ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ | ᠰᠡᠭᠦᠯᠴᠢ ᠪᠣᠯᠲᠠᠯ᠎ᠠ᠂ ᠡᠨᠡ ᠵᠢᠯ ᠮᠠᠨ ᠤ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ 6643 ᠢᠵᠢ | ᠪᠠᠷᠢᠯᠭ᠎ᠠ ᠡᠬᠢᠯᠡᠭᠦᠯᠵᠦ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ ᠨᠢ 100% ᠳᠤ ᠬᠥᠷᠪᠡ᠃ | ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠬᠤᠲᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢᠨ 6643 | ᠢᠵᠢ ︵ᠡᠭᠦᠨ ᠳᠤ ᠢᠵᠢ ᠪᠦᠷᠢᠨ ᠪᠤᠰᠤ ᠥᠭᠡᠷᠡᠴᠢᠯᠡᠯᠲᠡ ᠶᠢᠨ 6065 ᠢᠵᠢ᠂ ᠲᠠᠲᠠᠪᠤᠷᠢᠯᠠᠬᠤ ᠪᠠ ᠨᠤᠷᠠᠭᠠᠬᠤ ᠲᠥᠷᠥᠯ ᠤᠨ ᠥᠭᠡᠷᠡᠴᠢᠯᠡᠯᠲᠡ ᠶᠢᠨ 578 | ᠢᠵᠢ︶ ᠶᠢ ᠬᠡᠷᠡᠭᠵᠢᠭᠦᠯᠵᠦ᠂ 5105 ᠢᠵᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ 9 ᠰᠠᠷ᠎ᠠ ᠶᠢᠨ ᠰᠡᠭᠦᠯᠴᠢ ᠪᠣᠯᠲᠠᠯ᠎ᠠ᠂ | ᠪᠥᠬᠦ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ 6643 ᠢᠵᠢ ᠶᠢ ᠪᠣᠳᠠᠲᠠᠢ ᠠᠵᠢᠯ ᠡᠬᠢᠯᠡᠭᠦᠯᠵᠦ᠂ | ᠠᠵᠢᠯ ᠡᠬᠢᠯᠡᠭᠦᠯᠦᠭᠰᠡᠨ ᠨᠣᠷᠮ᠎ᠠ ᠨᠢ 100% ᠪᠠᠶᠢᠵᠤ᠂ 3888 ᠢᠵᠢ ᠶᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠦᠨᠳᠦᠰᠦᠨ ᠳᠡᠭᠡᠨ ᠪᠠᠶᠢᠭᠤᠯᠤᠨ | ᠳᠠᠭᠤᠰᠬᠠᠭᠰᠠᠨ ᠨᠣᠷᠮ᠎ᠠ ᠨᠢ 76.16% ᠪᠠᠶᠢᠵᠤ᠂ 14006 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | | | |