ᠲᠤᠭᠠᠴᠢᠯᠠᠯᠳᠠ ᠪᠠ ᠰᠦᠯᠵᠢᠶᠠᠵᠢᠯᠳᠠ ᠶᠢᠨ ᠲᠦᠷᠬᠡᠨ ᠬᠦᠭᠵᠢᠯᠳᠠ ᠶᠢ ᠳᠠᠭᠠᠯᠳᠤᠨ᠂ ᠵᠠᠰᠠᠭ ᠤᠨ ᠣᠷᠳᠣᠨ ᠬᠢᠭᠡᠳ ᠠᠷᠠᠳ ᠣᠯᠠᠨ ᠤ ᠬᠤᠭᠤᠷᠣᠨᠳᠣᠬᠢ | ᠨᠡᠪᠲᠡᠷᠡᠯᠴᠡᠭᠡ ᠰᠣᠯᠢᠯᠴᠠᠭ᠎ᠠ ᠴᠦ ᠡᠳᠦᠷ ᠢᠷᠡᠬᠦᠶ᠎ᠡ ᠲᠣᠭᠠᠵᠢᠭᠤᠯᠤᠭᠰᠠᠨ ᠲᠠᠪᠴᠠᠩ ᠪᠠ ᠰᠢᠨ᠎ᠡ ᠵᠠᠭᠤᠴᠢᠯᠠᠭᠤᠷ ᠲᠤ ᠲᠦᠰᠢᠭᠯᠡᠬᠦ ᠪᠣᠯᠵᠠᠢ᠃ ᠤᠷᠠᠳ ᠤᠨ ᠬᠤᠶᠢᠳᠤ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶᠠᠨ ᠤ ᠠᠵᠢᠯᠳᠠᠳ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠠᠴᠢᠯᠠᠯᠲᠠ ᠶᠢ ᠴᠢᠨᠡᠷᠵᠢᠭᠤᠯᠤᠨ ᠦᠨᠳᠦᠰᠦᠨ ᠱᠠᠲᠤᠨ ᠤ ᠺᠠᠳ᠋ᠷ ᠪᠣᠯᠣᠨ ᠠᠷᠠᠳ ᠣᠯᠠᠨ ᠯᠤᠭ᠎ᠠ ᠶᠢᠨ ᠰᠣᠯᠢᠯᠴᠠᠭ᠎ᠠ ᠶᠢ ᠤᠯᠠᠮ ᠨᠢᠬᠡ ᠠᠯᠬᠤᠮ | ᠴᠢᠩᠭᠠᠳᠬᠠᠬᠤ ᠵᠤᠬᠰᠤᠴᠠ ᠠᠴᠠ᠂ 10 ᠰᠠᠷ᠎ᠠ ᠶᠢᠨ 12 ᠤ ᠡᠳᠦᠷ ᠲᠤ᠂ ᠤᠷᠠᠳ ᠤᠨ ᠬᠤᠶᠢᠳᠤ ᠬᠤᠰᠢᠭᠤᠨ ᠤ ᠳᠤᠮᠳᠠᠳᠤ ᠤᠯᠤᠰ ᠤᠨ ᠨᠠᠢᠮᠠᠳᠤᠭᠠᠷ | ᠬᠤᠭᠤᠴᠠᠭᠠᠨ ᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠵᠢᠴᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ | ᠪᠠᠶᠠᠷ︾ ᠢ ᠪᠡᠯᠭᠡᠯᠡᠬᠦ ᠦᠪᠡᠳᠡᠭᠰᠢ ᠬᠤᠷᠠᠯ ᠤᠨ ᠪᠠᠶᠠᠷᠳᠤ ᠴᠠᠭ ᠮᠦᠴᠠ ᠶᠢ ᠲᠤᠬᠢᠶᠠᠯᠳᠤᠭᠤᠯᠤᠨ᠂ ᠬᠤᠷᠠᠯ ᠤᠨ ᠲᠤᠬᠠᠢ ᠶᠢᠨ ᠲᠠᠯᠠᠪᠠᠶ ᠳᠤ ᠬᠦᠨᠵᠡᠬᠡᠶᠢᠷᠠᠵᠤ᠂ | ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠰᠠᠭ ᠤᠨ ᠣᠷᠳᠣᠨ ᠤ ᠮᠤᠩᠭᠤᠯ ᠰᠦᠯᠵᠢᠶ᠎ᠠ ᠶᠢᠨ ᠠᠵᠢᠯᠲᠠᠳ ᠨᠠᠭᠠᠳᠤᠮ ᠤᠨ ᠬᠤᠷᠠᠯ ᠳᠤ ᠤᠷᠤᠯᠴᠠᠬᠤ ᠪᠠᠷ | ᠢᠷᠡᠭᠰᠠᠨ ᠦᠨᠳᠦᠰᠦᠨ ᠱᠠᠲᠤᠨ ᠤ ᠤᠳᠤᠷᠢᠳᠬᠤ ᠺᠠᠳ᠋ᠷ ᠪᠣᠯᠣᠨ ᠮᠠᠯᠴᠢᠨ ᠲᠠᠷᠢᠶᠠᠴᠢᠨ ᠳᠤ ᠤᠬᠠᠭᠤᠯᠭ᠎ᠠ ᠶᠢᠨ ᠮᠡᠲ᠋ᠧᠷᠢᠶᠠᠯ ᠲᠠᠷᠬᠠᠭᠠᠨ᠂ ᠵᠠᠰᠠᠭ ᠤᠨ ᠤᠷᠳᠤᠨ ᠤ | ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠠ ᠪᠤᠯᠤᠨ ᠸᠢᠴᠠᠲ ᠲᠡᠪᠴᠠᠩ ᠤᠨ ᠤᠨᠴᠠᠯᠢᠭ ᠪᠠ ᠴᠢᠳᠡᠮᠵᠢ ᠶᠢ ᠨᠡᠷᠢᠨ ᠲᠠᠨᠢᠯᠴᠠᠭᠤᠯᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠲᠤᠬᠠᠢ ᠬᠠᠯᠠᠭᠤᠨ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠭᠰᠠᠨ ᠤ ᠬᠠᠮᠲᠤ ᠪᠠᠰᠠ ᠡᠷᠬᠢᠮ ᠨᠠᠨᠳᠢᠨ | ᠰᠠᠨᠠᠯ ᠲᠤᠷᠠᠳᠤᠯᠭ᠎ᠠ ᠶᠢ ᠬᠤᠷᠠᠮᠳᠤᠭᠤᠯᠵᠤ᠂ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠶᠢᠨ ᠬᠤᠶᠢᠰᠢᠳᠠ ᠶᠢᠨ ᠬᠥᠭᠵᠢᠯᠲᠡ ᠶᠢᠨ ᠴᠢᠭᠯᠡᠯ ᠪᠠ | ᠠᠵᠢᠯ ᠤᠨ ᠭᠤᠣᠯᠳᠠᠯᠭ᠎ᠠ ᠶᠢ ᠤᠯᠠᠮ ᠲᠣᠳᠣᠷᠬᠠᠢ ᠪᠣᠯᠭᠠᠵᠠᠢ᠃ | ᠬᠤᠶᠢᠰᠢᠳᠠ᠂ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠪᠠᠷ ᠴᠢᠷᠮᠠᠶᠢᠵᠤ᠂ ᠨᠠᠩ ᠨᠠᠷᠢᠨ ᠣᠨᠣᠪᠴᠢᠲᠠᠶ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠳᠠᠮᠵᠢᠭᠤᠯᠤᠨ ᠠᠷᠠᠳ | ᠣᠯᠠᠨ ᠤ ᠣᠯᠠᠨ ᠡᠰᠢᠵᠢᠭᠰᠡᠨ ᠪᠠ ᠣᠯᠠᠨ ᠲᠠᠰ ᠳᠠᠪᠬᠤᠷᠭ᠎ᠠ ᠶᠢᠨ ᠬᠡᠷᠡᠭᠴᠡᠭᠡ ᠶᠢ ᠬᠠᠩᠭᠠᠬᠤ ᠳᠤ ᠲᠥᠬᠦᠮ ᠦᠵᠡᠬᠦᠯᠬᠦ ᠪᠠᠷ ᠬᠦᠴᠤᠯᠠᠬᠦ ᠶᠤᠮ᠃ | | | |