ᠤᠶᠢᠷ᠎ᠠ ᠶᠢᠨ ᠡᠳᠦᠷ᠂ ᠤᠷᠠᠳ ᠤᠨ ᠬᠤᠶᠢᠳᠤ ᠬᠤᠰᠢᠭᠤ 2023 ᠣᠨ ᠤ ᠠᠬᠠᠮᠠᠳ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 2021 | ᠣᠨ ᠠᠴᠠ ᠨᠠᠰᠢᠬᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ | ᠰᠣᠨᠣᠰᠴᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠢᠨ ᠪᠦᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠶᠠᠨ ᠰᠢᠶᠣᠣ ᠶᠦᠨ ᠵᠡᠷᠭᠡ ᠤᠳᠤᠷᠢᠳᠤᠯᠭ᠎ᠠ ᠨᠠᠷ ᠣᠷᠣᠯᠴᠠᠵᠠᠢ᠃ ᠶᠠᠷᠢᠯᠴᠠᠬᠤ ᠬᠤᠷᠠᠯ ᠳᠡᠭᠡᠷ᠎ᠡ᠂ ᠠᠬᠠᠮᠠᠳ ᠺᠠᠳ᠋ᠷᠴᠤᠳ ᠬᠤᠶᠢᠲᠤ | ᠬᠤᠰᠢᠭᠤᠨ ᠤ ᠬᠦᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ ᠪᠦᠬᠦ ᠰᠡᠳᠬᠢᠯ ᠢᠶᠠᠨ ᠳᠡᠯᠭᠡᠵᠦ᠂ ᠪᠤᠲᠣᠬᠰᠠᠨ ᠢᠶᠠᠨ ᠠᠭᠤᠵᠢᠷᠠᠲᠠᠯ᠎ᠠ ᠶᠠᠷᠢᠯᠴᠠᠪᠠ᠃ | ᠣᠯᠠᠨ ᠢᠶᠠᠷ ᠢᠶᠠᠨ ᠣᠶᠢᠷ᠎ᠠ ᠶᠢᠨ ᠵᠢᠯ ᠤᠨ ᠲᠤᠷᠰᠢᠬᠢ ᠬᠤᠶᠢᠲᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠯᠡᠳᠲᠡ ᠠᠮᠵᠢᠯᠲᠠ | ᠪᠦᠲᠦᠮᠵᠢ ᠶᠢ ᠮᠠᠭᠲᠠᠨ ᠰᠠᠶᠢᠰᠢᠶᠠᠵᠤ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ᠂ ᠪᠣᠳᠠᠲᠠᠢ ᠠᠷᠭ᠎ᠠ ᠬᠡᠮᠵᠢᠶ᠎ᠡ ᠶᠢ ᠨᠤᠲᠠᠯᠠᠵᠤ᠂ ᠬᠤᠰᠢᠭᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠯᠠᠨ ᠵᠢᠯ ᠤᠨ ᠲᠤᠷᠰᠢ ᠠᠬᠠᠮᠠᠳ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠳᠤ | ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠢ ᠶᠢᠨ | ᠬᠠᠮᠠᠭᠠᠯᠠᠯᠲᠠ ᠵᠡᠷᠭᠡ ᠲᠠᠯ᠎ᠠ ᠪᠠᠷ ᠵᠦᠢ ᠵᠣᠬᠢᠰᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠸᠠᠩ ᠶᠢᠨ ᠪᠦᠦ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠪᠠ᠃ ᠠᠬᠠᠮᠠᠳ | ᠺᠠᠳ᠋ᠷᠴᠤᠳ ᠤᠨ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠸᠠᠩ ᠶᠢᠨ ᠪᠦᠦ ᠬᠤᠰᠢᠭᠤᠨ ᠤ ᠲᠦᠷᠪᠡᠨ ᠶᠡᠭᠡ ᠤᠲᠤᠷᠢᠳᠬᠤ ᠪᠠᠭ ᠤᠨ ᠡᠮᠦᠨ᠎ᠡ ᠠᠴᠠ ᠠᠬᠠᠮᠠᠳ | ᠺᠠᠳ᠋ᠷᠴᠤᠳ ᠤᠨ ᠬᠤᠶᠢᠲᠤ ᠬᠤᠰᠢᠭᠤᠨ ᠤ ᠬᠦᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠪᠡ᠃ | ᠸᠠᠩ ᠶᠢᠨ ᠪᠦᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠢᠨ᠎ᠡ ᠨᠢᠭᠡ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠨᠠᠰᠢ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ ᠨᠢᠭᠡ ᠪᠦᠯᠦᠭ ᠲᠣᠮᠣ ᠶᠠᠪᠤᠳᠠᠯ ᠢ | ᠪᠦᠲᠦᠭᠡᠵᠦ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠭᠤᠷᠪᠠᠳᠤᠭᠠᠷ ᠠᠵᠤ ᠦᠢᠯᠡᠰ ᠢ ᠣᠯᠠᠨ ᠲᠠᠯ᠎ᠠ ᠪᠠᠷ ᠬᠥᠭᠵᠢᠭᠦᠯᠵᠦ᠂ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢᠨ ᠵᠡᠷᠭᠡ ᠳᠤ ᠣᠯᠠᠨ ᠲᠦᠮᠡᠨ ᠤ ᠣᠷᠣᠯᠭ᠎ᠠ ᠶᠢ ᠨᠡᠮᠡᠭᠲᠡᠬᠦᠯᠵᠤ᠂ ᠠᠷᠠᠳ ᠤᠨ ᠰᠠᠨᠠᠭᠠᠨ ᠳᠤ ᠨᠡᠶᠢᠴᠡᠭᠰᠡᠨ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ᠂ ᠬᠤᠸᠠᠩᠭᠠᠩ ᠤᠨ ᠰᠤᠷᠭᠠᠨ ᠬᠥᠮᠦᠵᠢᠯ ᠤᠨ ᠪᠦᠯᠬᠦᠮ ᠢ | ᠣᠷᠣᠭᠤᠯᠤᠨ ᠠᠪᠴᠢᠷᠠᠬᠤ᠂ ᠡᠮ ᠡᠮᠨᠡᠯᠭᠡ ᠶᠢᠨ ᠶᠡᠷᠦᠩᠬᠡᠶᠢᠯᠡᠭᠰᠡᠨ ᠲᠣᠭᠤᠷᠢᠭ ᠢ ᠪᠦᠲᠦᠭᠡᠨ ᠪᠠᠶᠢᠭᠤᠯᠬᠤ᠂ ᠬᠤᠭᠤᠯᠠᠢ ᠶᠢᠨ ᠲᠣᠣᠷ ᠢ ᠰᠢᠨᠡᠳᠬᠡᠨ ᠵᠠᠮ ᠱᠤᠭᠤᠮ ᠢ | ᠰᠡᠯᠪᠢᠨ ᠵᠠᠰᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠨ ᠲᠦᠮᠡᠨ ᠤ ᠬᠦᠰᠡᠵᠦ ᠪᠠᠶᠢᠭ᠎ᠠ ᠶᠠᠪᠤᠳᠠᠯ ᠢ | ᠬᠦᠴᠦᠯᠡᠨ ᠰᠢᠢᠳᠪᠦᠷᠢᠯᠡᠪᠡ᠃ ᠡᠲᠡᠭᠡᠷ ᠠᠮᠵᠢᠯᠲᠠ ᠶᠢ ᠣᠯᠣᠭᠰᠠᠨ ᠨᠢ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ | ᠲᠡᠮᠡᠴᠡᠭᠰᠡᠨ ᠠᠴᠠ ᠪᠣᠯᠤᠭᠰᠠᠨ ᠪᠥᠭᠡᠳ ᠠᠵᠢᠯ ᠠᠴᠠ ᠪᠠᠨ ᠠᠮᠠᠷᠠᠭᠰᠠᠨ ᠺᠠᠳ᠋ᠷ᠂ ᠠᠬᠠᠮᠠᠳ ᠨᠥᠬᠦᠳ ᠤᠨ ᠣᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠤᠭᠰᠠᠨ ᠪᠠᠶᠢᠨ᠎ᠠ᠃ | | | |