ᠦᠢᠷ᠎ᠠ ᠳᠤ᠂ ᠤᠷᠠᠳ ᠤᠨ ᠬᠤᠶᠢᠲᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠠᠬᠢᠭᠤᠯᠬᠤ | ᠬᠤᠷᠠᠯ ᠬᠢᠪᠡ᠃ ᠬᠤᠷᠠᠯ ᠠᠴᠠ ᠳᠡᠭᠡᠳᠦ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠶᠡᠬᠡᠪᠡᠷ ᠰᠠᠶᠢᠲᠤᠷ ᠬᠢᠵᠦ᠂ ᠬᠥᠳᠡᠭᠡ | ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠰᠠᠨᠠᠭᠠᠴᠢᠯᠠᠬᠤ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤ ᠠᠷᠪᠢᠯᠠᠵᠤ | ᠤᠰᠤ ᠶᠢ ᠬᠢᠵᠠᠭᠠᠷᠯᠠᠬᠤ ᠶᠢ ᠲᠦᠯᠬᠢᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠤᠰᠤᠨ | ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠯᠠᠩ᠂ ᠮᠠᠯ ᠠᠵᠤ ᠠᠬᠤᠢ ᠵᠡᠷᠭᠡ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ᠂ | ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠣ᠋ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠪᠡ᠃ |