ᠡᠨᠡ ᠵᠢᠯ ᠮᠠᠨ ᠤ ᠬᠤᠲᠠ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ 44.79 ᠲᠦᠮᠡᠨ ᠮᠦ ᠪᠡᠶᠡᠯᠡᠭᠦᠯᠪᠡ
ᠨᠡᠶᠢᠲᠡᠯᠡᠭᠰᠡᠨ ᠴᠠᠭ᠄
2023/11/6
      ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ ᠰᠡᠭᠦᠯᠴᠢ ᠪᠣᠯᠲᠠᠯ᠎ᠠ᠂ ᠡᠨᠡ ᠵᠢᠯ ᠮᠠᠨ ᠤ ᠬᠤᠲᠠ ᠨᠢᠭᠡᠨᠲᠡ 44.79 ᠲᠦᠮᠡᠨ ᠮᠦ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠡᠢ᠃       ᠡᠨᠡ ᠵᠢᠯ ᠠᠴᠠ ᠨᠠᠰᠢ᠂ ᠮᠠᠨ ᠤ ᠬᠤᠲᠠ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠦ ᠵᠢᠯ ᠳᠤ 45.45 ᠲᠦᠮᠡᠨ ᠮᠦ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠨᠢᠭᠡᠨᠲᠡ 44.79 ᠲᠦᠮᠡᠨ ᠮᠦ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠪᠠᠨ 98.5% ᠪᠠᠷ ᠪᠡᠶᠡᠯᠡᠭᠦᠯᠪᠡ᠃ ᠡᠭᠦᠨ ᠳᠤ 14.09 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠵᠤ᠂ 1.5 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 7.5 ᠲᠦᠮᠡᠨ ᠮᠦ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ 21.7 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ