ᠲᠦᠷᠦᠭᠦᠦ ᠭᠤᠷᠪᠠᠨ ᠤᠯᠠᠷᠢᠯ ᠳᠤ ᠤᠷᠠᠳ ᠤᠨ ᠳᠤᠮᠳᠠᠳᠤ ᠬᠤᠰᠢᠭᠤᠨ ᠤ ᠪᠦᠬᠦᠯᠢ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠰᠠᠶᠢᠵᠢᠷᠠᠬᠤ ᠬᠠᠨᠳᠤᠰᠢ ᠪᠠᠨ ᠪᠠᠲᠤᠯᠠᠪᠠ
ᠨᠡᠶᠢᠲᠡᠯᠡᠭᠰᠡᠨ ᠴᠠᠭ᠄
2023/11/28
      1-9 ᠰᠠᠷ᠎ᠠ ᠳᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠤ  ᠦᠢᠯᠡᠳᠪᠦᠷᠢ ᠶᠢᠨ ᠨᠡᠭᠦᠷᠡᠰᠦ ᠤᠬᠢᠶᠠᠬᠤ ᠵᠢᠴᠢ ᠨᠡᠭᠦᠷᠡᠰᠦ ᠬᠢᠮᠢ ᠶᠢᠨ ᠠᠵᠤ  ᠦᠢᠯᠡᠳᠪᠦᠷᠢ ᠶᠢᠨ ᠠᠵᠢᠯ ᠲᠥᠷᠥᠯ ᠵᠢᠴᠢ ᠰᠢᠨ᠎ᠡ ᠪᠠᠷ ᠬᠡᠪᠴᠢᠶᠠᠵᠢᠯ ᠳᠤ ᠤᠷᠤᠭᠰᠠᠨ ᠠᠵᠤ ᠠᠬᠤᠶᠢᠯᠠᠯ ᠤᠨ ᠲᠠᠭᠠᠭᠤᠯᠬᠤ ᠶᠢ ᠬᠦᠯᠢᠶᠡᠨ ᠠᠪᠴᠦ᠂ ᠨᠡᠯᠢᠶᠡᠳ ᠥᠨᠳᠥᠷ ᠨᠡᠮᠡᠭᠳᠡᠯ ᠤᠨ ᠬᠢᠷᠢ ᠲᠦᠪᠰᠢᠨ ᠢ ᠪᠠᠲᠤᠯᠠᠵᠤ᠂ ᠨᠡᠭᠦᠷᠡᠰᠦᠨ ᠤ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ  ᠦᠢᠯᠡᠴᠢᠯᠡᠭᠡᠨ ᠤ  ᠦᠢᠯᠡᠰ ᠨᠢ ᠬᠢᠯᠢ ᠶᠢᠨ ᠪᠣᠭᠤᠮᠲᠠ ᠶᠢᠨ ᠠᠷᠠᠯᠵᠢᠶᠠᠨ ᠤ ᠬᠡᠮᠵᠢᠶ᠎ᠡ ᠶᠢᠨ ᠶᠡᠭᠡ ᠨᠡᠮᠡᠭᠳᠡᠯ ᠳᠤ ᠳᠠᠶᠢᠴᠢᠯᠠᠭᠳᠠᠨ᠂ ᠮᠥᠨ ᠬᠦ ᠨᠡᠯᠢᠶᠡᠳ ᠴᠢᠩᠭ᠎ᠠ ᠰᠡᠷᠭᠦᠯᠲᠡ ᠶᠢᠨ ᠪᠠᠶᠢᠳᠠᠯ ᠢ ᠪᠠᠲᠤᠯᠠᠪᠠ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 85.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢᠳᠬᠠᠵᠤ ᠪᠣᠯᠬᠤᠶᠢᠴᠠ ᠦᠨ᠎ᠡ ᠶᠢᠨ ᠨᠡᠮᠡᠭᠳᠡᠯ ᠤᠨ ᠬᠤᠷᠳᠤᠴᠠ ᠨᠢ 17.1% ᠳᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠳᠥᠷᠪᠡᠳᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠨᠢᠭᠡᠳᠦᠭᠡᠷ ᠲᠤ ᠣᠷᠣᠵᠤ᠂ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 9.9 ᠵᠠᠭᠤᠨ ᠤ ᠬᠤᠪᠢ ᠥᠨᠳᠥᠷ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠨᠡᠶᠢᠲᠡ 115.7 ᠳ᠋ᠦᠩᠰᠢᠭᠤᠷ ᠲᠥᠭᠦᠷᠢᠭ ᠤᠨ ᠠᠵᠤ  ᠦᠢᠯᠡᠳᠪᠦᠷᠢ ᠶᠢᠨ ᠶᠡᠷᠦᠩᠬᠡᠶ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 27.3% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 34.73 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 55.3% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠵᠤ᠂ ᠪᠦᠬᠦ ᠬᠤᠲᠠ ᠶᠢᠨ ᠳᠤᠮᠳᠠᠴᠢ ᠲᠦᠪᠰᠢᠨ ᠠᠴᠠ 17.8 ᠵᠠᠭᠤᠨ ᠤ ᠬᠤᠪᠢ ᠥᠨᠳᠥᠷ ᠪᠣᠯᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 10.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 8.95 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.8% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠡ ᠣᠷᠣᠯᠭ᠎ᠠ 31470 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ  ᠲᠤ ᠣᠷᠣᠪᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠡ ᠣᠷᠣᠯᠭ᠎ᠠ 17128 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠳᠥᠷᠪᠡᠳᠦᠭᠡᠷ  ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠤᠶᠠᠳᠤᠭᠠᠷ ᠲᠤ ᠣᠷᠣᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ