ᠤᠷᠠᠳ ᠤᠨ ᠳᠤᠮᠳᠠᠳᠤ ᠬᠤᠰᠢᠭᠤ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠲᠥᠷᠥᠯ  ᠵᠦᠢᠯ ᠢ ᠯᠠᠪᠳᠠᠭᠤᠨ ᠪᠠᠲᠤᠲᠠᠶ ᠠᠬᠢᠭᠤᠯᠵᠤ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠦ ᠪᠤᠢ
ᠨᠡᠶᠢᠲᠡᠯᠡᠭᠰᠡᠨ ᠴᠠᠭ᠄
2023/11/28
      ᠨᠢᠭᠡ ᠳᠤ᠂ ᠬᠠᠯᠢᠭᠤᠲᠤ ᠪᠠᠯᠭᠠᠰᠤᠨ ᠤ ᠡᠷᠭᠢᠨ ᠲᠣᠭᠤᠷᠢᠨ ᠤ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ ᠢ ᠨᠢᠭᠡᠨᠲᠡ 20 ᠲᠡᠭᠰᠢ ᠳᠥᠷᠪᠡᠯᠵᠢᠨ  ᠺᠢᠯᠣᠮᠧᠲᠷ ᠪᠡᠶᠡᠯᠡᠭᠦᠯᠵᠦ᠂ ᠵᠢᠯ ᠤᠨ ᠡᠭᠦᠷᠭᠡ ᠪᠠᠨ ᠪᠡᠶᠡᠯᠡᠭᠦᠯᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ︵2021︶ ᠤᠨ ᠤᠰᠤᠨ ᠠᠰᠢᠭᠯᠠᠯᠲᠠ ᠤᠰᠤᠨ ᠬᠠᠮᠠᠭᠠᠯᠠᠯᠲᠠ ᠶᠢᠨ ᠲᠥᠷᠥᠯ  ᠵᠦᠢᠯ ᠨᠢᠭᠡᠨᠲᠡ ᠠᠵᠢᠯ ᠢᠶᠠᠨ ᠳᠠᠭᠤᠰᠬᠠᠪᠠ᠃ ᠬᠤᠶᠠᠷ ᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠨ ᠰᠢᠨᠡᠳᠬᠡᠬᠦ ᠨᠥᠬᠦᠷᠯᠡᠯ ᠰᠠᠯᠪᠤᠷᠢ ᠰᠤᠪᠠᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠪᠡᠶᠡᠯᠡᠭᠦᠯᠵᠦ᠂ 2332 ᠲᠦᠮᠡᠨ ᠲᠥᠭᠦᠷᠢᠭ ᠤᠨ ᠪᠠᠯᠠ ᠣᠷᠣᠭᠤᠯᠤᠨ᠂ ᠤᠰᠤᠨ ᠰᠤᠪᠠᠭ ᠤᠨ ᠨᠡᠪᠴᠢᠯᠲᠡ ᠶᠢ ᠰᠡᠷᠭᠡᠶᠢᠯᠡᠬᠦ ᠳᠣᠲᠣᠷ ᠴᠣᠭᠴᠠᠯᠠᠯᠲᠠ ᠶᠢ 7  ᠺᠢᠯᠣᠮᠧᠲᠷ ᠬᠡᠷᠡᠭᠵᠢᠭᠦᠯᠵᠦ᠂ ᠳᠣᠲᠣᠷ ᠴᠣᠭᠴᠠᠯᠠᠯᠲᠠ ᠶᠢᠨ ᠬᠡᠰᠡᠭ ᠤᠨ ᠳᠣᠲᠣᠷᠠᠬᠢ ᠡᠯ᠎ᠡ ᠲᠥᠷᠥᠯ ᠤᠨ ᠪᠠᠷᠢᠯᠭ᠎ᠠ ᠶᠢ 68 ᠰᠠᠭᠤᠷᠢ ᠥᠭᠡᠷᠡᠴᠢᠯᠡᠨ ᠵᠠᠰᠠᠪᠠ᠃ ᠭᠤᠷᠪᠠ ᠳᠤ᠂ ᠤᠰᠤᠨ ᠰᠢᠰᠲ᠋ᠧᠮ ᠢ ᠨᠡᠪᠲᠡᠷᠡᠭᠦᠯᠬᠦ ᠵᠢᠴᠢ ᠤᠰᠤᠨ ᠠᠰᠢᠭᠯᠠᠯᠳᠠ ᠶᠢᠨ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠰᠢᠶᠠᠨ ᠤ ᠲᠥᠷᠥᠯ  ᠵᠦᠢᠯ ᠨᠢ ᠪᠠᠷᠢᠯᠭ᠎ᠠ ᠶᠢᠨ ᠬᠡᠮᠵᠢᠶ᠎ᠡ ᠶᠢᠨ 90% ᠶᠢ ᠪᠡᠶᠡᠯᠡᠬᠦᠯᠦᠭᠰᠡᠨ ᠪᠠᠶᠢᠨ᠎ᠠ᠃ ᠬᠤᠶᠡᠷ ᠪᠤᠭᠳᠠ ᠶᠢᠨ ᠠᠭᠤᠯᠠ ᠶᠢᠨ ᠤᠰᠤᠨ ᠴᠥᠭᠦᠷᠥᠮ- ᠭᠠᠭᠴᠠᠮᠤᠳᠤ ᠬᠢᠯᠢ ᠶᠢᠨ ᠪᠣᠭᠤᠮᠲᠠ ᠶᠢᠨ ᠤᠰᠤ ᠬᠠᠩᠭᠠᠬᠤ ᠢᠨᠵᠧᠨᠧᠷᠢᠩ ᠨᠢ ᠪᠦᠬᠦ ᠢᠨᠵᠧᠨᠧᠷᠢᠩ ᠤᠨ 75% ᠶᠢ ᠪᠡᠶᠡᠯᠡᠬᠦᠯᠪᠠ᠃ ᠬᠠᠭᠭᠤᠯᠠ᠂ ᠴᠢᠨᠳᠠᠮᠤᠨᠢ ᠶᠢᠨ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠢᠴᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠲᠣᠭᠲᠠᠭᠤᠨ  ᠢᠶᠠᠷ ᠠᠬᠢᠵᠤ᠂ 833 ᠲᠦᠮᠡᠨ ᠲᠡᠭᠰᠢ ᠳᠥᠷᠪᠡᠯᠵᠢᠨ  ᠮᠧᠲᠷ ᠰᠢᠷᠣᠢ ᠮᠠᠯᠲᠠᠬᠤ ᠠᠵᠢᠯ ᠢ ᠪᠡᠶᠡᠯᠡᠭᠦᠯᠪᠡ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ