶᠢᠵᠦ᠂ ᠲᠡᠯ ᠠᠭᠤᠯᠠ | ᠪᠠᠯᠭᠠᠰᠤᠨ ᠤ ᠰᠢᠩ ᠹᠧᠩ ᠲᠣᠰᠬᠤᠨ 2.305 ᠲᠦᠮᠡᠨ ᠮᠥ ᠪᠠᠶᠢᠵᠦ᠂ ᠱᠧᠩ ᠯᠢ ᠲᠣᠰᠬᠤᠨ 4.47 ᠲᠦᠮᠡᠨ ᠮᠥ ᠪᠤᠯᠤᠨ᠎ᠠ᠃ 10 ᠰᠠᠷ᠎ᠠ ᠶᠢᠨ 24 ᠤ ᠡᠳᠦᠷ | ᠪᠣᠯᠲᠠᠯ᠎ᠠ᠂ 5 ᠲᠦᠮᠡᠨ ᠮᠦ ᠶᠢᠨ ᠪᠦᠳᠦᠭᠡᠨ ᠪᠠᠶᠢᠭᠤᠯᠤᠯᠳᠠ ᠶᠢ ᠳᠠᠭᠤᠰᠬᠠᠵᠤ᠂ ᠦᠯᠡᠳᠡᠭᠰᠡᠨ 10 ᠲᠦᠮᠡᠨ ᠮᠦ ᠶᠢ ᠯᠠᠪᠳᠠᠭᠤᠨ ᠢᠶᠠᠷ ᠠᠬᠢᠭᠤᠯᠵᠦ ᠪᠤᠢ᠃ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢ ᠰᠠᠶᠢᠵᠢᠷᠠᠭᠤᠯᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠬᠥᠷᠥᠰᠥ ᠰᠢᠷᠣᠢ ᠶᠢ ᠰᠠᠶᠢᠵᠢᠷᠠᠭᠤᠯᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠳᠤᠨ ᠭᠤᠣᠯ ᠤᠨ ᠤᠰᠤ ᠶᠢ ᠲᠠᠲᠠᠵᠤ ᠲᠤᠰᠤᠯᠭᠠᠨ ᠤᠰᠤᠯᠠᠬᠤ᠂ ᠬᠤᠳᠳᠤᠭ ᠪᠤᠯᠤᠨ ᠬᠠᠳᠤᠨ ᠭᠤᠣᠯ ᠤᠨ | ᠬᠤᠣᠰ ᠤᠰᠤᠯᠠᠯᠲᠠ ᠪᠠ ᠲᠠᠷᠢᠶᠠᠨ ᠭᠠᠵᠠᠷ ᠤᠨ ᠵᠠᠮ᠂ ᠤᠯᠤᠮ ᠤᠨ ᠬᠥᠭᠦᠷᠭᠡ᠂ ᠤᠰᠤ ᠭᠠᠲᠤᠯᠬᠤ ᠵᠠᠮ ᠤᠨ ᠳᠠᠯᠠᠩ ᠵᠡᠷᠭᠡ ᠢᠨᠵᠧᠨᠧᠷᠢᠩ ᠢ ᠢᠵᠢ ᠪᠦᠷᠢᠳᠦᠬᠦᠯᠤᠨ | ᠪᠦᠳᠦᠭᠡᠨ ᠪᠠᠶᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠶᠢᠯ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ | ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠲᠠᠬᠢᠨ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠵᠦ ᠪᠤᠢ᠃ | ᠤᠷᠠᠳ ᠤᠨ ᠳᠤᠮᠳᠠᠳᠤ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ 36.28 | ᠲᠦᠮᠡᠨ ᠮᠥ ᠨᠢᠭᠡᠨᠲᠡ ᠭᠤᠶᠤᠴᠢᠯᠠᠨ ᠮᠡᠳᠡᠭᠦᠯᠵᠦ᠂ 26.47 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠲᠤ ᠬᠤᠯᠪᠣᠭᠳᠠᠬᠤ ᠪᠤᠯᠤᠨ᠎ᠠ᠃ | |