︽ᠲᠠᠨᠠᠷ ᠤᠨ ᠮᠠᠨ ᠤ ᠮᠠᠯᠴᠢᠳ ᠲᠠᠢ ᠬᠠᠮᠲᠤ ᠪᠠᠷ ᠲᠣᠣᠷ ᠬᠠᠰᠢᠯᠭ᠎ᠠ ᠶᠢ ᠰᠡᠯᠪᠢᠨ ᠵᠠᠰᠠᠬᠤ ᠪᠠᠷ ᠢᠷᠡᠭᠰᠡᠨ ᠳᠤ ᠲᠠᠯᠠᠷᠬᠠᠵᠤ ᠪᠠᠶᠢᠨ᠎ᠠ᠂ ᠲᠠᠨᠠᠷ ᠤᠨ | ᠬᠦᠷᠦᠯᠴᠡᠨ ᠢᠷᠡᠭᠰᠡᠨ ᠴᠢᠨᠢ ᠪᠢᠳᠡᠨ ᠳᠤ ᠦᠨᠡᠬᠡᠷ ᠶᠡᠭᠡ ᠳᠡᠮᠵᠢᠯᠬᠡ ᠪᠣᠯᠣᠯ᠎ᠠ︾᠃ ᠣᠶᠢᠷ᠎ᠠ ᠳᠤ᠂ ᠤᠷᠠᠳ ᠤᠨ ᠬᠤᠶᠢᠲᠤ ᠬᠤᠰᠢᠭᠤᠨ ᠤ ᠴᠣᠬᠠᠦ᠋ᠨᠳᠦᠷ | ᠪᠠᠯᠭᠠᠰᠤᠨ ᠤ ᠪᠠᠶᠠᠠᠨᠢᠷᠣᠭᠤ ᠭᠠᠴᠠᠭᠠᠨ ᠳᠤ᠂ ᠤᠷᠠᠳ ᠤᠨ ᠬᠤᠶᠢᠲᠤ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ | ᠰᠠᠭᠤᠭ᠎ᠠ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠰᠠᠯᠪᠣᠷᠢ ᠠᠩᠭᠢ᠂ ᠥᠯᠵᠡᠢ ᠳᠠᠬᠢ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠪᠣᠯᠣᠨ | ᠭᠠᠴᠠᠭᠠᠨ ᠤ ᠮᠠᠯᠴᠢᠨ ᠲᠦᠮᠡᠨ᠂ ᠬᠢᠯᠢ ᠬᠠᠮᠠᠭᠠᠯᠠᠭᠴᠢᠳ ᠪᠦᠯᠬᠦᠮᠳᠡᠨ ᠬᠠᠮᠲᠤᠷᠠᠯᠴᠠᠵᠤ᠂ ᠬᠢᠯᠢ ᠶᠢᠨ ᠲᠣᠣᠷ ᠢ ᠰᠡᠯᠪᠢᠨ ᠵᠠᠰᠠᠵᠤ᠂ ᠴᠡᠷᠢᠭ ᠠᠷᠠᠳ ᠤᠨ ᠵᠢᠭᠠᠰᠤ | ᠤᠰᠤᠨ ᠤ ᠬᠠᠶᠢᠷ᠎ᠠ ᠰᠡᠳᠬᠢᠯᠭᠡ ᠭᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠶ᠎ᠡ ᠵᠣᠬᠢᠴᠠᠯ ᠲᠠᠢ ᠪᠠᠷ ᠬᠠᠷᠢᠯᠴᠠᠨ ᠬᠠᠪᠰᠤᠷᠤᠯᠴᠠᠭᠰᠠᠨ ᠠᠮᠢᠳᠤᠯᠢᠭ | ᠵᠢᠷᠤᠭ ᠢ ᠢᠯᠡᠷᠡᠭᠦᠯᠪᠡ᠃ | ᠲᠤᠬᠠᠢ ᠶᠢᠨ ᠲᠠᠯᠠᠪᠠᠢ ᠳᠤ ᠤᠯᠠᠨ ᠢᠶᠠᠷ ᠢᠶᠠᠨ ᠪᠣᠯᠣᠳ ᠴᠠᠷᠢᠯ᠂ ᠲᠡᠮᠦᠷ ᠬᠦᠷᠵᠡ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠲᠣᠣᠷ ᠬᠠᠰᠢᠯᠭ᠎ᠠ ᠳᠡᠭᠡᠷᠡᠬᠢ | ᠡᠪᠳᠡᠷᠡᠵᠦ ᠰᠦᠢᠳᠦᠭᠰᠡᠨ ᠭᠠᠵᠠᠷ ᠢ ᠴᠠᠭ ᠲᠤᠬᠠᠢ ᠳᠤᠨᠢ ᠰᠡᠯᠪᠢᠨ ᠵᠠᠰᠠᠪᠠ᠃ ᠪᠠᠶᠠᠠᠨᠢᠷᠣᠭᠤ ᠭᠠᠴᠠᠭ᠎ᠠ ᠪᠣᠯ ᠨᠢᠭᠡᠨ ᠬᠢᠯᠢ ᠶᠢᠨ ᠭᠠᠴᠠᠭ᠎ᠠ ᠪᠣᠯᠣᠨ᠎ᠠ᠂ ᠬᠠᠷᠢᠶᠠᠲᠤ | ᠣᠷᠣᠨ ᠤ ᠬᠢᠯᠢ ᠶᠢᠨ ᠱᠤᠭᠤᠮ ᠤᠨ ᠣᠷᠳᠣ ᠨᠢ 28.93 ᠺᠢᠯᠣᠮᠧᠲᠷ ᠪᠠᠶᠢᠵᠤ᠂ ᠵᠢᠯ ᠪᠦᠷᠢ ᠶᠢᠨ ᠦᠶᠡᠷ ᠤᠨ ᠬᠤᠭᠤᠴᠠᠭ᠎ᠠ ᠥᠩᠭᠡᠷᠡᠭᠰᠡᠨ ᠤ ᠳᠠᠷᠠᠭ᠎ᠠ᠂ | ᠬᠠᠷᠢᠶᠠᠲᠤ ᠣᠷᠣᠨ ᠤ ᠬᠢᠯᠢ ᠶᠢᠨ ᠱᠤᠭᠤᠮ ᠳᠡᠭᠡᠷᠡᠬᠢ ᠲᠣᠣᠷ ᠬᠦᠷᠢᠶ᠎ᠡ ᠪᠠ ᠵᠠᠰᠠᠮᠠᠯ ᠵᠠᠮ ᠴᠥᠮ ᠠᠳᠠᠯᠢ ᠪᠤᠰᠤ ᠬᠡᠮᠵᠢᠶ᠎ᠡ ᠪᠠᠷ ᠡᠪᠳᠡᠭᠳᠡᠳᠡᠭ᠂ ᠭᠠᠴᠠᠭ᠎ᠠ ᠨᠢ | ᠴᠣᠬᠠᠦ᠋ᠨᠳᠦᠷ ᠪᠠᠯᠭᠠᠰᠤᠨ ᠤ ︽ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ︾ ᠤᠨ ᠬᠠᠮᠲᠤᠷᠠᠭᠰᠠᠨ ᠨᠠᠮ ᠤᠨ ᠡᠭᠦᠷ ᠤᠨ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠪᠠᠷ ᠠᠵᠠ ᠲᠣᠬᠢᠶᠠᠯ ᠪᠣᠯᠭᠠᠵᠤ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ᠂ ᠲᠣᠮᠢᠯᠠᠭᠰᠠᠨ ᠰᠠᠯᠪᠤᠷᠢ ᠶᠢᠨ ᠠᠷᠠᠳ ᠤᠨ | ᠴᠠᠭᠳᠠᠭ᠎ᠠ ᠲᠠᠢ ᠬᠠᠮᠲᠤᠷᠠᠨ᠂ ᠬᠢᠯᠢ ᠶᠢᠨ ᠲᠣᠣᠷ ᠤᠨ ᠬᠦᠷᠢᠶ᠎ᠡ ᠬᠠᠰᠢᠶ᠎ᠠ ᠶᠢ ᠬᠠᠮᠲᠤ ᠪᠠᠷ ᠵᠠᠰᠠᠨ ᠰᠡᠯᠪᠢᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠣᠷ ᠢ | ᠪᠠᠬᠢᠵᠢᠭᠦᠯᠳᠡᠭ᠃ | ᠪᠠᠶᠠᠠᠨᠢᠷᠣᠭᠤ ᠭᠠᠴᠠᠭᠠᠨ ᠤ ᠮᠠᠯᠴᠢᠨ ᠪᠦᠷᠢᠨᠳᠡᠬᠦᠰ᠄ ︽ᠡᠨᠡ ᠣᠳᠠᠭ᠎ᠠ᠂ ᠪᠣᠷᠣᠭᠠᠨ ᠤ ᠣᠯᠠᠷᠢᠯ ᠢᠶᠠᠷ ᠬᠢᠯᠢ ᠶᠢᠨ ᠳᠣᠣᠷ ᠡᠪᠳᠡᠷᠡᠴᠢᠬᠡᠭᠰᠡᠨ᠂ ᠳᠡᠬᠡᠬᠡᠳ | ᠮᠠᠨ ᠤ ᠬᠢᠯᠢ ᠶᠢᠨ ᠮᠠᠯᠴᠢᠳ᠂ ᠴᠡᠷᠢᠭ᠂ ᠴᠠᠭᠳᠠᠭ᠎ᠠ ᠨᠠᠷ ᠲᠠᠢ ᠪᠠᠨ ᠨᠡᠶᠢᠯᠡᠬᠡᠳ ᠰᠠᠶᠢᠬᠠᠨ ᠵᠠᠰᠠᠭᠠᠳ ᠳᠠᠯᠪᠢᠴᠢᠬᠠᠪᠠᠯ ᠮᠠᠯ ᠬᠤᠢ ᠬᠢᠯᠢ ᠳᠠᠪᠠᠭ᠋ᠣ ᠶᠢ ᠰᠠᠶᠢᠬᠠᠨ | ᠰᠡᠷᠬᠡᠶᠢᠯᠡᠵᠦ ᠳᠠᠶᠢᠯᠣᠨᠠ᠂ ᠳᠣᠣᠷ ᠨᠢ ᠵᠢᠭᠠᠬᠠᠨ ᠣᠳᠠᠴᠢᠬᠠᠭᠰᠠᠨ᠂ ᠵᠠᠷᠢᠮ ᠭᠠᠵᠠᠷ ᠨᠢ ᠡᠪᠳᠡᠷᠡᠴᠢᠬᠡᠭᠰᠡᠨ᠂ ᠲᠠᠰᠤᠷᠠᠵᠤ ᠵᠢᠪᠡᠷᠡᠴᠢᠬᠡᠭᠰᠡᠨ᠂ ᠳᠠᠷᠡ ᠶᠢ ᠨᠢ | ᠰᠠᠶᠢᠬᠠᠨ ᠵᠠᠰᠠᠭᠠᠳ ᠳᠠᠯᠪᠢᠴᠢᠬᠠᠶᠠ ᠬᠡᠰᠡᠨ ᠶᠣᠮ︾ ᠭᠡᠵᠦ ᠬᠡᠯᠡᠪᠡ᠃ | ᠪᠠᠶᠠᠠᠨᠢᠷᠣᠭᠤ ᠭᠠᠴᠠᠭᠠᠨ ᠳᠤ ᠨᠡᠶᠢᠲᠡ 125 ᠮᠠᠯᠴᠢᠨ ᠡᠷᠦᠬᠡ ᠪᠠᠶᠢᠵᠤ᠂ ᠵᠠᠭᠤᠨ ᠤ ᠶᠡᠷᠡ ᠠᠴᠠ ᠳᠡᠭᠡᠭᠰᠢᠬᠢ ᠨᠢ ᠴᠥᠮ ᠮᠣᠩᠭᠤᠯ | ᠦᠨᠳᠦᠰᠦᠲᠡᠨ ᠪᠣᠯᠣᠨ᠎ᠠ᠂ ᠣᠶᠢᠷ᠎ᠠ ᠶᠢᠨ ᠵᠢᠯ ᠤᠳ ᠲᠤ ᠭᠠᠴᠠᠭᠠᠨ ᠤ ᠮᠠᠯᠴᠢᠨ ᠲᠦᠮᠡᠨ ᠰᠠᠭᠤᠭ᠎ᠠ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢᠨ | ᠳᠠᠷᠤᠭ᠎ᠠ ᠪᠠᠶᠢᠯᠳᠤᠭᠴᠢᠳ ᠵᠢᠴᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠥᠷᠭᠡᠨ ᠢᠶᠠᠷ ᠶᠠᠪᠤᠯᠴᠠᠵᠤ᠂ ᠰᠣᠯᠢᠯᠴᠠᠵᠤ᠂ ᠠᠭᠤᠰᠤᠯᠴᠠᠵᠤ᠂ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠬᠠᠮᠲᠤ ᠪᠠᠷ ᠪᠠᠬᠢᠵᠢᠭᠦᠯᠦᠨ ᠬᠥᠭᠵᠢᠭᠦᠯᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠥᠨᠢ ᠡᠭᠦᠷᠢᠳᠡ | ᠪᠠᠬᠢᠵᠢᠭᠦᠯᠵᠦ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ᠪᠠᠶᠢᠭᠤᠯᠤᠯᠭ᠎ᠠ ᠶᠢᠨ ᠺᠠᠳ᠋ᠷ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠵᠢᠴᠢ ᠮᠠᠯᠴᠢᠳ ᠨᠠᠶᠢᠳᠠ 20 | ᠭᠠᠷᠣᠢ ᠬᠦᠮᠦᠨ ᠲᠣᠣᠷ ᠬᠠᠰᠢᠶ᠎ᠠ ᠶᠢ ᠰᠡᠯᠪᠢᠨ ᠵᠠᠰᠠᠬᠤ ᠠᠵᠢᠯᠯᠠᠭ᠎ᠠ ᠳᠤ ᠣᠷᠣᠯᠴᠠᠵᠤ᠂ ᠨᠢᠭᠡ ᠡᠳᠦᠷ ᠤᠨ ᠳᠣᠲᠣᠷ᠎ᠠ 20 ᠺᠢᠯᠣᠮᠧᠲᠷ ᠤᠨ ᠰᠡᠯᠪᠢᠨ ᠵᠠᠰᠠᠬᠤ | ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ | ᠤᠷᠠᠳ ᠤᠨ ᠬᠤᠶᠢᠲᠤ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 20 ᠬᠢᠯᠢ ᠶᠢᠨ ᠬᠤᠰᠢᠭᠤ ︵ᠬᠤᠲᠠ᠂ ᠲᠣᠭᠤᠷᠢᠭ︶ ᠶᠢᠨ | ᠨᠢᠭᠡ ᠪᠣᠯᠣᠨ᠎ᠠ᠃ 2017 ᠣᠨ ᠠᠴᠠ ᠡᠬᠢᠯᠡᠨ᠂ ᠴᠣᠬᠠᠦ᠋ᠨᠳᠦᠷ ᠪᠠᠯᠭᠠᠰᠤ ᠪᠠᠷ ᠲᠤᠷᠰᠢᠯᠲᠠ ᠶᠢᠨ ᠴᠢᠭ ᠪᠣᠯᠭᠠᠵᠤ᠂ ᠰᠢᠨ᠎ᠡ ᠶᠢ ᠡᠭᠦᠳᠬᠦ ᠴᠢᠨᠠᠷᠲᠠᠢ ᠪᠠᠷ ︽ᠨᠠᠮ | ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ︾ ᠤᠨ ᠬᠤᠯᠪᠤᠭᠠᠯᠠᠨ ᠰᠢᠨ᠎ᠡ ᠶᠢ ᠡᠭᠦᠳᠬᠦ ᠬᠤᠯᠪᠤᠭᠠᠯᠠᠨ ᠪᠠᠶᠢᠭᠤᠯᠬᠤ ᠠᠵᠢᠯ ᠢ ᠥᠷᠨᠢᠭᠦᠯᠵᠦ᠂ ᠦᠨᠳᠦᠰᠦᠨ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠠᠭᠤᠭ᠎ᠠ ᠭᠠᠵᠠᠷ ᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠲᠣᠮᠢᠯᠠᠭᠰᠠᠨ ᠰᠠᠯᠪᠤᠷᠢ ᠪᠠ | ᠬᠢᠯᠢ ᠶᠢᠨ ᠭᠠᠴᠠᠭ᠎ᠠ ᠶᠢᠨ ᠮᠠᠯᠴᠢᠳ ᠢ ᠨᠢᠭᠲᠠ ᠬᠤᠯᠪᠣᠭᠠᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠣᠭᠲᠠᠭᠤᠨ ᠪᠠᠶᠢᠳᠠᠯ ᠢ ᠬᠠᠮᠠᠭᠠᠯᠠᠵᠤ ᠬᠢᠯᠢ | ᠬᠢᠵᠠᠭᠠᠷ ᠢ ᠲᠣᠭᠤᠷᠢᠨ ᠪᠠᠶᠢᠴᠠᠭᠠᠬᠤ᠂ ᠰᠤᠷᠤᠯᠴᠠᠵᠤ ᠪᠣᠳᠠᠲᠠᠢ ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠪᠠᠷ ᠳᠠᠮᠵᠢᠭᠤᠯᠤᠨ᠂ ᠨᠠᠮ ᠪᠠ | ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠡᠶ᠎ᠡ ᠨᠠᠶᠢᠷᠲᠠᠢ ᠪᠣᠯᠭᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠴᠦ ᠥᠨᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃ | ︽ᠣᠶᠢᠷ᠎ᠠ ᠶᠢᠨ ᠵᠢᠯ ᠠᠴᠠ᠂ ᠪᠢᠳᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠮᠲᠤᠷᠠᠨ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠢ ᠬᠠᠮᠲᠤᠷᠠᠨ ᠥᠩᠭᠡᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢ ᠬᠠᠮᠲᠤᠷᠠᠨ ᠠᠳᠬᠤᠬᠤ᠂ ᠨᠡᠶᠢᠭᠡᠮ ᠤᠨ ᠠᠮᠤᠷ ᠲᠦᠪᠰᠢᠨ ᠢ ᠬᠠᠮᠲᠤᠷᠠᠨ | ᠰᠡᠷᠭᠡᠶᠢᠯᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠠᠮᠲᠤᠷᠠᠨ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠠᠭᠤᠭ᠎ᠠ ᠭᠠᠵᠠᠷ ᠤᠨ ᠳᠠᠷᠤᠭ᠎ᠠ | ᠪᠠᠶᠢᠯᠳᠤᠭᠴᠢ ᠵᠢᠴᠢ ᠬᠢᠯᠢ ᠶᠢᠨ ᠲᠣᠮᠢᠯᠠᠭᠰᠠᠨ ᠰᠠᠯᠪᠤᠷᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠬᠠᠷᠢᠶ᠎ᠠ ᠣᠷᠣᠨ ᠤ ᠠᠮᠤᠷ | ᠲᠦᠪᠰᠢᠨ ᠲᠣᠭᠲᠠᠭᠤᠨ ᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ ᠳᠠᠷᠠᠭᠠᠴᠢ ᠶᠢᠨ ᠠᠯᠬᠤᠮ ᠳᠤ᠂ ᠪᠢᠳᠠ ᠦᠷᠭᠦᠯᠵᠢᠯᠡᠨ ᠮᠠᠯᠴᠢᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢ ᠪᠤᠢ ᠪᠣᠯᠭᠠᠵᠤ᠂ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ | ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ︾ ᠭᠡᠵᠦ ᠪᠠᠶᠠᠠᠨᠢᠷᠣᠭᠤ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠠᠯᠳᠠ ᠬᠡᠯᠡᠪᠡ᠃ | ︽ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ︾ ᠤᠨ ᠬᠠᠮᠲᠤᠷᠠᠭᠰᠠᠨ ᠨᠠᠮ ᠤᠨ ᠡᠭᠦᠷ ᠪᠠᠶᠢᠭᠤᠯᠤᠭᠳᠠᠭᠰᠠᠨ ᠤ ᠳᠠᠷᠠᠭ᠎ᠠ ᠡᠯ᠎ᠡ ᠲᠠᠯ᠎ᠠ ᠶᠢᠨ | ᠵᠣᠬᠢᠶᠠᠨ ᠪᠠᠶᠢᠭᠤᠯᠤᠯᠲᠠ ᠶᠢᠨ ᠬᠦᠴᠦᠨ ᠢ ᠨᠢᠭᠲᠠᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠲᠤ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ | ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠬᠦᠴᠦᠷᠬᠡᠭᠵᠢᠭᠦᠯᠬᠦ ᠠᠮᠤᠷ ᠲᠦᠪᠰᠢᠨ ᠤ ᠲᠣᠣᠷ ᠢ ᠨᠢᠭᠲᠠ ᠪᠠᠶᠢᠭᠤᠯᠵᠤ᠂ ᠮᠣᠩᠭᠤᠯ ᠦᠨᠳᠦᠰᠦᠲᠡᠨ ᠪᠠ | ᠬᠢᠲᠠᠳ ᠦᠨᠳᠦᠰᠦᠲᠡᠨ ᠤ ᠤᠯᠠᠨ ᠲᠦᠮᠡᠨ ᠢ ᠬᠢᠯᠢ ᠬᠢᠵᠠᠭᠠᠷ ᠲᠤ ᠦᠨᠳᠦᠰᠦᠯᠡᠭᠦᠯᠵᠦ᠂ ᠪᠦᠯᠬᠦᠮᠳᠡᠨ ᠨᠢᠭᠡᠳᠴᠦ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ | ᠴᠡᠴᠡᠭᠯᠡᠨ ᠬᠥᠭᠵᠢᠵᠦ᠂ ᠬᠠᠷᠢᠶ᠎ᠠ ᠣᠷᠣᠨ ᠤ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠣᠭᠲᠠᠭᠤᠨ ᠢᠶᠠᠷ | ᠳᠡᠭᠡᠭᠰᠢᠯᠡᠭᠦᠯᠵᠡᠢ᠃ | |