ᠤᠷᠠᠳ ᠤᠨ ᠳᠤᠮᠳᠠᠳᠤ ᠬᠤᠰᠢᠭᠤ ᠰᠢᠨ᠎ᠡ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2023/11/28
      ᠨᠢᠭᠡ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠲᠣᠣᠷ ᠲᠤ ᠨᠡᠶᠢᠯᠡᠭᠦᠯᠬᠦ ᠬᠡᠪᠴᠢᠶ᠎ᠡ ᠶᠢ 45 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ ᠭᠦᠸᠧ ᠬᠤᠸᠠ ᠶᠢᠨ 60 ᠺᠢᠯᠤᠸᠠᠲ᠂ ᠤᠩᠭᠤᠨ ᠤ 600 ᠺᠢᠯᠤᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠨ᠂ ᠵᠢᠶᠠ ᠨᠧᠩ ᠤᠨ 3 ᠲᠦᠮᠡᠨ ᠺᠢᠯᠣᠸᠠᠲ ᠤᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠶᠠᠭ ᠪᠥᠲᠥᠭᠡᠨ ᠪᠠᠶᠢᠭᠤᠯᠵᠤ᠂ ᠵᠢᠯ ᠤᠨ ᠡᠴᠤᠰ ᠠᠴᠠ ᠡᠮᠦᠨ᠎ᠡ ᠪᠠᠶᠢᠭᠤᠯᠵᠤ ᠳᠠᠭᠤᠰᠬᠠᠨ ᠲᠣᠤᠷ ᠲᠤ ᠨᠡᠶᠢᠯᠡᠭᠦᠯᠬᠦ ᠪᠠᠷ ᠲᠥᠯᠥᠪᠯᠡᠵᠦ ᠪᠣᠶ᠃ ᠰᠢᠨ᠎ᠡ ᠡᠨᠧᠷᠭᠢ ᠶᠢᠨ ᠲᠣᠤᠷᠵᠢᠯ ᠳᠤ ᠨᠡᠶᠢᠯᠡᠭᠦᠯᠦᠭᠰᠡᠨ ᠬᠡᠪᠴᠢᠶ᠎ᠡ 380 ᠲᠦᠮᠡᠨ ᠺᠢᠯᠣᠸᠠᠲ ᠲᠤ ᠬᠦᠷᠴᠦ᠂ ᠡᠭᠦᠨ ᠳᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 340 ᠲᠦᠮᠡᠨ ᠺᠢᠯᠣᠸᠠᠲ᠂ ᠬᠡᠷᠡᠯ ᠴᠡᠨᠡᠭ ᠤᠨ ᠮᠠᠰᠢᠨ ᠴᠣᠭᠴᠠᠯᠠᠪᠤᠷᠢ 30 ᠲᠦᠮᠡᠨ ᠺᠢᠯᠣᠸᠠᠲ ︵ᠠᠵᠤ  ᠦᠢᠯᠡᠳᠪᠦᠷᠢ ᠬᠤᠳᠠᠯᠳᠤᠭᠠᠨ ᠤ ᠲᠠᠷᠬᠠᠯᠲᠠ ᠶᠢᠨ ᠬᠡᠯᠪᠡᠷᠢ ᠶᠢᠨ ᠲᠥᠷᠥᠯ ᠵᠦᠢᠯ ᠪᠠᠭᠲᠠᠨ᠎ᠠ︶᠂ ᠬᠡᠷᠡᠯ ᠢᠯᠴᠢ  ᠶᠢᠨ ᠮᠠᠰᠢᠨ ᠴᠣᠭᠴᠠᠯᠠᠪᠤᠷᠢ 10 ᠲᠦᠮᠡᠨ ᠺᠢᠯᠣᠸᠠᠲ ᠪᠠᠶᠢᠵᠤ᠂ ᠪᠠᠶᠠᠨᠨᠠᠭᠤᠷ ᠬᠤᠲᠠ ᠳᠤ ᠨᠢᠭᠡᠳᠦᠭᠡᠷ ᠲᠤ ᠣᠷᠣᠪᠠ᠃       ᠬᠤᠶᠠᠷ ᠲᠤ᠂ ︽ᠰᠢᠨ᠎ᠡ ᠡᠨᠧᠷᠭᠢ +︾ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠰᠢᠪᠲᠤᠯᠤᠯᠲᠠ ᠲᠠᠢ ᠪᠣᠯᠪᠠ᠃ ᠶᠡᠷᠦᠩᠬᠡᠶ ᠪᠠᠯᠠ ᠣᠷᠣᠭᠤᠯᠤᠯᠲᠠ  ᠨᠢ ᠪᠠᠷᠤᠭ 77 ᠳ᠋ᠦᠩᠰᠢᠭᠤᠷ ᠲᠥᠭᠦᠷᠢᠭ ᠤᠨ ᠭᠤᠷᠪᠠ ᠨᠢᠭᠡ ᠶᠢᠨ ᠡᠨᠧᠷᠭᠢ ᠶᠢᠨ 50 ᠲᠦᠮᠡᠨ ᠺᠢᠯᠣᠸᠠᠲ ᠤᠨ ᠰᠠᠯᠬᠢᠨ ᠬᠡᠷᠡᠯ ᠤᠨ ᠤᠰᠤᠲᠥ᠋ᠷᠥᠭᠴᠢ ᠪᠠᠷ ᠰᠢᠪᠲᠦᠷ ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠣᠷᠣᠨ᠂ ᠵᠦᠩ ᠨᠧᠩ ᠡᠨᠧᠷᠭᠢ ᠰᠠᠯᠬᠢ ᠭᠡᠷᠡᠯ ᠤᠰᠤᠲᠥ᠋ᠷᠥᠭᠴᠢ ᠪᠠᠷ ᠰᠢᠪᠲᠦᠷ  ᠦᠢᠯᠡᠳᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ᠂ ᠶᠢᠨ ᠹᠧᠩ ᠬᠦᠨᠳᠦ ᠠᠵᠤ  ᠦᠢᠯᠡᠳᠪᠦᠷᠢ ᠶᠢᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠰᠤᠪᠤᠷᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠣᠭᠲᠠᠭᠤᠨ ᠢᠶᠠᠷ ᠠᠬᠢᠵᠤ᠂ ᠮᠧᠩ ᠨᠧᠩ ᠪᠦᠯᠦᠭᠯᠡᠯ ᠤᠨ 200 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠣᠯᠪᠠ᠃ 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ