ᠤᠷᠠᠳ ᠤᠨ ᠳᠤᠮᠳᠠᠳᠤ ᠬᠤᠰᠢᠭᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/28
      10 ᠰᠠᠷ᠎ᠠ ᠶᠢᠨ 23 ᠤ ᠡᠳᠦᠷ᠂ ᠤᠷᠠᠳ ᠤᠨ ᠳᠤᠮᠳᠠᠳᠤ ᠬᠤᠰᠢᠭᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ᠂ ᠲᠠᠩᠰᠠ ᠡᠪᠬᠡᠮᠡᠯ ᠢ ᠡᠮᠬᠢᠯᠡᠬᠦ᠂ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦᠷᠢᠨ ᠬᠤᠷᠠᠯ ᠢ ᠡᠷᠭᠢᠯᠡᠵᠦ᠂ ᠨᠢᠭᠡᠳᠦᠮᠡᠯ ᠹᠷᠣᠨᠲ ᠤᠨ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠥᠬᠦ ᠺᠠᠳ᠋ᠷ ᠪᠠ ᠠᠵᠢᠯᠳᠠᠳ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠰᠬᠠᠢ ᠠᠩᠭᠢ ᠶᠢᠨ ᠪᠦᠷᠢᠯᠳᠦᠭᠦᠨ ᠨᠠᠷ ᠬᠤᠷᠠᠯ ᠳᠤ ᠣᠷᠣᠯᠴᠠᠵᠠᠢ᠃       ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠢᠮᠠᠭᠲᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ᠂ ᠦᠨᠳᠦᠰᠦᠲᠡᠨ  ᠤ  ᠭᠠᠵᠠᠷ  ᠣᠷᠣᠨ  ᠤ  ᠡᠯ᠎ᠡ  ᠵᠦᠢᠯ  ᠤᠨ  ᠠᠵᠢᠯ  ᠤᠨ  ᠭᠤᠣᠯ  ᠰᠢᠵᠢᠮ  ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠤᠨ ᠲᠣᠮᠳᠠᠬᠢ ︽ᠳᠣᠯᠤᠭ᠎ᠠ ᠵᠦᠢᠯ ᠢᠶᠠᠷ ᠲᠠᠭᠤᠷᠢᠶᠠᠯ ᠪᠣᠯᠭᠠᠬᠤ︾ ᠴᠢᠬᠤᠯᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠠᠭᠤᠯᠭ᠎ᠠ ᠶᠢ ᠨᠠᠷᠢᠯᠢᠭᠵᠢᠭᠤᠯᠤᠨ᠂ ᠭᠤᠣᠯᠳᠠᠯᠭ᠎ᠠ ᠶᠢ ᠳᠣᠪᠤᠶᠢᠯᠭᠠᠵᠤ᠂ ᠵᠠᠩᠭᠢᠯᠠᠭ᠎ᠠ ᠶᠢ ᠡᠵᠡᠮᠳᠡᠨ᠂ ᠲᠠᠭᠤᠷᠢᠶᠠᠯ ᠢ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ  ᠪᠦᠬᠦ  ᠤᠯᠤᠰ  ᠤᠨ  ᠦᠨᠳᠦᠰᠦᠲᠡᠨ  ᠤ  ᠪᠦᠯᠬᠦᠮᠳᠡᠯ  ᠳᠠᠪᠰᠢᠯᠲᠠ  ᠶᠢᠨ  ᠵᠢᠱᠢᠶ᠎ᠡ  ᠦᠵᠡᠭᠦᠯᠬᠦ  ᠬᠤᠲᠠ ︵ᠬᠤᠰᠢᠭᠤ︶ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠠᠩ ᠪᠣᠳᠠᠲᠠᠢ ᠲᠥᠷᠥᠭᠳᠡᠯ ᠲᠠᠢ ᠪᠦᠲᠦᠮᠵᠢᠲᠡᠶ ᠪᠣᠶ ᠪᠣᠯᠭᠠᠵᠤ᠂ ᠪᠥᠬᠦ ᠵᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠤ ᠠᠵᠢᠯ ᠤᠨ ᠬᠦᠭᠵᠢᠯᠳᠡ ᠰᠢᠨ᠎ᠡ ᠶᠢ ᠡᠬᠦᠳᠬᠦ ᠶᠢ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ ᠪᠠᠶᠢᠭᠤᠯᠣᠨ᠎ᠠ ᠬᠡᠵᠣ ᠴᠢᠬᠤᠯᠠᠴᠢᠯᠠᠭᠰᠠᠨ ᠪᠠᠶᠢᠨ᠎ᠠ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ