ᠤᠷᠠᠳ ᠤᠨ ᠳᠤᠮᠳᠠᠳᠤ ᠬᠤᠰᠢᠭᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠦ ᠪᠤᠢ
ᠨᠡᠶᠢᠲᠡᠯᠡᠭᠰᠡᠨ ᠴᠠᠭ᠄
2023/11/28
      ᠨᠢᠭᠡ ᠳᠤ᠂ ᠡᠯ᠎ᠡ ᠲᠥᠷᠥᠯ ᠤᠨ ᠲᠠᠪᠴᠠᠩ ︽ᠢᠯᠡᠳᠲᠡ ᠦᠷ᠎ᠡ ᠪᠦᠲᠦᠮᠵᠢ ᠤᠯᠪᠠ︾᠃ ᠤᠷᠠᠳ ᠤᠨ ᠳᠤᠮᠳᠠᠳᠤ ᠬᠤᠰᠢᠭᠤᠨ ᠤ ᠣᠷᠣᠨ ᠪᠦᠰᠡ ᠶᠢᠨ ᠨᠠᠷᠠᠲᠤ ᠲᠡᠮᠳᠡᠭ ᠨᠢ 2023 ᠣᠨ ᠤ  ᠨᠠᠢᠮᠠᠳᠤᠭᠠᠷ ᠬᠤᠭᠤᠴᠠᠭᠠᠨ ᠤ ᠪᠡᠭᠡᠵᠢᠩ ᠤᠨ ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ ᠳᠤ ᠢᠯᠡᠷᠡᠵᠦ᠂ ᠬᠤᠤ ᠯᠢᠶᠠᠨ ᠹᠧᠩ᠂ ᠭᠤᠤ ᠲᠠ ᠯᠢᠶᠠᠩ ᠨᠠᠷ ᠦᠵᠡᠰᠬᠦᠯᠡᠩ ᠳᠤ ᠣᠷᠣᠯᠴᠠᠭᠰᠠᠨ ᠪᠥᠭᠡᠳ 12 ᠬᠤᠳᠠᠯᠳᠤᠭᠠᠴᠢᠨ ᠲᠠᠢ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ ᠪᠤᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠱᠢ ᠯᠦᠩ ᠠᠷᠠᠯᠵᠢᠶ᠎ᠠ ᠬᠤᠳᠠᠯᠳᠤᠭᠠᠨ ᠤ ᠺᠣᠮᠫᠠᠨᠢ ᠨᠢ ᠲᠠᠢ ᠤᠯᠤᠰ ᠲᠤ ᠬᠦᠷᠴᠦ ︽2023 ᠣᠨ ᠤ ᠠᠽᠢᠶ᠎ᠠ ᠲᠢᠪ ᠤᠨ ᠳᠡᠯᠡᠬᠡᠶ ᠶᠢᠨ ᠢᠳᠡᠭᠡᠨ ᠤᠮᠳᠠᠭᠠᠨ ᠤ ᠦᠵᠡᠰᠬᠦᠯᠡᠩ︾ ᠳᠤ ᠣᠷᠣᠯᠴᠠᠵᠤ᠂ 735 ᠲᠣᠨ ᠨᠡᠷᠡᠨ ᠬᠤᠸᠠᠷ ᠤᠨ ᠦᠷ᠎ᠡ ᠶᠢᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠶᠡᠷᠦᠩᠬᠡᠶ ᠦᠨ᠎ᠡ ᠨᠢ 950 ᠲᠦᠮᠡᠨ ᠲᠥᠭᠦᠷᠢᠭ ᠲᠤ ᠬᠥᠷᠪᠡ᠃       ᠬᠤᠶᠠᠷ ᠲᠤ᠂ ᠭᠠᠳᠠᠭᠠᠳᠤ ᠠᠷᠠᠯᠵᠢᠶ᠎ᠠ ︽ᠲᠣᠭᠲᠠᠭᠤᠨ ᠢᠶᠠᠷ ᠨᠡᠮᠡᠭᠳᠡᠪᠡ︾᠃ 9 ᠰᠠᠷ᠎ᠠ ᠶᠢᠨ ᠰᠡᠭᠦᠯᠴᠢ ᠪᠣᠯᠲᠠᠯ᠎ᠠ ᠦᠷ᠎ᠡ ᠴᠥᠮ᠎ᠡ᠂ ᠲᠥᠪᠡᠳ ᠬᠠᠰᠢ ᠪᠠᠷ ᠭᠤᠤᠯ ᠪᠣᠯᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ 5224.43 ᠲᠣᠨ ᠳᠤ ᠬᠦᠷᠴᠦ᠂ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ 520.59 ᠲᠦᠮᠡᠨ ᠳ᠋ᠣᠯᠯᠠᠷ ᠲᠤ ᠬᠦᠷᠴᠡᠶ᠃       ᠭᠤᠷᠪᠠ ᠳᠤ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠡᠬᠡᠪᠡᠷ ᠳᠡᠭᠡᠭᠰᠢᠯᠡᠪᠡ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 2747.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 139.4% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 2649.98 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 148.01% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠨᠤᠨᠲᠠᠭ 65.21 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.52% ᠢᠶᠠᠷ ᠨᠡᠮᠡᠭᠳᠡᠪᠡ᠃ ᠭᠠᠳᠠᠭᠠᠳᠤ ᠳᠤ ᠭᠠᠷᠭᠠᠭᠰᠠᠨ ᠪᠠᠷᠠᠭ᠎ᠠ 32.24 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.26% ᠪᠠᠷ ᠨᠡᠮᠡᠭᠳᠡᠪᠡ᠃       ᠳᠥᠷᠪᠡ ᠳᠤ᠂ ᠭᠠᠳᠠᠭᠠᠳᠤ ᠭᠠᠷᠭᠠᠯᠲᠠ ᠶᠢᠨ ᠢᠲᠡᠭᠡᠮᠵᠢᠲᠦ ᠵᠢᠭᠡᠯᠡᠯᠭᠡ᠂ ᠢᠲᠡᠭᠡᠮᠵᠢ ᠶᠢᠨ ᠳᠠᠭᠠᠳᠬᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ︽ᠪᠠᠶᠢᠩᠭᠤ ᠨᠠᠶᠢᠳᠠᠪᠤᠷᠢᠵᠢᠭᠤᠯᠪᠠ︾᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠭᠠᠳᠠᠭᠠᠳᠤ ᠠᠵᠤ ᠠᠬᠤᠶ ᠶᠢᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ︽ᠮᠧᠩ ᠱᠠᠩ ᠲᠣᠷᠭᠠᠨ ᠵᠠᠮ ᠤᠨ ᠠᠶᠠᠯᠠᠯ︾ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠡᠷᠬᠡ ᠠᠰᠢᠭ ᠢ ᠪᠠᠲᠤᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠪᠣᠯᠪᠠᠰᠤᠷᠠᠯ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠢ ᠵᠢᠯᠣᠭᠤᠳᠴᠤ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠪᠠ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ︽ᠳᠣᠲᠣᠭᠠᠳᠤ ᠡᠵᠡᠮᠳᠡᠯ ᠢᠶᠠᠨ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ᠂ ᠲᠣᠭᠲᠠᠭᠠᠯ ᠳᠤ ᠨᠡᠶᠢᠴᠡᠭᠦᠯᠬᠦ︾  ᠪᠠᠷ ᠤᠯᠠᠮ ᠨᠢᠭᠡ ᠠᠯᠬᠤᠮ ᠴᠢᠷᠮᠠᠶᠢᠪᠠ᠃ ᠲᠠᠪᠤ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ︽ᠥᠷᠭᠡᠵᠢᠪᠡ︾᠃ ᠳᠤᠮᠳᠠᠳᠤ ᠮᠣᠩᠭᠤᠯ ᠬᠤᠶᠡᠷ ᠤᠯᠤᠰ ᠤᠨ ᠠᠷᠠᠳ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠶᠢ 3 ᠤᠳᠠᠭ᠎ᠠ ᠠᠮᠵᠢᠯᠲᠠ ᠲᠠᠢ ᠡᠷᠬᠢᠯᠡᠵᠦ᠂ ᠮᠣᠩᠭᠤᠯ ᠤᠯᠤᠰ ᠤᠨ 268 ᠲᠠᠮᠢᠷᠴᠢᠨ ᠢ ᠤᠷᠠᠳ ᠤᠨ ᠳᠤᠮᠳᠠᠳᠤ ᠬᠤᠰᠢᠭᠤᠨ ᠳᠤ ᠤᠷᠢᠨ ᠰᠤᠷᠤᠯᠴᠠᠭᠤᠯᠵᠤ᠂ ᠳᠤᠮᠳᠠᠳᠤ ᠮᠣᠩᠭᠤᠯ ᠬᠤᠶᠡᠷ ᠤᠯᠤᠰ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ ᠬᠥᠭᠦᠷᠭᠡ ᠶᠢ ᠪᠠᠶᠢᠭᠤᠯᠪᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ