ᠠᠳᠠᠯᠢ ᠬᠤᠭᠤᠴᠠᠭᠠᠨ ᠤ ᠬᠢ ᠠᠴᠠ 8.28 ᠳ᠋ᠦᠩᠰᠢᠭᠤᠷ ᠲᠥᠭᠦᠷᠢᠭ ᠨᠡᠮᠡᠭᠳᠡᠪᠡ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1 ᠠᠴᠠ 9 ᠰᠠᠷ᠎ᠠ ᠳᠤ᠂ ᠮᠠᠨ ᠤ ᠬᠤᠲᠠ ᠶᠢᠨ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ ᠨᠡᠶᠢᠲᠡ 56.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.28 ᠳ᠋ᠦᠩᠰᠢᠭᠤᠷ ᠲᠥᠭᠦᠷᠢᠭ | ᠨᠡᠮᠡᠭᠳᠡᠨ᠂ 17% ᠨᠡᠮᠡᠭᠳᠡᠵᠡᠢ᠃ | ᠡᠭᠦᠨ ᠳᠤ᠂ ᠭᠠᠶᠢᠯᠢ ᠶᠢᠨ ᠣᠷᠣᠯᠭ᠎ᠠ ᠶᠢ 37.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.52% | ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 19.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.01% ᠪᠠᠷ | ᠨᠡᠮᠡᠭᠳᠡᠪᠡ᠃ | ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 226.47 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 37.49 ᠳ᠋ᠦᠩᠰᠢᠭᠤᠷ ᠲᠥᠭᠦᠷᠢᠭ ᠨᠡᠮᠡᠭᠳᠡᠨ᠂ 19.8% ᠪᠠᠷ ᠨᠡᠮᠡᠭᠳᠡᠪᠡ᠃ | | | |