10 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ | ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠠᠷᠪᠠᠨ ᠬᠤᠶᠠᠳᠤᠭᠠᠷ᠂ ᠠᠷᠪᠠᠨ ᠭᠤᠷᠪᠠᠳᠤᠭᠠᠷ | ᠤᠳᠠᠭ᠎ᠠ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ | ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠲᠣᠭᠤᠷᠢᠨ ᠬᠢᠨᠠᠨ ᠵᠢᠯᠤᠭᠤᠳᠬᠤ ᠳᠤᠭᠤᠶᠢᠯᠠᠩ᠂ | ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠡᠴᠡᠩᠭᠤᠸ᠎ᠠ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠵᠢᠴᠢ ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ | ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠴᠧᠨ ᠬᠠᠢ ᠶᠠᠨ᠂ ᠳ᠋ᠢ ᠮᠢᠩ ᠷᠦᠢ ᠶᠢ ᠤᠷᠢᠵᠤ᠂ ᠲᠤᠰ | ᠲᠤᠰ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠢ ᠰᠠᠶᠢᠲᠤᠷ ᠬᠢᠬᠦ︾ ᠪᠣᠯᠣᠨ ︽ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ — ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ | ᠪᠦᠬᠦᠳᠡ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠲᠠᠶᠢᠯᠪᠤᠷᠢᠯᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠴᠢᠬᠤᠯᠠ ᠶᠡᠭᠡ ᠤᠯᠤᠰ | ᠳᠦᠷᠦ ᠶᠢᠨ ᠬᠠᠷᠢᠭᠤᠴᠠᠯᠭ᠎ᠠ ᠪᠠᠨ ᠪᠣᠯᠭᠠᠨ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠪᠠᠷ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠡᠯ᠎ᠡ ᠳᠦᠷᠦᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠶ ᠠᠳᠬᠤᠵᠤ᠂ ᠮᠠᠨ ᠤ ᠬᠤᠰᠢᠭᠤᠨ ᠤ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠬᠠᠷᠢᠴᠠᠯᠠᠰᠢᠭᠦᠢ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠤᠷᠠᠯ ᠤᠨ ᠭᠤᠣᠯ ᠠᠭᠤᠯᠭ᠎ᠠ ᠵᠢᠴᠢ ᠦᠢᠯᠡᠳᠦᠯᠭᠡ ᠶᠢᠨ | ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠲᠠᠢ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠠᠴᠠ ᠠᠷᠭ᠎ᠠ ᠵᠠᠮ ᠡᠷᠢᠵᠦ᠂ | ᠬᠠᠷᠢᠭᠤᠯᠲᠠ ᠡᠷᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠠᠶᠠᠨᠨᠠᠭᠤᠷ ᠲᠠᠬᠢ ᠬᠠᠶᠢᠷ᠎ᠠ ᠬᠠᠯᠠᠮᠵᠢ ᠶᠢ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠠᠮᠢᠳᠤᠯᠢᠭ ᠦᠢᠯᠡᠳᠦᠯᠭᠡ ᠪᠠ ᠬᠦᠴᠦᠷᠬᠡᠭ ᠶᠡᠭᠡ ᠬᠥᠳᠡᠯᠭᠡᠭᠴᠢ ᠡᠨᠧᠷᠭᠢ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ ᠬᠠᠭᠤᠳᠠᠰᠤ ᠶᠢ ᠪᠢᠴᠢᠭᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠤᠷᠠᠳ ᠤᠨ ᠬᠤᠶᠢᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃ | |