ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠸ ᠭᠤᠷᠪᠠᠨ ᠤᠯᠠᠷᠢᠯ ᠳᠤ᠂ ᠮᠠᠨ ᠤ ᠬᠤᠲᠠ ᠶᠢᠨ ︽ᠬᠤᠶᠠᠷ | ᠰᠠᠭᠤᠷᠢᠨ᠂ ᠳᠥᠷᠪᠡᠨ ᠰᠦᠷᠦᠭᠵᠢᠯ︾ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠵᠦ᠂ ᠨᠡᠮᠡᠭᠳᠡᠯ ᠥᠷᠲᠡᠭ ᠤᠨ | ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 52.3% ᠶᠢ ᠡᠵᠡᠯᠡᠵᠦ᠂ ᠪᠥᠬᠦ ᠬᠤᠲᠠ ᠶᠢᠨ | ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 7.4 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ᠃ | ᠡᠭᠦᠨ ᠳᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠡᠳ᠋ᠰᠢᠭᠦᠯᠬᠦ ᠦᠢᠯᠡᠰ ᠤᠨ ᠪᠡᠶᠡᠯᠡᠭᠦᠯᠦᠭᠰᠡᠨ ᠨᠡᠮᠡᠭᠳᠡᠯ ᠥᠷᠲᠡᠭ ᠨᠢ | ᠠᠳᠠᠯᠢ ᠬᠤᠭᠤᠴᠠᠭᠠᠨ ᠤ ᠬᠢ ᠠᠴᠠ 10.2% ᠨᠡᠮᠡᠭᠳᠡᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | 6.1% ᠨᠡᠮᠡᠭᠳᠡᠵᠦ᠂ ᠰᠢᠨ᠎ᠡ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ 6.6% ᠨᠡᠮᠡᠭᠳᠡᠵᠦ᠂ ᠲᠣᠨᠣᠭᠯᠠᠯ ᠦᠢᠯᠡᠳᠬᠦ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | 3.0% ᠪᠠᠭᠤᠷᠠᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 56.0% | ᠨᠡᠮᠡᠭᠳᠡᠵᠦ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 9.5% ᠪᠠᠭᠤᠷᠠᠪᠠ᠃ | | | |