ᠮᠠᠨ ᠤ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 56.97 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2023/11/6
      ᠠᠳᠠᠯᠢ ᠬᠤᠭᠤᠴᠠᠭᠠᠨ ᠤ ᠬᠢ ᠠᠴᠠ 8.28 ᠳ᠋ᠦᠩᠰᠢᠭᠤᠷ ᠲᠥᠭᠦᠷᠢᠭ ᠨᠡᠮᠡᠭᠳᠡᠪᠡ       ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1 ᠠᠴᠠ 9 ᠰᠠᠷ᠎ᠠ ᠳᠤ᠂ ᠮᠠᠨ ᠤ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 56.97 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.28 ᠳ᠋ᠦᠩᠰᠢᠭᠤᠷ ᠲᠥᠭᠦᠷᠢᠭ ᠨᠡᠮᠡᠭᠳᠡᠨ᠂ 17% ᠨᠡᠮᠡᠭᠳᠡᠵᠡᠢ᠃       ᠡᠭᠦᠨ ᠳᠤ᠂ ᠭᠠᠶᠢᠯᠢ ᠶᠢᠨ ᠣᠷᠣᠯᠭ᠎ᠠ ᠶᠢ 37.25 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ  ᠬᠤᠭᠤᠴᠠᠭᠠᠨ  ᠤ   ᠬᠢ  ᠠᠴᠠ  24.52% ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 19.72 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.01% ᠪᠠᠷ ᠨᠡᠮᠡᠭᠳᠡᠪᠡ᠃       ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 226.47 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 37.49 ᠳ᠋ᠦᠩᠰᠢᠭᠤᠷ ᠲᠥᠭᠦᠷᠢᠭ ᠨᠡᠮᠡᠭᠳᠡᠨ᠂ 19.8% ᠪᠠᠷ ᠨᠡᠮᠡᠭᠳᠡᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ