ᠡᠨᠡ ᠵᠢᠯ᠂ ᠤᠷᠠᠳ ᠤᠨ ᠬᠤᠶᠢᠲᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ | ᠠᠵᠢᠯ ᠤᠨ ᠲᠣᠭᠤᠷᠢᠨ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠴᠢᠬᠤᠯᠠ ᠶᠡᠭᠡ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ | ᠠᠷᠪᠢᠯᠠᠬᠤ᠂ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠ ᠲᠠᠰ ᠳᠠᠷᠠᠭᠠᠯᠠᠯ ᠢ ᠵᠢᠷᠤᠮᠵᠢᠭᠤᠯᠬᠤ᠂ ᠪᠡᠯᠡ ᠣᠷᠣᠭᠤᠯᠤᠯᠲᠠ ᠶᠢᠨ ᠠᠮᠵᠢᠯᠲᠠ ᠪᠦᠲᠦᠮᠵᠢ ᠶᠢ | ᠳᠡᠭᠡᠭᠰᠢᠯᠡᠭᠦᠯᠬᠦ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠲᠤᠤᠱᠯᠠᠭᠤᠯᠵᠤ᠂ ᠪᠡᠯᠡ ᠣᠷᠣᠭᠤᠯᠤᠯᠲᠠ ᠶᠢᠨ ᠬᠢᠨᠠᠨ | ᠪᠣᠳᠣᠯᠲᠠ ᠶᠢ ᠯᠠᠪᠳᠠᠭᠤᠨ ᠪᠠᠲᠤᠲᠠᠢ ᠦᠷᠨᠢᠬᠦᠯᠪᠠ᠃ | ᠪᠡᠯᠡ ᠣᠷᠣᠭᠤᠯᠤᠯᠲᠠ ᠶᠢᠨ ᠬᠢᠨᠠᠨ ᠪᠤᠳᠤᠯᠳᠠ ᠳᠤ᠂ ︽ᠭᠤᠷᠪᠠ ᠶᠢ ᠬᠤᠪᠢᠷᠠᠭᠤᠯᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠬᠤᠯᠪᠤᠬᠳᠠᠬᠤ ᠭᠤᠣᠯᠳᠠᠯᠭ᠎ᠠ ᠲᠠᠢ ᠲᠥᠷᠥᠯ ᠵᠦᠢᠯ ᠢ ᠮᠥᠷᠳᠡᠨ ᠬᠢᠨᠠᠨ ᠪᠤᠳᠤᠬᠤ ᠪᠠ ᠠᠵᠢᠯ ᠤᠨ ᠦᠷ᠎ᠡ | ᠪᠦᠲᠦᠮᠵᠢ ᠶᠢᠨ ᠬᠢᠨᠠᠨ ᠪᠣᠳᠣᠯᠲᠠ ᠶᠢ ᠬᠡᠷᠡᠭᠵᠢᠭᠦᠯᠦᠨ᠂ ᠶᠡᠷᠦᠩᠬᠡᠶᠢᠯᠡᠭᠰᠡᠨ ᠦᠷ᠎ᠡ ᠠᠰᠢᠭ ᠤᠨ ᠵᠠᠳᠠᠯᠤᠯᠲᠠ ᠶᠢ ᠴᠢᠩᠭᠠᠷᠠᠭᠤᠯᠵᠤ᠂ ᠭᠤᠤᠯᠳᠠᠭ᠎ᠠ ᠲᠠᠢ ᠲᠥᠷᠥᠯ | ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠴᠠ ᠰᠢᠯᠭᠠᠨ ᠬᠤᠷᠢᠶᠠᠬᠤ᠂ ᠲᠤᠰᠢᠶᠠᠨ ᠬᠡᠷᠡᠭᠯᠡᠭᠦᠯᠬᠦ ᠬᠦᠷᠲᠡᠯᠡᠬᠢ ᠡᠯ᠎ᠡ ᠱᠠᠲᠤ ᠦᠶ᠎ᠡ ᠶᠢᠨ | ᠬᠠᠮᠢᠶᠠᠷᠤᠯᠲᠠ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠶᠠᠪᠤᠴᠠ ᠳᠤ ᠬᠢᠨᠠᠯᠲᠠ ᠲᠡᠯᠪᠢᠵᠤ ᠪᠤᠢ᠃ ᠠᠷᠠᠳ ᠤᠨ ᠠᠮᠢᠳᠤᠷᠠᠯ ᠤᠨ ᠲᠦᠷᠤᠯ | ᠵᠦᠢᠯ ᠳᠤ ᠠᠩᠬᠠᠷᠤᠯ ᠢᠶᠠᠨ ᠲᠦᠪᠯᠠᠷᠠᠬᠦᠯᠵᠤ᠂᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠨ᠎ᠡ ᠲᠤᠬᠳᠠᠭᠠᠯᠳᠠ ᠪᠠ ᠳ᠋ᠦᠩᠨᠡᠨ ᠪᠤᠳᠤᠯᠳᠠ ᠶᠢ ᠳᠠᠭᠢᠵᠤ | ᠥᠷᠨᠢᠭᠦᠯᠬᠦ ᠦᠭᠡᠢ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠲᠠᠲᠠᠪᠤᠷᠢᠯᠠᠨ ᠨᠡᠬᠦᠯᠬᠡᠨ | ᠰᠢᠯᠵᠢᠬᠦᠯᠬᠦ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠡᠳ᠋ ᠪᠠᠷᠠᠭ᠎ᠠ ᠲᠥᠬᠦᠭᠡᠷᠦᠮᠵᠢ ᠬᠤᠳᠠᠯᠳᠤᠨ ᠠᠪᠬᠤ᠂ ᠭᠡᠷ᠎ᠡ ᠶᠢ | ᠭᠦᠢᠴᠡᠳᠬᠡᠬᠦ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠪᠥᠬᠦ ᠲᠠᠯ᠎ᠠ ᠶᠢᠨ ᠬᠢᠨᠠᠨ ᠪᠣᠳᠣᠯᠲᠠ ᠬᠢᠵᠦ᠂ ᠪᠠᠷᠢᠯᠭ᠎ᠠ ᠶᠢᠨ | ᠬᠠᠮᠢᠶᠠᠷᠤᠯᠲᠠ ᠶᠢᠨ ᠳᠤᠮᠳᠠᠬᠢ ᠠᠰᠠᠭᠤᠳᠠᠯ ᠢ ᠭᠦᠨᠵᠡᠭᠡᠢ ᠢᠯᠡᠷᠡᠭᠦᠯᠬᠦ ᠶᠢᠨ ᠬᠠᠮᠲᠤ᠂ ᠶᠠᠪᠤᠴᠠ ᠳᠤ ᠵᠦᠢ ᠵᠣᠬᠢᠰᠲᠠᠢ ᠬᠢᠨᠠᠨ ᠪᠤᠳᠤᠬᠤ ᠰᠠᠨᠠᠭᠤᠯᠭ᠎ᠠ ᠲᠤᠷᠠᠳᠤᠨ᠎ᠠ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠰᠠᠭᠤᠷᠢᠯᠠᠵᠤ᠂ ᠬᠢᠨᠠᠨ ᠪᠤᠳᠤᠬᠤ ᠬᠦᠴᠦᠨ ᠲᠠᠢ ᠤᠶᠠᠯᠳᠤᠭᠤᠯᠤᠨ᠂ ᠬᠢᠨᠠᠨ ᠪᠤᠳᠤᠬᠤ ᠲᠥᠷᠥᠯ ᠵᠦᠢᠯ ᠢ | ᠲᠣᠬᠢᠷᠠᠭᠤᠯᠬᠤ ᠳᠠᠭᠠᠨ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠬᠡᠵᠦ᠂ ᠴᠢᠬᠤᠯᠠ ᠶᠡᠭᠡ ᠲᠥᠷᠥᠯ ᠵᠦᠢᠯ ᠤᠨ | ᠪᠠᠷᠢᠯᠭ᠎ᠠ ᠳᠠᠭᠤᠰᠤᠭᠰᠠᠨ ᠲᠥᠰᠥᠪ ᠤᠨ ᠭᠦᠢᠴᠡᠳᠬᠡᠯ ᠤᠨ ᠬᠢᠨᠠᠨ ᠪᠤᠳᠤᠬᠤ ᠬᠡᠯᠪᠡᠷᠢ ᠪᠠᠷ ᠭᠤᠣᠯ ᠪᠣᠯᠭᠠᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠠᠰ ᠳᠠᠷᠠᠭᠠᠯᠠᠯ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ ᠲᠠᠯ᠎ᠠ ᠳᠤ ᠭᠤᠣᠯᠳᠠᠯᠭ᠎ᠠ ᠲᠠᠢ ᠬᠢᠨᠠᠨ ᠪᠣᠳᠣᠯᠲᠠ ᠬᠢᠵᠦ᠂ ᠬᠢᠨᠠᠨ ᠪᠤᠳᠤᠵᠤ ᠢᠯᠡᠷᠡᠭᠦᠯᠦᠭᠰᠡᠨ ᠠᠰᠠᠭᠤᠳᠠᠯ ᠤᠨ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠂ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠬᠢᠨᠠᠨ ᠪᠤᠳᠤᠬᠤ | ᠳᠤᠭᠤᠶᠢᠯᠠᠩ ᠤᠨ ᠬᠢᠨ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠮᠥᠷᠳᠡᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠣᠯᠠᠨᠲᠠ ᠬᠢᠨᠠᠵᠤ ᠣᠯᠠᠨᠲᠠ ᠵᠥᠷᠢᠴᠡᠬᠦ ᠶᠢ ᠬᠤᠷᠢᠭᠯᠠᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | | | |