ᠣᠶᠢᠷ᠎ᠠ ᠶᠢᠨ ᠡᠳᠦᠷ ᠤᠳ ᠲᠤ᠂ ᠤᠷᠠᠳ ᠤᠨ ᠳᠤᠮᠳᠠᠳᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠮᠤᠷ ᠡᠪᠦᠯ ᠤᠨ | ᠨᠡᠭᠦᠳᠡᠯ ᠤᠨ ᠰᠢᠪᠠᠭᠤᠳ ᠢ ᠲᠣᠭᠤᠷᠢᠨ ᠬᠠᠮᠠᠭᠠᠯᠠᠬᠤ ᠪᠠ ᠬᠢᠨᠠᠯᠳᠠ ᠲᠠᠯᠪᠢᠬᠤ ᠠᠵᠢᠯ ᠢ ᠢᠳᠡᠪᠬᠢᠲᠡᠢ ᠥᠷᠨᠢᠭᠦᠯᠵᠦ᠂ ᠬᠢᠯᠢ ᠬᠢᠵᠠᠭᠠᠷ ᠢᠶᠠᠷ ᠥᠩᠭᠡᠷᠡᠬᠦ ᠨᠡᠭᠦᠳᠡᠯ ᠤᠨ | ᠰᠢᠪᠠᠭᠤᠳ ᠤᠨ ᠲᠤᠭ᠎ᠠ᠂ ᠲᠠᠷᠬᠠᠯᠲᠠ ᠶᠢᠨ ᠪᠠᠶᠢᠳᠠᠯ ᠵᠢᠴᠢ ᠣᠷᠣᠰᠢᠨ ᠠᠮᠢᠳᠤᠷᠠᠬᠤ᠂ ᠨᠡᠭᠦᠳᠡᠯᠯᠡᠬᠦ ᠵᠢᠮ᠎ᠡ ᠶᠣᠰᠣ ᠶᠢ ᠬᠠᠮᠤᠭ ᠤᠨ ᠲᠡᠷᠢᠭᠦᠨ ᠳᠤ ᠣᠶᠢᠯᠠᠭᠠᠨ | ᠡᠵᠡᠮᠰᠢᠬᠦ ᠶᠢ ᠪᠠᠲᠤᠯᠠᠵᠤ᠂ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠶᠢ ᠬᠠᠮᠠᠭᠠᠯᠠᠪᠠ᠃ | ᠮᠦᠶᠠᠩᠬᠠᠢ ᠶᠢᠨ ᠨᠣᠭᠤ ᠭᠠᠵᠠᠷ ᠪᠣᠯ ᠨᠡᠭᠦᠳᠡᠯ ᠤᠨ ᠰᠢᠪᠠᠭᠤᠳ ᠤᠨ ᠴᠢᠬᠤᠯᠠ ᠴᠤᠭᠯᠠᠷᠠᠯ ᠤᠨ ᠣᠷᠣᠨ ᠪᠣᠯᠣᠨ᠎ᠠ᠃ ᠣᠶᠢᠷ᠎ᠠ ᠶᠢᠨ ᠵᠢᠯ ᠳᠤ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠤᠨ ᠲᠠᠰᠤᠷᠠᠯᠲᠠ ᠦᠭᠡᠢ ᠠᠬᠢᠭᠤᠯᠬᠤ ᠶᠢ ᠳᠠᠭᠠᠯᠳᠤᠨ᠂ ᠬᠠᠮᠠᠭᠠᠯᠠᠯᠲᠠ ᠶᠢᠨ | ᠣᠷᠣᠨ ᠳᠠᠬᠢ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠯᠡᠳᠲᠡ ᠳᠡᠭᠡᠭᠰᠢᠯᠡᠨ᠂ | ᠨᠠᠮᠤᠷ ᠡᠪᠦᠯ ᠤᠨ ᠤᠯᠠᠷᠢᠯ ᠤᠨ ᠬᠢᠯᠢ ᠬᠢᠵᠠᠭᠠᠷ ᠢᠶᠠᠷ ᠥᠩᠭᠡᠷᠡᠬᠦ ᠨᠡᠭᠦᠳᠡᠯ ᠤᠨ ᠰᠢᠪᠠᠭᠤᠳ ᠤᠨ ᠲᠥᠷᠥᠯ ᠵᠦᠢᠯ ᠪᠠ ᠲᠤᠭ᠎ᠠ ᠨᠡᠮᠡᠭᠳᠡᠭᠰᠡᠨ ᠢᠶᠠᠷ ᠪᠠᠷᠠᠬᠤ ᠦᠭᠡᠢ᠂ | ᠵᠣᠨ ᠤ ᠣᠯᠠᠷᠢᠯ ᠳᠤ ᠨᠡᠭᠦᠳᠡᠯ ᠤᠨ ᠰᠢᠪᠠᠭᠤᠳ ᠤᠨ ᠪᠤᠴᠠᠵᠤ ᠨᠡᠭᠦᠬᠦ ᠲᠤᠭ᠎ᠠ ᠵᠢᠴᠢ ᠰᠢᠪᠠᠭᠤᠳ ᠤᠨ ᠲᠤᠭ᠎ᠠ ᠴᠦ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠃ | ᠣᠳᠣᠬᠠᠨ ᠳᠤ᠂ ᠬᠤᠨ ᠭᠠᠯᠠᠭᠤ᠂ ᠨᠤᠭᠤᠰᠤ᠂ ᠪᠣᠷᠣ ᠲᠣᠭᠤᠷᠤᠤ ᠵᠡᠷᠭᠡ ᠣᠯᠠᠨ ᠲᠥᠷᠥᠯ ᠤᠨ ᠨᠡᠭᠦᠳᠡᠯ ᠤᠨ ᠰᠢᠪᠠᠭᠤ ᠵᠠᠯᠭᠠᠭ᠎ᠠ ᠪᠠᠷ ᠬᠦᠷᠦᠯᠴᠡᠨ ᠢᠷᠡᠵᠦ᠂ | ᠢᠳᠡᠰᠢ ᠡᠷᠢᠨ ᠠᠮᠠᠷᠠᠵᠤ᠂ ᠲᠠᠮᠢᠷ ᠲᠡᠩᠬᠡᠭᠡ ᠪᠠᠨ ᠨᠥᠬᠦᠪᠦᠷᠢᠯᠡᠭᠰᠡᠨ ᠤ ᠳᠠᠷᠠᠭ᠎ᠠ ᠦᠷᠭᠦᠯᠵᠢᠯᠡᠨ ᠡᠮᠦᠨᠡᠰᠢ ᠨᠢᠰᠬᠦ ᠶᠢ ᠣᠯᠵᠣ ᠮᠡᠳᠡᠭᠰᠡᠨ ᠪᠠᠶᠢᠨ᠎ᠠ᠃ | ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠬᠢᠯᠢ ᠬᠢᠵᠠᠭᠠᠷ ᠢᠶᠠᠷ ᠥᠩᠭᠡᠷᠡᠬᠦ ᠶᠢ ᠪᠠᠲᠤᠯᠠᠬᠤ ᠶᠢᠨ ᠲᠥᠯᠥᠭᠡ᠂ ᠤᠷᠠᠳ ᠤᠨ ᠳᠤᠮᠳᠠᠳᠤ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠭᠤᠷᠢᠨ ᠪᠠᠶᠢᠴᠠᠭᠠᠬᠤ ᠬᠡᠪᠴᠢᠶ᠎ᠡ ᠪᠠᠨ ᠥᠷᠭᠡᠳᠬᠡᠵᠦ᠂ ᠡᠳᠦᠷ ᠲᠤᠲᠤᠮ ᠤᠨ | ᠬᠠᠮᠠᠭᠠᠯᠠᠯᠲᠠ ᠪᠠᠨ ᠴᠢᠩᠭᠠᠳᠬᠠᠨ᠂ ᠨᠣᠭᠤ ᠭᠠᠵᠠᠷ ᠤᠨ ᠡᠷᠬᠢᠨ ᠲᠣᠭᠤᠷᠢᠨ ᠳᠤ ᠤᠬᠠᠭᠤᠯᠭ᠎ᠠ ᠶᠢᠨ ᠫᠠᠶᠢᠰᠠ ᠪᠣᠰᠬᠠᠬᠤ ᠵᠡᠷᠭᠡ ᠬᠡᠯᠪᠡᠷᠢ ᠪᠠᠷ ᠣᠬᠠᠭᠤᠯᠭ᠎ᠠ | ᠦᠷᠨᠢᠭᠦᠯᠦᠨ᠂ ᠣᠯᠠᠨ ᠲᠦᠮᠡᠨ ᠤ ᠨᠡᠭᠦᠳᠡᠯ ᠤᠨ ᠰᠢᠪᠠᠭᠤ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠣᠯᠠᠨ ᠲᠦᠮᠡᠨ ᠤ ᠪᠣᠯᠵᠣᠮᠣᠷ ᠰᠢᠪᠠᠭᠤ ᠶᠢ ᠬᠠᠶᠢᠷᠠᠯᠠᠵᠤ | ᠬᠠᠮᠠᠭᠠᠯᠠᠬᠤ ᠦᠢᠯᠡ ᠠᠵᠢᠯᠯᠠᠭ᠎ᠠ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠰᠢᠪᠠᠭᠤᠳ ᠤᠨ ᠨᠡᠭᠦᠳᠡᠯᠯᠡᠵᠣ ᠪᠠᠭᠤᠬᠤ ᠳᠤ ᠲᠠᠭᠠᠯᠠᠮᠵᠢᠲᠠᠢ᠂ ᠬᠠᠯᠠᠭᠤᠨ | ᠳᠤᠯᠠᠭᠠᠨ ᠣᠷᠴᠢᠨ ᠲᠣᠭᠤᠷᠢᠨ ᠢ ᠪᠣᠶ ᠪᠣᠯᠭᠠᠵᠤ ᠪᠠᠶᠢᠨ᠎ᠠ᠃ | | | |