ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠬᠤᠲᠠ ᠲᠣᠭᠲᠠᠭᠰᠠᠨ ᠨᠣᠷᠮ᠎ᠠ ᠶᠢᠨ ᠱᠠᠩᠨᠠᠯ ᠢ | ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠣᠶᠢᠷ᠎ᠠ ᠶᠢᠨ | ᠬᠤᠭᠤᠴᠠᠭᠠᠨ ᠳᠤ᠂ ᠮᠠᠨ ᠤ ᠬᠤᠲᠠ 33 ᠠᠵᠤ ᠠᠬᠤᠶᠢᠯᠠᠯ ᠳᠤ 370 ᠲᠦᠮᠡᠨ ᠲᠥᠭᠦᠷᠢᠭ ᠤᠨ ᠨᠣᠷᠮ᠎ᠠ ᠶᠢᠨ ᠱᠠᠩᠨᠠᠯ ᠣᠯᠭᠤᠪᠠ᠃ | ᠮᠠᠨ ᠤ ᠬᠤᠲᠠ ᠬᠤᠶᠠᠷ ᠵᠢᠯ ᠳᠠᠷᠠᠭᠠᠯᠠᠨ ᠠᠰᠢᠭᠲᠠᠢ ᠲᠥᠷᠥ ᠶᠢᠨ ᠪᠣᠳᠣᠯᠭ᠎ᠠ ᠨᠡᠶᠢᠲᠡᠯᠡᠵᠦ᠂ ︽ᠳᠡᠭᠡᠷ᠎ᠡ ᠵᠢᠯ ᠳᠤ ᠬᠡᠪᠴᠢᠶ᠎ᠡ ᠠᠴᠠ ᠳᠣᠷᠣᠭᠰᠢ ᠪᠠᠶᠢᠭᠰᠠᠨ ᠢ | ᠠᠩᠬ᠎ᠠ ᠤᠳᠠᠭ᠎ᠠ ᠬᠡᠪᠴᠢᠶ᠎ᠡ ᠠᠴᠠ ᠳᠡᠭᠡᠭᠰᠢ ᠪᠣᠯᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ︾ ︽ᠰᠢᠨ᠎ᠡ ᠪᠠᠷ ᠪᠠᠷᠢᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠤᠭᠰᠠᠨ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ︾ ︽ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠥᠬᠦ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠠᠩᠬ᠎ᠠ ᠤᠳᠠᠭ᠎ᠠ 30 ᠳ᠋ᠦᠩᠰᠢᠭᠤᠷ ᠲᠥᠭᠦᠷᠢᠭ᠂ 50 | ᠳ᠋ᠦᠩᠰᠢᠭᠤᠷ ᠲᠥᠭᠦᠷᠢᠭ᠂ 80 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ︾ ᠳᠤ ᠲᠣᠰ ᠲᠣᠰ 10 ᠲᠦᠮᠡᠨ | ᠲᠥᠭᠦᠷᠢᠭ᠂ 20 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠣᠯᠭᠤᠪᠠ᠃ ᠣᠶᠢᠷ᠎ᠠ ᠶᠢᠨ ᠬᠤᠭᠤᠴᠠᠭᠠᠨ ᠳᠤ᠂ ᠬᠢᠨᠠᠨ | ᠪᠠᠶᠢᠴᠠᠭᠠᠭᠠᠳ᠂ ᠪᠦᠬᠦ ᠬᠤᠲᠠ ᠶᠢᠨ ᠨᠡᠶᠢᠲᠡ 33 ᠠᠵᠤ ᠠᠬᠤᠶᠢᠯᠠᠯ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠵᠦ᠂ ᠡᠭᠦᠨ ᠳᠤ᠂ ᠳᠡᠭᠡᠷ᠎ᠡ ᠵᠢᠯ ᠳᠤ | ᠬᠡᠪᠴᠢᠶ᠎ᠡ ᠠᠴᠠ ᠳᠣᠷᠣᠭᠰᠢ ᠪᠠᠶᠢᠭᠰᠠᠨ ᠠᠴᠠ ᠪᠠᠨ ᠠᠩᠬ᠎ᠠ ᠤᠳᠠᠭ᠎ᠠ ᠬᠡᠪᠴᠢᠶ᠎ᠡ ᠠᠴᠠ ᠳᠡᠭᠡᠭᠰᠢ ᠪᠣᠯᠵᠤ ᠳᠡᠭᠡᠭᠰᠢᠯᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ | 28 ᠡᠷᠥᠭᠡ᠂ ᠰᠢᠨ᠎ᠡ ᠪᠠᠷ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠨᠢ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ | 2 ᠡᠷᠥᠭᠡ᠂ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠥᠬᠦ ᠵᠢᠯ ᠤᠨ ᠠᠵᠤ ᠦᠢᠯᠡᠳᠪᠦᠷᠢ ᠶᠢᠨ ᠶᠡᠷᠦᠩᠬᠡᠢ ᠥᠷᠳᠡᠭ ᠠᠩᠬ᠎ᠠ | ᠤᠳᠠᠭ᠎ᠠ 30 ᠳ᠋ᠦᠩᠰᠢᠭᠤᠷ ᠲᠥᠭᠦᠷᠢᠭ 1 ᠡᠷᠥᠭᠡ᠂ 50 ᠳ᠋ᠦᠩᠰᠢᠭᠤᠷ ᠲᠥᠭᠦᠷᠢᠭ 2 ᠡᠷᠥᠭᠡ ᠳᠤ ᠬᠦᠷᠴᠦ᠂ ᠨᠡᠶᠢᠳᠡ 370 ᠲᠦᠮᠡᠨ ᠲᠥᠭᠦᠷᠢᠭ ᠤᠨ | ᠲᠡᠳᠬᠦᠮᠵᠢ ᠶᠢᠨ ᠪᠡᠯᠡ ᠮᠥᠩᠭᠦ ᠭᠤᠶᠤᠴᠢᠯᠠᠨ ᠮᠡᠳᠡᠭᠦᠯᠵᠦ᠂ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠠᠷ ᠳᠠᠮᠵᠢᠭᠤᠯᠤᠨ ᠡᠯ᠎ᠡ ᠠᠵᠤ | ᠠᠬᠤᠶᠢᠯᠠᠯ ᠳᠤ ᠳᠣᠷᠣᠭᠰᠢ ᠪᠠᠭᠤᠯᠭᠠᠨ᠎ᠠ᠃ | | | |