ᠣᠷᠣᠨ ᠬᠤᠪᠢᠶᠠᠨ ᠵᠠᠰᠠᠬᠤ ᠵᠦᠢᠯᠡᠰ ᠢᠶᠠᠷ ᠳᠠᠶᠢᠴᠢᠯᠠᠬᠤ ᠮᠠᠨ ᠤ ᠬᠤᠲᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽ᠵᠢᠢ ᠥᠰᠥᠭ ᠤᠨ ᠮᠤᠷᠤᠶᠢᠯᠲᠠ︾ ᠶᠢᠨ ᠰᠢᠪᠲᠤᠯᠤᠯᠲᠠ ᠶᠢᠨ ᠲᠡᠶᠢᠨ ᠢ ᠪᠥᠬᠦ ᠲᠠᠯ᠎ᠠ ᠪᠠᠷ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/11/6
      ᠡᠨᠡ ᠵᠢᠯ ᠠᠴᠠ ᠨᠠᠰᠢ᠂ ᠮᠠᠨ ᠤ ᠬᠤᠲᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽  ᠵᠢᠢ ᠥᠰᠥᠭ ᠤᠨ ᠮᠤᠷᠤᠶᠢᠯᠲᠠ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠳᠣᠬᠠᠨ ᠳᠤ᠂ ᠪᠥᠬᠦ ᠬᠤᠲᠠ ᠳᠤ ᠨᠢᠭᠡᠨᠲᠡ 19 ᠲᠥᠷᠥᠯ ᠵᠦᠢᠯ ᠢ ᠠᠵᠢᠯ ᠡᠬᠢᠯᠡᠭᠦᠯᠵᠦ᠂ 88.29 ᠲᠦᠮᠡᠨ ᠮᠦ ᠪᠦᠲᠦᠭᠡᠨ ᠪᠠᠶᠢᠭᠤᠯᠵᠤ᠂ 10.85 ᠲᠦᠮᠡᠨ ᠮᠦ ᠶᠢ ᠨᠢᠭᠡᠨᠲᠡ ᠪᠡᠶᠡᠯᠡᠭᠦᠯᠪᠡ᠃       ᠮᠠᠨ ᠤ ᠬᠤᠲᠠ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠡᠯᠡᠰᠦ ᠮᠠᠩᠬ᠎ᠠ ︵ᠡᠯᠡᠰᠦᠷᠬᠡᠭ ᠭᠠᠵᠠᠷ︶ ᠶᠢ ᠶᠡᠷᠦᠩᠬᠡᠶᠢᠯᠡᠨ ᠵᠠᠰᠠᠬᠤ ᠣᠷᠣᠨ᠂ ᠮᠤᠨᠢ ᠠᠭᠤᠯᠠ ᠵᠢᠴᠢ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠨ ᠵᠠᠰᠠᠬᠤ ᠣᠷᠣᠨ᠂ ᠪᠣᠷᠣᠳᠣᠬᠤᠢ ᠶᠢᠨ ᠲᠠᠯ᠎ᠠ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠨ᠂ ᠨᠤᠭᠤ ᠭᠠᠵᠠᠷ ᠢ ᠬᠠᠮᠠᠭᠠᠯᠠᠵᠤ ᠰᠡᠷᠭᠦᠭᠡᠨ ᠵᠠᠰᠠᠬᠤ ᠣᠷᠣᠨ ᠢ ᠬᠤᠪᠢᠶᠠᠷᠢᠯᠠᠵᠤ᠂ ᠣᠷᠣᠨ ᠬᠤᠪᠢᠶᠠᠨ ᠵᠠᠰᠠᠵᠤ᠂ ᠬᠠᠷᠠᠯᠲᠠ ᠶᠢ 2030 ᠣᠨ ᠪᠣᠯᠬᠤ ᠳᠤ ᠵᠠᠰᠠᠬᠤ ᠲᠠᠯᠠᠪᠠᠶ ᠶᠢ 3429.14 ᠲᠦᠮᠡᠨ ᠮᠦ ᠳᠤ ᠪᠡᠶᠡᠯᠡᠭᠦᠯᠦᠨ᠎ᠡ᠂ ᠡᠭᠦᠨ ᠳᠤ 2024 ~ 2025 ᠣᠨ ᠳᠤ ᠵᠠᠰᠠᠬᠤ ᠡᠭᠦᠷᠭᠡ ᠶᠢᠨ 40% ᠶᠢ ᠪᠡᠶᠡᠯᠡᠭᠦᠯᠵᠦ᠂ 2026 ~ 2030 ᠣᠨ ᠳᠤ ᠵᠠᠰᠠᠬᠤ ᠡᠭᠦᠷᠭᠡ ᠶᠢᠨ 60% ᠶᠢ ᠪᠡᠶᠡᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 50%  ᠠᠴᠠ ᠳᠡᠭᠡᠭᠰᠢ ᠳᠤ ᠬᠦᠷᠦᠭᠦᠯᠦᠨ᠎ᠡ᠃       ᠪᠣᠳᠠᠲᠠᠢ ᠠᠵᠢᠯ ᠤᠨ ᠳᠤᠮᠳᠠ᠂ ᠮᠠᠨ ᠤ ᠬᠤᠲᠠ ᠲᠥᠷᠥᠯ ᠵᠦᠢᠯ ᠢᠶᠠᠷ ᠳᠠᠶᠢᠴᠢᠯᠠᠬᠤ ᠠᠷᠭ᠎ᠠ ᠮᠠᠶ᠋ᠢᠭ ᠢ ᠠᠪᠴᠤ᠂ ︽ᠤᠰᠤ ᠪᠠᠷ ᠨᠣᠭᠤᠭᠠᠨ ᠥᠩᠭᠡ ᠶᠢ ᠲᠣᠭᠲᠠᠭᠠᠬᠤ᠂ ᠣᠷᠣᠨ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠬᠥᠨᠥᠭᠡᠯ ᠠᠴᠠ ᠪᠣᠯᠵᠤ ᠰᠡᠷᠭᠡᠶᠢᠯᠡᠯᠲᠡ ᠪᠠᠶᠢᠷᠢᠯᠠᠭᠤᠯᠬᠤ︾ ᠵᠠᠷᠴᠢᠮ ᠶᠣᠰᠣᠭᠠᠷ᠂ ᠬᠡᠷᠡᠭᠵᠢᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠠᠰᠠᠬᠤ ᠡᠭᠦᠷᠭᠡ ᠪᠠᠨ ᠣᠷᠣᠨ ᠪᠦᠰᠡ ᠬᠤᠪᠢᠶᠠᠨ᠂ ᠣᠨ ᠬᠤᠪᠢᠶᠠᠨ ᠪᠣᠳᠠᠲᠠᠶᠢᠵᠢᠭᠤᠯᠵᠤ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠥᠯᠦᠪᠵᠢᠭᠦᠯᠭᠡ ᠶᠢᠨ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠢ ᠤᠷᠢᠵᠤ᠂ 2024 ︱ 2025 ᠣᠨ ᠤ 4 ᠣᠷᠣᠨ ᠪᠦᠰᠡ ᠶᠢᠨ 6 ᠬᠤᠪᠢᠶᠠᠷᠢ ᠲᠥᠷᠥᠯ ᠵᠦᠢᠯ ᠤᠨ 22 ᠰᠠᠭᠤᠷᠢ ᠲᠥᠷᠥᠯ ᠵᠦᠢᠯ ᠢ ᠤᠬᠠᠭᠠᠯᠠᠨ ᠲᠥᠯᠥᠪᠯᠡᠵᠦ ᠪᠣᠶ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠳᠥᠷᠪᠡᠨ ᠱᠠᠲᠤᠨ ᠤ ᠱᠦᠵᠢ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠬᠤᠲᠠ ᠶᠢᠨ ᠰᠢᠭᠤᠳ ᠬᠠᠷᠢᠶ᠎ᠠ ᠨᠢᠭᠡᠴᠡ ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠡ ᠮᠥᠩᠭᠦ ᠶᠢᠨ ᠳᠡᠮᠵᠢᠯᠭᠡ ᠳᠤ ᠲᠦᠰᠢᠭᠯᠡᠨ᠂ ᠠᠮᠢ ᠠᠬᠤᠢ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠢᠶᠠᠷ ᠡᠯᠡᠰᠦ ᠶᠢ ᠵᠠᠰᠠᠬᠤ ᠠᠵᠢᠯ ᠢ ᠥᠷᠨᠢᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠢ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 19 ᠲᠥᠷᠥᠯ ᠵᠦᠢᠯ ᠢ ᠠᠵᠢᠯ ᠡᠬᠢᠯᠡᠭᠦᠯᠵᠦ᠂ 88.29 ᠲᠦᠮᠡᠨ ᠮᠦ ᠶᠢ ᠪᠦᠲᠦᠭᠡᠨ ᠪᠠᠶᠢᠭᠤᠯᠵᠤ᠂ 10.85 ᠲᠦᠮᠡᠨ ᠮᠦ ᠶᠢ ᠨᠢᠭᠡᠨᠲᠡ ᠪᠡᠶᠡᠯᠡᠭᠦᠯᠪᠡ᠃ ᠡᠭᠦᠨ ᠳᠤ᠂ 4.2 ᠲᠦᠮᠡᠨ ᠮᠦ ᠡᠪᠡᠰᠦ ᠳᠠᠷᠢᠵᠤ᠂ 3.37 ᠲᠦᠮᠡᠨ ᠮᠦ ᠭᠠᠵᠠᠷ ᠲᠡᠭᠰᠢᠯᠡᠵᠦ᠂ 2.78 ᠲᠦᠮᠡᠨ ᠮᠦ ᠡᠯᠡᠰᠦ ᠶᠢ ᠪᠠᠷᠢᠯᠭ᠎ᠠ ᠶᠢᠨ ᠠᠵᠢᠯ ᠢᠶᠠᠷ ᠲᠣᠭᠲᠠᠪᠤᠷᠢᠵᠢᠭᠤᠯᠵᠤ᠂ 0.5 ᠲᠦᠮᠡᠨ ᠮᠦ ᠶᠢ ᠣᠶᠢᠵᠢᠭᠤᠯᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ