ᠨᠢᠭᠡ ᠳᠤ᠂ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ ᠪᠤᠳᠠᠭᠠᠨ ᠤ ᠤᠨᠠᠯᠲᠠ ᠶᠢ | ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠦᠨ᠂ 5.35 ᠲᠦᠮᠡᠨ ᠮᠥ ᠥᠨᠳᠥᠷ ᠤᠨᠠᠯᠲᠠ ᠲᠠᠢ ᠥᠨᠳᠥᠷ ᠪᠦᠲᠦᠮᠵᠢᠲᠡᠶ ᠨᠡᠶᠢᠲᠡᠯᠢᠭ ᠵᠢᠱᠢᠶ᠎ᠡ ᠶᠢ ᠪᠣᠶ | ᠪᠣᠯᠭᠠᠵᠤ᠂ ᠬᠤᠲᠠ ᠶᠢᠨ ᠲᠠᠰ ᠤᠨ ᠥᠨᠳᠥᠷ ᠪᠠᠷᠢᠮᠵᠢᠶᠠᠲᠤ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ 2 ᠢ | ᠪᠥᠲᠥᠭᠡᠨ ᠪᠠᠶᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢᠨ ᠲᠥᠪᠯᠡᠷᠡᠨ | ᠵᠠᠯᠭᠠᠯᠳᠤᠭᠰᠠᠨ ᠮᠢᠩᠭᠠᠨ ᠮᠥ ᠶᠢᠨ ᠬᠡᠰᠡᠭᠲᠦ ᠭᠠᠵᠠᠷ ᠤᠨ ᠵᠢᠱᠢᠶ᠎ᠡ ᠦᠵᠡᠭᠦᠯᠬᠦ ᠣᠷᠣᠨ 4 ᠶᠢ ᠪᠠᠶᠢᠭᠤᠯᠵᠤ᠂ ᠥᠨᠳᠥᠷ ᠤᠨᠠᠯᠲᠠ ᠲᠠᠢ 2 ᠲᠦᠮᠡᠨ ᠮᠤ᠋ ᠶᠢᠨ ᠬᠡᠰᠡᠭᠳᠦ | ᠭᠠᠵᠠᠷ᠂ 10 ᠮᠢᠩᠭᠠᠨ ᠮᠤ᠋ ᠶᠢᠨ ᠬᠡᠰᠡᠭᠳᠦ ᠭᠠᠵᠠᠷ ᠢ ᠪᠦᠳᠦᠭᠡᠨ ᠪᠠᠶᠢᠭᠤᠯᠪᠠ᠃ ᠪᠥᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 107.41 | ᠲᠦᠮᠡᠨ ᠮᠥ ︵ᠡᠭᠦᠨ ᠳᠤ ᠪᠣᠭᠤᠳᠠᠶ 14.68 ᠲᠦᠮᠡᠨ ᠮᠥ︶ ᠬᠦᠷᠴᠦ᠂ ᠲᠠᠷᠢᠮᠠᠯ ᠤᠨ ᠲᠠᠯᠠᠪᠠᠶ 164.33 ᠲᠦᠮᠡᠨ ᠮᠥ ᠬᠦᠷᠴᠡᠶ᠃ | ᠬᠤᠶᠠᠷ ᠲᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ 15 ᠲᠦᠮᠡᠨ ᠮᠥ ᠬᠡᠷᠡᠭᠵᠢᠭᠦᠯᠪᠠ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠪᠠᠨ ᠳᠡᠭᠡᠭᠰᠢᠯᠡᠭᠦᠯᠵᠦ᠂ ᠲᠦᠬᠦᠬᠡᠷᠤᠮᠵᠢᠳᠦ ᠲᠠᠷᠢᠶᠠᠯᠠᠩ ᠮᠠᠯ ᠠᠵᠤ ᠠᠬᠤᠶ ᠵᠢᠭᠠᠰᠤᠨ ᠠᠵᠤ | ᠠᠬᠤᠶ ᠶᠢᠨ ᠲᠣᠭᠤᠷᠢᠭ 12 ︵ᠡᠭᠦᠨ ᠳᠤ᠂ ᠲᠦᠬᠦᠬᠡᠷᠤᠮᠵᠢᠳᠦ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ 4᠂ | ᠲᠦᠬᠦᠬᠡᠷᠤᠮᠵᠢᠳᠦ ᠮᠠᠯ ᠠᠵᠤ ᠠᠬᠤᠶ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠲᠣᠭᠤᠷᠢᠭ 5᠂ ᠲᠦᠬᠦᠬᠡᠷᠤᠮᠵᠢᠳᠦ ᠦᠷ᠎ᠡ ᠡᠬᠦᠯᠳᠡᠷ ᠤᠨ ᠦᠢᠯᠡᠰ ᠤᠨ | ᠲᠣᠭᠤᠷᠢᠭ 2᠂ ᠲᠦᠬᠦᠬᠡᠷᠤᠮᠵᠢᠳᠦ ᠵᠢᠭᠠᠰᠤᠨ ᠠᠵᠤ ᠠᠬᠤᠶ ᠶᠢᠨ ᠠᠵᠤ ᠦᠢᠯᠡᠰ ᠤᠨ ᠲᠣᠭᠤᠷᠢᠭ 1︶ ᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠪᠠ᠃ | ᠭᠤᠷᠪᠠ ᠳᠤ᠂ 9 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠬᠤᠰᠢᠭᠤᠨ ᠤ ᠮᠠᠯ ᠤᠨ ᠲᠤᠭ᠎ᠠ 275.3 ᠲᠦᠮᠡᠨ ᠲᠤᠯᠤᠭᠠᠢ ᠳᠤ ᠬᠦᠷᠴᠦ᠂ ᠮᠠᠯ ᠤᠨ | ᠭᠠᠷᠭᠠᠯᠲᠠ 85.4 ᠲᠦᠮᠡᠨ ᠲᠤᠯᠤᠭᠠᠢ ᠳᠤ ᠬᠦᠷᠴᠦ᠂ ᠰᠠᠭᠠᠯᠢ ᠶᠢᠨ ᠦᠨᠢᠶᠡᠨ ᠤ ᠲᠤᠭ᠎ᠠ 5.51 ᠲᠦᠮᠡᠨ ᠲᠣᠯᠣᠭᠠᠢ ᠳᠤ ᠬᠦᠷᠴᠦ᠂ ᠰᠦ ᠶᠢᠨ | ᠭᠠᠷᠤᠯᠲᠠ 1.94 ᠲᠦᠮᠡᠨ ᠲᠣᠨ ᠳᠤ ᠬᠦᠷᠴᠡᠢ᠃ | | | |