ᠤᠷᠠᠳ ᠤᠨ ᠬᠤᠶᠢᠲᠤ ᠬᠤᠰᠢᠭᠤᠨ ᠤ ᠬᠢᠨ ᠳᠤᠮᠳᠠᠳᠤ ᠤᠯᠤᠰ ᠤᠨ ᠨᠠᠢᠮᠠᠳᠤᠭᠠᠷ ᠬᠤᠭᠤᠴᠠᠭᠠᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ | ᠬᠤᠷᠠᠯ ᠵᠢᠴᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢ ᠪᠡᠯᠭᠡᠯᠡᠬᠦ ᠠᠵᠢᠯᠯᠠᠭ᠎ᠠ ᠶᠢᠨ ᠲᠡᠮᠡᠭᠡᠨ ᠤ ᠰᠣᠶᠣᠯ ᠲᠠᠮᠢᠷ ᠤᠨ | ᠤᠷᠤᠯᠳᠤᠭᠠᠨ ᠪᠠ ᠮᠠᠯᠴᠢᠨ ᠲᠠᠷᠢᠶᠠᠴᠢᠨ ᠤ ᠳᠤᠷ᠎ᠠ ᠰᠣᠨᠢᠷᠬᠠᠯ ᠤᠨ ᠲᠠᠮᠢᠷ ᠤᠨ ᠴᠤᠭᠯᠠᠭᠠᠨ ᠡᠬᠢᠯᠡᠪᠡ᠃ ᠳᠤᠮᠳᠠᠳᠤ ᠮᠣᠩᠭᠤᠯ ᠬᠤᠶᠠᠷ ᠤᠯᠤᠰ ᠤᠨ ᠲᠡᠮᠡᠭᠡᠨ | ᠪᠥᠮᠪᠦᠭᠡ ᠶᠢᠨ ᠠᠩᠭᠢ ᠪᠣᠯᠣᠨ ᠨᠠᠭᠠᠳᠤᠮ ᠤᠨ ᠲᠠᠮᠢᠷ ᠤᠨ ᠤᠷᠤᠯᠳᠤᠭᠠᠨ ᠳᠤ ᠪᠠᠭ᠋ᠠᠲᠠᠢ ᠬᠥᠮᠥᠰ ᠤᠷᠤᠯᠳᠤᠭᠠᠨ ᠳᠤ ᠣᠷᠣᠯᠴᠠᠵᠠᠢ᠃ ᠡᠬᠦᠨ ᠳᠤ ᠪᠠᠰᠨ ᠲᠡᠮᠡᠭᠡ ᠶᠢᠨ | 10000 ᠮᠧᠲᠷ᠂ 6400 ᠮᠧᠲᠷ᠂ 4000 ᠮᠧᠲᠷ᠂ 3 ᠨᠠᠰᠤᠲᠠᠢ ᠲᠡᠮᠡᠭᠡ ᠶᠢᠨ 2400 ᠮᠧᠲᠷ᠂ 1600 ᠮᠧᠲᠷ ᠤᠨ ᠤᠷᠤᠯᠳᠤᠭᠠᠨ ᠢ | ᠶᠠᠪᠤᠭᠲᠠᠭᠤᠯᠪᠡ᠃ | ᠬᠤᠶᠠᠷ ᠡᠳᠦᠷ ᠤᠨ ᠤᠷᠤᠯᠳᠤᠭᠠᠨ ᠳᠤ ᠪᠠᠰᠠ ᠰᠤᠷ ᠬᠠᠷᠪᠤᠯᠲᠡ᠂ ᠪᠥᠬᠡ ᠪᠠᠷᠢᠯᠲᠤᠬᠤ᠂ ᠵᠣᠯ ᠵᠢᠷᠭᠠᠯᠲᠤ ᠭᠡᠷ ᠪᠦᠯᠢ ᠶᠢᠨ ᠭᠤᠸ᠎ᠠ ᠰᠢᠯᠭᠠᠷᠠᠭᠤᠯᠬᠤ᠂ ᠮᠣᠷᠢ | ᠤᠷᠤᠯᠳᠤᠬᠤ ᠵᠡᠷᠭᠡ ᠣᠯᠠᠨ ᠵᠦᠢᠯ ᠤᠨ ᠤᠷᠤᠯᠳᠤᠭᠠᠨ ᠶᠠᠪᠤᠭᠳᠠᠵᠠᠢ᠃ ᠮᠠᠯᠴᠢᠨ ᠲᠠᠷᠢᠶᠠᠴᠢᠨ ᠤ ᠳᠤᠷ᠎ᠠ ᠰᠣᠨᠢᠷᠬᠠᠯ ᠤᠨ ᠲᠠᠮᠢᠷ ᠤᠨ ᠴᠤᠭᠯᠠᠭᠠᠨ ᠤ ᠲᠤᠬᠠᠢ ᠶᠢᠨ | ᠲᠠᠯᠠᠪᠠᠢ ᠳᠤ᠂ ᠡᠷᠡᠭᠲᠡᠢ ᠡᠮᠡᠭᠲᠡᠢ ᠬᠤᠯᠢᠯᠳᠤᠨ ᠳᠡᠭᠡᠰᠦ ᠲᠠᠲᠠᠵᠤ᠂ ︽ᠳᠠᠮᠨᠠᠭᠤᠷ ᠳᠠᠮᠨᠠᠵᠤ ᠡᠯᠪᠡᠭ ᠬᠤᠷᠢᠶᠠᠯᠲᠠ ᠣᠯᠬᠤ︾᠂ ᠠᠮᠤ ᠪᠤᠳᠠᠭ᠎ᠠ ᠵᠥᠭᠡᠭᠡᠪᠦᠷᠢᠯᠡᠬᠦ ᠵᠡᠷᠭᠡ | ᠮᠠᠯᠴᠢᠨ ᠲᠠᠷᠢᠶᠠᠴᠢᠨ ᠤ ᠠᠮᠢᠳᠤᠷᠠᠯ ᠳᠤ ᠣᠶᠢᠷᠠᠳᠬᠤ ᠮᠥᠷᠲᠡᠭᠡᠨ ᠪᠠᠰᠠ ᠥᠷᠢᠰᠦᠯᠳᠦᠭᠡᠨ ᠤ ᠴᠢᠨᠠᠷᠲᠠᠢ ᠳᠤᠷ᠎ᠠ ᠰᠣᠨᠢᠷᠬᠠᠯ ᠤᠨ ᠲᠠᠮᠢᠷ ᠤᠨ ᠬᠥᠳᠡᠯᠭᠡᠭᠡᠨ ᠤ ᠲᠦᠷᠦᠯ | ᠵᠦᠢᠯ ᠤᠳ ᠲᠤ ᠤᠯᠠᠨ ᠢᠶᠠᠷ ᠢᠶᠠᠨ ᠪᠦᠬᠦ ᠬᠦᠴᠦ ᠪᠠᠨ ᠰᠢᠪᠬᠠᠵᠤ᠂ ᠤᠯᠠᠨ ᠤ ᠤᠷᠮ᠎ᠠ ᠵᠣᠷᠢᠭ ᠢ ᠬᠥᠭᠵᠢᠭᠡᠵᠦ᠂ ᠪᠠᠶᠠᠷ ᠪᠠᠶᠠᠰᠬᠤᠯᠠᠩ ᠲᠠᠢ ᠪᠠᠶᠢᠯ᠎ᠠ᠃ | ᠲᠣᠰ ᠤᠳᠠᠭᠠᠨ ᠤ ᠲᠡᠮᠡᠭᠡᠨ ᠤ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭ᠎ᠠ ᠪᠠ ᠮᠠᠯᠴᠢᠨ ᠲᠠᠷᠢᠶᠠᠴᠢᠨ ᠤ ᠳᠤᠷ᠎ᠠ ᠰᠣᠨᠢᠷᠬᠠᠯ ᠤᠨ ᠤᠷᠤᠯᠳᠤᠭᠠᠨ ᠤ | ᠲᠠᠯᠠᠪᠤᠷ ᠲᠤ᠂ ᠤᠷᠤᠯᠳᠤᠭᠠᠨ ᠳᠤ ᠣᠷᠣᠯᠴᠠᠭᠰᠠᠳ ᠡᠷᠳᠡᠮ ᠴᠢᠳᠠᠪᠤᠷᠢ ᠪᠠᠨ ᠭᠠᠷᠭᠠᠵᠤ᠂ ᠪᠥᠬᠦ ᠬᠦᠴᠦᠨ ᠢᠶᠠᠷ ᠢᠶᠠᠨ ᠣᠷᠣᠯᠴᠠᠵᠤ᠂ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠲᠡᠮᠡᠴᠡᠪᠡ᠃ ᠤᠯᠠᠨ ᠢᠶᠠᠷ ᠢᠶᠠᠨ ᠥᠪᠡᠷ ᠥᠪᠡᠷ ᠤᠨ ᠣᠨᠴᠠᠯᠢᠭ ᠢᠶᠠᠨ ᠪᠠᠳᠠᠷᠠᠭᠤᠯᠬᠤ ᠪᠠᠷ ᠥᠷᠢᠰᠦᠯᠳᠦᠵᠦ᠂ ᠪᠡᠶ᠎ᠡ ᠶᠢᠨ ᠲᠠᠮᠢᠷ᠂ ᠤᠷ᠎ᠠ ᠮᠡᠷᠭᠡᠵᠢᠯ᠂ | ᠡᠷᠴᠢ ᠵᠣᠷᠢᠭ ᠢᠶᠠᠨ ᠠᠳᠠᠯᠢᠳᠬᠠᠵᠤ᠂ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠭᠦᠢᠴᠡᠳ ᠦᠵᠡᠬᠦᠯᠪᠡ᠃ ᠤᠷᠤᠯᠳᠤᠭᠠᠨ ᠤ ᠳᠠᠷᠠᠭ᠎ᠠ᠂ ᠭᠤᠣᠯᠯᠠᠨ ᠡᠷᠭᠢᠯᠡᠭᠰᠡᠨ | ᠲᠠᠯ᠎ᠠ ᠠᠴᠠ ᠪᠠᠰᠠ 16 ᠵᠦᠢᠯ ᠤᠨ ᠤᠷᠤᠯᠳᠤᠭᠠᠨ ᠳᠤ ᠱᠠᠩᠨᠠᠯ ᠭᠥᠷᠳᠡᠭᠰᠡᠨ ᠲᠠᠮᠢᠷᠴᠢᠨ᠂ ᠮᠠᠯᠴᠢᠨ ᠲᠠᠷᠢᠶᠠᠴᠢᠨ ᠳᠤ ᠱᠠᠩᠨᠠᠯ ᠭᠠᠷᠳᠠᠭᠤᠯᠪᠠ᠃ | | | |