ᠤᠷᠠᠳ ᠤᠨ ᠳᠤᠮᠳᠠᠳᠤ ᠬᠤᠰᠢᠭᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2023/11/28
      ᠤᠷᠠᠳ ᠤᠨ ᠳᠤᠮᠳᠠᠳᠤ ᠬᠤᠰᠢᠭᠤ ᠭᠤᠤᠯᠳᠠᠯᠭ᠎ᠠ ᠲᠠᠢ ᠲᠡᠷᠭᠡ ᠬᠦᠰᠭᠡ ᠪᠠ ᠵᠢᠯᠣᠭᠤᠴᠢ ᠶᠢᠨ ᠬᠠᠮᠢᠶᠠᠷᠤᠯᠲᠠ᠂ ᠵᠠᠮ ᠵᠢᠴᠢ ᠵᠠᠮ ᠬᠠᠷᠢᠯᠴᠠᠭᠠᠨ ᠤ ᠲᠥᠬᠦᠭᠡᠷᠦᠮᠵᠢ  ᠶᠢᠨ ᠬᠠᠮᠢᠶᠠᠷᠤᠯᠲᠠ᠂ ᠵᠠᠮ ᠨᠡᠪᠲᠡᠷᠡᠯᠭᠡ ᠶᠢᠨ ᠡᠮᠬᠢ ᠳᠢᠭᠯᠢᠮ ᠤᠨ ᠬᠠᠮᠢᠶᠠᠷᠤᠯᠲᠠ᠂ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ ᠪᠠᠶᠢᠨ᠎ᠠ᠃ ︽ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ᠂ ᠭᠤᠷᠪᠠᠳᠤᠭᠠᠷ ᠲᠥᠷᠥᠯ ᠠᠴᠠ ᠳᠡᠭᠡᠭᠰᠢᠬᠢ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠷᠭᠡ᠂ ᠠᠶᠤᠯᠲᠠᠶ ᠬᠢᠮᠢ  ᠶᠢᠨ ᠡᠳ᠋᠂ ᠬᠤᠸᠠᠷ ᠫᠤᠤᠵᠢᠩ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠲᠡᠭᠡᠭᠡᠪᠦᠷᠢᠯᠡᠯᠳᠡ ᠶᠢᠨ ᠲᠤᠰᠬᠠᠶ ᠲᠡᠷᠭᠡ ᠬᠥᠰᠬᠡ᠂ ᠪᠠᠷᠠᠭᠠᠨ ᠤ ᠲᠡᠷᠭᠡ ᠬᠦᠰᠬᠡ︾ ᠪᠠ ᠬᠥᠳᠡᠭᠡ ᠲᠣᠰᠬᠤᠨ ᠤ ᠮᠢᠶᠠᠨᠪᠣᠤ ᠲᠡᠷᠭᠡ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠶᠢ ᠴᠢᠩᠭ᠎ᠠ ᠬᠠᠮᠢᠶᠠᠷᠴᠤ᠂ ᠠᠷᠢᠬᠢ ᠤᠤᠭᠤᠭᠠᠳ ᠲᠡᠷᠭᠡ ᠵᠢᠯᠣᠭᠤᠤᠨᠬᠤ ᠪᠤᠶᠤ ᠰᠣᠭᠲᠣᠭᠤ ᠪᠠᠷ ᠲᠡᠷᠭᠡ ᠵᠢᠯᠣᠭᠤᠤᠨᠬᠤ᠂ ᠲᠤᠭᠳᠠᠭᠰᠠᠨ ᠠᠶᠠᠨᠴᠢᠤᠨ ᠤᠨ ᠲᠤᠭ᠎ᠠ ᠠᠴᠠ ᠬᠡᠲᠦᠷᠡᠲᠡᠯ᠎ᠡ ᠠᠴᠢᠶᠠᠯᠠᠭᠰᠠᠨ᠂ ᠬᠠᠤᠯᠢ ᠶᠢ ᠵᠥᠷᠢᠴᠡᠨ ᠠᠶᠠᠨᠴᠢᠤᠨ ᠰᠠᠭᠤᠯᠭᠠᠭᠰᠠᠨ᠂ ᠶᠠᠳᠠᠷᠠᠯ ᠲᠠᠢ ᠪᠠᠷ ᠲᠡᠷᠭᠡ ᠵᠢᠯᠣᠭᠤᠳᠤᠭᠰᠠᠨ ᠵᠡᠷᠭᠡ ᠬᠠᠤᠯᠢ ᠶᠢ ᠵᠥᠷᠢᠴᠡᠭᠰᠡᠨ ᠭᠤᠣᠯᠳᠠᠯᠭ᠎ᠠ ᠲᠠᠢ ᠦᠢᠯᠡ ᠠᠵᠢᠯᠯᠠᠭ᠎ᠠ ᠶᠢ ᠪᠠᠶᠢᠴᠠᠭᠠᠨ ᠴᠢᠩᠭ᠎ᠠ ᠰᠢᠢᠳᠪᠦᠷᠢᠯᠡᠵᠦ᠂ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠦ ᠪᠠᠶᠢᠨ᠎ᠠ᠃      10 ᠰᠠᠷ᠎ᠠ ᠶᠢᠨ 24 ᠤ ᠡᠳᠦᠷ ᠪᠣᠯᠲᠠᠯ᠎ᠠ᠂ ︽  ᠭᠠᠷᠠᠭ  ᠤᠨ  ᠰᠡᠬᠦᠯᠴᠢ  ᠠᠷᠢᠬᠢ  ᠤᠤᠭᠤᠭᠠᠳ  ᠲᠡᠷᠭᠡ  ᠵᠢᠯᠣᠭᠤᠤᠨᠬᠤ ᠶᠢ ᠡᠷᠡᠰ  ᠬᠤᠷᠢᠭᠯᠠᠬᠤ︾᠂ ︽ᠪᠠᠷᠠᠭᠠᠨ ᠤ ᠲᠡᠷᠭᠡ ᠶᠢ ᠴᠡᠭᠴᠡᠯᠡᠨ ᠵᠠᠰᠠᠬᠤ︾᠂ ︽ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠡᠪᠡᠷᠰᠢᠭᠦᠯᠬᠦ︾ ᠵᠡᠷᠭᠡ ᠲᠤᠰᠬᠠᠶ ᠠᠵᠢᠯᠯᠠᠭ᠎ᠠ ᠶᠢ 103 ᠤᠳᠠᠭ᠎ᠠ ᠥᠷᠨᠢᠭᠦᠯᠵᠦ᠂ 28 ᠤᠳᠠᠭ᠎ᠠ ᠬᠠᠮᠵᠢᠯᠴᠠᠨ ᠵᠠᠰᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ 54235 ᠬᠤᠪᠢ ︵ᠤᠳᠠᠭ᠎ᠠ︶ ᠪᠠᠶᠢᠴᠠᠭᠠᠨ  ᠰᠢᠢᠳᠪᠦᠷᠢᠯᠡᠪᠡ᠂ ᠡᠭᠦᠨ ᠳᠤ ᠦᠨᠡᠮᠯᠡᠯ ᠥᠬᠡᠶ ᠪᠠᠷ ᠵᠢᠯᠣᠭᠤᠳᠤᠭᠰᠠᠨ 186 ᠬᠤᠪᠢ ᠬᠡᠷᠡᠭ ᠪᠠᠶᠢᠵᠦ᠂ ᠠᠷᠢᠬᠢ ᠤᠤᠭᠤᠭᠠᠤᠨ ᠲᠡᠷᠭᠡ ᠵᠢᠯᠣᠭᠤᠳᠤᠭᠰᠠᠨ 85 ᠬᠤᠪᠢ ᠬᠡᠷᠡᠭ ᠪᠠᠶᠢᠵᠦ᠂ ᠰᠣᠭᠲᠣᠭᠤ ᠪᠠᠷ ᠲᠡᠷᠭᠡ ᠵᠢᠯᠣᠭᠤᠳᠤᠭᠰᠠᠨ 31 ᠬᠤᠪᠢ ᠬᠡᠷᠡᠭ ᠪᠠᠶᠢᠵᠦ᠂ ᠲᠤᠭᠳᠠᠭᠰᠠᠨ ᠬᠤᠷᠳᠤᠴᠠ ᠠᠴᠠ ᠬᠡᠳᠤᠷᠡᠨ ᠵᠢᠯᠣᠭᠤᠳᠤᠭᠰᠠᠨ 14879 ᠬᠤᠪᠢ ᠬᠡᠷᠡᠭ ᠪᠠᠶᠢᠵᠦ᠂ ᠪᠠᠷᠠᠭᠠᠨ ᠤ ᠲᠡᠷᠭᠡ ᠶᠢᠨ ᠲᠠᠭᠠᠭᠠᠴᠠ ᠬᠡᠲᠦᠷᠡᠭᠰᠡᠨ 144 ᠬᠤᠪᠢ ᠬᠡᠷᠡᠭ ᠪᠠᠶᠢᠵᠦ᠂ ᠮᠠᠰᠢᠨᠲᠤ ᠪᠤᠰᠤ ᠲᠡᠷᠭᠡ ᠵᠢᠯᠣᠭᠤᠳᠤᠭᠰᠠᠨ 10158 ᠬᠤᠪᠢ ᠬᠡᠷᠡᠭ ᠢ ᠪᠠᠶᠢᠴᠠᠭᠠᠨ  ᠰᠢᠢᠳᠪᠦᠷᠢᠯᠡᠪᠡ᠃ ᠠᠳᠡᠯ ᠣᠯᠠᠨ ᠭᠠᠷᠳᠠᠭ ᠦᠬᠡᠳᠡ ᠵᠠᠮ᠂ ᠮᠤᠷᠤᠶ ᠵᠠᠮ ᠵᠡᠷᠭᠡ ᠶᠢᠨ ᠳᠠᠯᠳᠠ ᠭᠡᠮ ᠲᠠᠢ 1164 ᠬᠡᠰᠡᠭ ᠢ ᠵᠢᠭᠰᠠᠭᠠᠨ ᠪᠠᠶᠢᠴᠠᠭᠠᠬᠤ ᠶᠢᠨ ᠬᠠᠮᠲᠤ ᠳᠡᠭᠡᠭᠰᠢ ᠮᠡᠳᠡᠭᠦᠯᠪᠡ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ