ᠲᠦᠷᠦᠭᠦᠸ ᠭᠤᠷᠪᠠᠨ ᠤᠯᠠᠷᠢᠯ ᠳᠤ ᠮᠠᠨ ᠤ ᠬᠤᠲᠠ ᠶᠢᠨ ︽ᠬᠤᠶᠠᠷ ᠰᠠᠭᠤᠷᠢᠨ ᠭᠠᠵᠠᠷ᠂ ᠳᠥᠷᠪᠡᠨ  ᠰᠦᠷᠦᠭᠵᠢᠯ︾᠎ ᠤᠨ ᠨᠡᠮᠡᠭᠳᠡᠯ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠪᠡ
ᠨᠡᠶᠢᠲᠡᠯᠡᠭᠰᠡᠨ ᠴᠠᠭ᠄
2023/11/6
      ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠸ ᠭᠤᠷᠪᠠᠨ ᠤᠯᠠᠷᠢᠯ ᠳᠤ᠂ ᠮᠠᠨ ᠤ ᠬᠤᠲᠠ ᠶᠢᠨ ︽ᠬᠤᠶᠠᠷ ᠰᠠᠭᠤᠷᠢᠨ᠂ ᠳᠥᠷᠪᠡᠨ  ᠰᠦᠷᠦᠭᠵᠢᠯ︾᠎ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 14.1%᠎ ᠪᠠᠷ ᠨᠡᠮᠡᠭᠳᠡᠵᠦ᠂ ᠨᠡᠮᠡᠭᠳᠡᠯ ᠥᠷᠲᠡᠭ ᠤᠨ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 52.3%᠎ ᠶᠢ ᠡᠵᠡᠯᠡᠵᠦ᠂ ᠪᠥᠬᠦ ᠬᠤᠲᠠ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 7.4 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃       ᠡᠭᠦᠨ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6.1% ᠨᠡᠮᠡᠭᠳᠡᠵᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠦ᠂ ᠲᠣᠨᠣᠭᠯᠠᠯ ᠦᠢᠯᠡᠳᠬᠦ ᠠᠵᠤ ᠦᠢᠯᠡᠰ ᠤᠨ ᠨᠡᠮᠡᠭᠳᠡᠯ ᠥᠷᠲᠡᠭ ᠎ ᠨᠢ  ᠠᠳᠠᠯᠢ  ᠬᠤᠭᠤᠴᠠᠭᠠᠨ  ᠤ ᠎ ᠬᠢ  ᠠᠴᠠ  3.0% ᠪᠠᠭᠤᠷᠠᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠨᠡᠮᠡᠭᠳᠡᠯ ᠥᠷᠲᠡᠭ ᠎ ᠨᠢ  ᠠᠳᠠᠯᠢ  ᠬᠤᠭᠤᠴᠠᠭᠠᠨ  ᠤ  ᠎ ᠬᠢ  ᠠᠴᠠ 56.0%  ᠨᠡᠮᠡᠭᠳᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.5% ᠪᠠᠭᠤᠷᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ