ᠤᠷᠠᠳ ᠤᠨ ᠬᠤᠶᠢᠲᠤ ᠬᠤᠰᠢᠭᠤ 2023 ᠣᠨ ᠤ ︽ᠭᠠᠷᠠᠭ ᠤᠨ ᠰᠡᠭᠦᠯᠴᠢ ᠶᠢᠨ ᠡᠵᠢ · ᠭᠠᠷᠠᠭ ᠤᠨ ᠰᠡᠭᠦᠯᠴᠢ ᠶᠢᠨ ᠬᠠᠶᠢᠷ᠎ᠠ ᠬᠠᠯᠠᠮᠵᠢ ᠶᠢᠨ ᠭᠡᠷ ᠪᠦᠯᠢ︾ ᠶᠢᠨ ᠭᠡᠯᠬᠢᠶ᠎ᠠ ᠪᠠᠶᠢᠭᠤᠯᠬᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2023/11/28
      ᠤᠶᠢᠷ᠎ᠠ ᠶᠢᠨ ᠡᠳᠦᠷ᠂ ᠤᠷᠠᠳ ᠤᠨ ᠬᠤᠶᠢᠲᠤ ᠬᠤᠰᠢᠭᠤᠨ ᠤ 2023 ᠣᠨ ᠤ ︽ᠭᠠᠷᠠᠭ ᠤᠨ ᠰᠡᠭᠦᠯᠴᠢ ᠶᠢᠨ ᠡᠵᠢ · ᠭᠠᠷᠠᠭ ᠤᠨ ᠰᠡᠭᠦᠯᠴᠢ ᠶᠢᠨ ᠬᠠᠶᠢᠷ᠎ᠠ ᠬᠠᠯᠠᠮᠵᠢ ᠶᠢᠨ ᠭᠡᠷ ᠪᠦᠯᠢ︾ ᠶᠢᠨ ᠭᠡᠯᠬᠢᠶ᠎ᠠ ᠪᠠᠶᠢᠭᠤᠯᠬᠤ ᠠᠵᠢᠯᠯᠠᠭ᠎ᠠ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠳᠤ ᠶᠠᠪᠤᠭᠳᠠᠪᠠ᠃ ᠬᠤᠲᠡ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠧᠩ ᠴᠠᠩ ᠶᠦᠨ᠂  ᠬᠤᠰᠢᠭᠤᠨ ᠤ  ᠤᠳᠤᠷᠢᠳᠤᠯᠭ᠎ᠠ ᠸᠠᠩ ᠶᠢᠨ ᠪᠣᠣ᠂ ᠶᠠᠨ ᠰᠢᠶᠣᠣ ᠶᠦᠨ᠂ ᠮᠧᠩ ᠵᠢᠶᠦ᠋ᠨ᠂ ᠸᠠᠩ ᠶᠠᠨ ᠠᠵᠢᠯᠯᠠᠭ᠎ᠠ ᠶᠢ ᠤᠷᠤᠯᠴᠠᠬᠤ ᠶᠢᠨ ᠬᠠᠮᠲᠤ ᠰᠢᠨ᠎ᠠ ᠬᠡᠯᠬᠢᠶ᠎ᠠ ᠪᠠᠶᠢᠭᠤᠯᠤᠭᠰᠠᠨ ᠭᠡᠷ ᠪᠦᠯᠢ ᠶᠢ ᠪᠤᠯᠭᠤᠭᠠᠨ ᠦᠵᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠪᠠᠷ ᠭᠡᠯᠬᠢᠶ᠎ᠠ ᠪᠠᠶᠢᠭᠤᠯᠤᠭᠰᠠᠨ 20 ᠭᠠᠷᠠᠭ ᠤᠨ ᠰᠡᠭᠦᠯᠴᠢ ᠶᠢᠨ ᠬᠠᠶᠢᠷ᠎ᠠ ᠬᠠᠯᠠᠮᠵᠢ ᠶᠢᠨ ᠭᠡᠷ ᠪᠦᠯᠢ ᠠᠴᠠ ︽ᠭᠠᠷᠠᠭ ᠤᠨ ᠰᠡᠭᠦᠯᠴᠢ ᠶᠢᠨ ᠡᠵᠢ︾ ᠶᠢᠨ ᠬᠠᠶᠢᠷ᠎ᠠ ᠬᠠᠯᠠᠮᠵᠢ ᠶᠢᠨ ᠦᠯᠢᠭᠡᠷ ᠢ ᠬᠤᠪᠢᠶᠠᠯᠴᠠᠵᠠᠢ᠃ ᠡᠭᠦᠨ ᠤ ᠬᠠᠮᠲᠤ᠂ ᠬᠠᠶᠢᠷ᠎ᠠ ᠬᠠᠯᠠᠮᠵᠢ ᠬᠦᠷᠲᠡᠭᠰᠡᠳ ᠤᠨ ᠰᠤᠷᠤᠯᠭ᠎ᠠ ᠶᠢ ᠲᠡᠳᠬᠦᠬᠦ ᠶᠣᠰᠣᠯᠠᠯ ᠵᠢᠴᠢ ︽ᠭᠠᠷᠠᠭ ᠤᠨ ᠰᠡᠭᠦᠯᠴᠢ ᠶᠢᠨ ᠡᠵᠢ︾ ᠪᠠᠷ ᠰᠡᠳᠦᠪᠯᠡᠭᠰᠡᠨ ᠵᠣᠬᠢᠶᠠᠨ ᠪᠦᠲᠦᠭᠡᠯᠭᠡ ᠶᠢᠨ ᠳᠠᠭᠤᠤ MV ᠶᠢ ᠠᠩᠬ᠎ᠠ ᠲᠠᠷᠬᠠᠭᠠᠬᠤ ᠶᠣᠰᠣᠯᠠᠯ ᠶᠠᠪᠤᠭᠲᠠᠭᠤᠯᠵᠠᠢ᠃       ᠤᠷᠠᠳ ᠤᠨ ᠬᠤᠶᠢᠲᠤ ᠬᠤᠰᠢᠭᠤᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠠᠭᠤᠯᠠᠨ ᠠᠷᠤ ᠶᠢᠨ ᠮᠠᠯᠵᠢᠬᠤ ᠣᠷᠣᠨ 2.1 ᠲᠦᠮᠡᠨ ᠲᠡᠭᠰᠢ ᠳᠥᠷᠪᠡᠯᠵᠢᠨ  ᠺᠢᠯᠣᠮᠧᠲᠷ ᠪᠠᠶᠢᠵᠤ᠂ ᠬᠢᠯᠢ ᠬᠢᠵᠠᠭᠠᠷ ᠣᠷᠣᠨ ᠤ ᠬᠡᠦᠬᠡᠳ ᠤᠳ ᠭᠡᠷ ᠠᠴᠠ ᠪᠠᠨ ᠰᠤᠷᠭᠠᠭᠤᠯᠢ ᠬᠦᠷᠲᠡᠯ᠎ᠡ ᠬᠠᠮᠤᠭ ᠤᠨ ᠬᠤᠯᠠ ᠳᠠᠭᠠᠨ 260 ᠭᠠᠷᠤᠢ  ᠺᠢᠯᠣᠮᠧᠲᠷ ᠤᠨ ᠬᠤᠯᠠ ᠵᠠᠮ ᠶᠠᠪᠤᠵᠤ᠂ ᠰᠤᠷᠭᠠᠭᠤᠯᠢ ᠳᠤ ᠣᠷᠣᠬᠤ ᠳᠤ ᠬᠦᠴᠢᠷ᠂ ᠭᠡᠷ ᠲᠡᠭᠡᠨ ᠬᠠᠷᠢᠬᠤ ᠳᠤ ᠨᠠᠩ ᠬᠦᠴᠢᠷ ᠪᠠᠶᠢᠳᠠᠭ᠃ ᠭᠠᠷᠠᠭ ᠤᠨ ᠰᠡᠭᠦᠯᠴᠢ ᠪᠣᠯᠬᠤ ᠪᠦᠷᠢ ᠬᠡᠦᠬᠡᠳ ᠤᠳ ᠭᠡᠷ ᠲᠡᠭᠡᠨ ᠬᠠᠷᠢᠬᠤ ᠶᠢᠨ ᠠᠷᠭ᠎ᠠ ᠦᠭᠡᠢ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠯ ᠳᠤᠲᠠᠭᠳᠠᠵᠤ᠂ ᠰᠤᠷᠤᠯᠭ᠎ᠠ ᠶᠢᠨ ᠲᠠᠯ᠎ᠠ ᠪᠠᠷ ᠬᠠᠯᠠᠮᠵᠢᠯᠠᠯ ᠢᠶᠠᠷ ᠳᠤᠲᠠᠮᠠᠭ ᠪᠠᠶᠢᠳᠠᠭ᠃ 2011 ᠣᠨ ᠳᠤ᠂ ᠤᠷᠠᠳ ᠤᠨ ᠬᠤᠶᠢᠲᠤ ᠬᠤᠰᠢᠭᠤᠨ ᠤ ᠡᠮᠡᠭᠲᠡᠶᠢᠴᠦᠳ ᠤᠨ ᠬᠤᠯᠪᠤᠭ᠎ᠠ ᠨᠢ ᠲᠤᠬᠠᠢ ᠶᠢᠨ ᠭᠠᠵᠠᠷ ᠤᠨ ᠭᠡᠷ ᠲᠡᠭᠡᠨ ᠬᠤᠴᠣᠷᠤᠭᠰᠠᠨ ᠬᠡᠦᠬᠡᠳ ᠡᠳᠦᠷ ᠢᠷᠡᠬᠦᠶ᠎ᠡ ᠨᠡᠮᠡᠭᠳᠡᠵᠦ᠂ ᠬᠡᠦᠬᠡᠳ ᠤᠨ ᠥᠰᠦᠨ ᠪᠤᠶᠢᠵᠢᠬᠤ ᠠᠰᠠᠭᠤᠳᠠᠯ ᠨᠢ ᠨᠡᠶᠢᠭᠡᠮ ᠤᠨ ᠬᠠᠯᠠᠭᠤᠨ ᠴᠡᠭ ᠤᠨ ᠠᠰᠠᠭᠤᠳᠠᠯ ᠪᠣᠯᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ ᠤᠨ ᠬᠦᠴᠦᠲᠡᠢ ᠳᠡᠮᠵᠢᠯᠭᠡ ᠳᠣᠣᠷ᠎ᠠ ︽ᠭᠠᠷᠠᠭ ᠤᠨ ᠰᠡᠭᠦᠯᠴᠢ ᠳᠤ ᠭᠡᠷ ᠲᠡᠭᠡᠨ ᠬᠤᠴᠣᠷᠤᠭᠰᠠᠨ ᠬᠡᠦᠬᠡᠳ ᠢ ᠡᠵᠢ ᠨᠢ ᠬᠠᠶᠢᠷᠠᠯᠠᠨ ᠬᠠᠯᠠᠮᠵᠢᠯᠠᠬᠤ︾ ᠠᠵᠢᠯᠯᠠᠭ᠎ᠠ ᠥᠷᠨᠢᠭᠦᠯᠪᠡ᠃ ᠰᠠᠶᠢᠨ ᠳᠤᠷ᠎ᠠ ᠶᠢᠨ ᠠᠵᠢᠯᠯᠠᠭᠴᠢ ᠬᠢᠭᠡᠳ ᠭᠡᠷ ᠲᠡᠭᠡᠨ ᠬᠤᠴᠣᠷᠤᠭᠰᠠᠨ ᠬᠡᠦᠬᠡᠳ ᠯᠦᠭᠡ ᠨᠢᠭᠡ ᠨᠢᠭᠡ ᠪᠠᠷ ᠢᠶᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠᠷ ᠳᠠᠮᠵᠢᠭᠤᠯᠤᠨ᠂ ᠭᠡᠷ ᠲᠡᠭᠡᠨ ᠬᠤᠴᠣᠷᠤᠭᠰᠠᠨ ᠬᠡᠦᠬᠡᠳ ᠢ ︽ᠭᠠᠷᠠᠭ ᠤᠨ ᠰᠡᠭᠦᠯᠴᠢ ᠳᠤ ᠭᠡᠷ ᠲᠠᠢ︾ ᠪᠣᠯᠭᠠᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠦᠰᠦᠨ ᠪᠤᠶᠢᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ᠲᠤᠰ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠤᠷᠢᠳ ᠬᠤᠵᠢᠳ 175 ᠨᠠᠬᠢᠶ᠎ᠠ ᠪᠦᠦᠪᠠᠢ ᠶᠢ ᠬᠠᠪᠰᠤᠷᠤᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠠᠵᠢᠯᠯᠠᠭᠰᠠᠳ ᠲᠠᠢ ᠲᠦᠷᠦᠯ ᠰᠠᠳᠤᠨ ᠤ ᠬᠠᠶᠢᠷ᠎ᠠ ᠰᠡᠳᠬᠢᠯᠭᠡ ᠲᠠᠢ᠂ ᠡᠵᠢ ᠪᠠᠨ ᠬᠠᠶᠢᠷᠠᠯᠠᠨ ᠬᠠᠯᠠᠮᠵᠢᠯᠠᠵᠤ᠂ ᠨᠠᠬᠢᠶ᠎ᠠ ᠪᠦᠤᠪᠠᠢ ᠶᠢ ᠭᠠᠷᠠᠭ ᠤᠨ ᠰᠡᠭᠦᠯᠴᠢ ᠳᠤ ᠰᠢᠨ᠎ᠡ ᠰᠠᠶᠢᠬᠠᠨ ᠴᠠᠭ ᠮᠥᠴᠡ ᠶᠢ ᠡᠬᠢᠯᠡᠭᠦᠯᠵᠦ᠂ ᠠᠳᠠᠯᠢ ᠪᠤᠰᠤ ᠭᠠᠷᠠᠭ ᠤᠨ ᠰᠡᠭᠦᠯᠴᠢ ᠶᠢ ᠥᠩᠭᠡᠷᠡᠭᠦᠯᠦᠨ᠂ ᠲᠡᠳᠡᠨ ᠳᠤ ᠨᠡᠩ ᠰᠠᠶᠢᠨ ᠰᠠᠶᠢᠬᠠᠨ ᠦᠰᠦᠨ ᠪᠤᠶᠢᠵᠢᠬᠤ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ