ᠮᠠᠨ ᠤ ᠬᠤᠲᠠ ᠶᠢᠨ ᠡᠷᠳᠡᠨᠢ ᠰᠢᠰᠢ ᠶᠢᠨ ᠮᠠᠰᠢᠨ ᠢᠶᠠᠷ ᠬᠤᠷᠢᠶᠠᠭᠰᠠᠨ ᠨᠣᠷᠮ᠎ᠠ 98% ᠳᠤ ᠬᠦᠷᠪᠡ
ᠨᠡᠶᠢᠲᠡᠯᠡᠭᠰᠡᠨ ᠴᠠᠭ᠄
2023/11/6
      ᠮᠠᠨ ᠤ ᠬᠤᠲᠠ ᠶᠢᠨ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠨᠢᠭᠡᠨᠲᠡ ᠣᠷᠭᠢᠯ ᠤᠨ ᠬᠤᠭᠤᠴᠠᠭᠠᠨ ᠳᠠᠭᠠᠨ ᠣᠷᠣᠵᠠᠢ᠃ 10 ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠬᠤᠲᠠ ᠶᠢᠨ ᠡᠷᠳᠡᠨᠢ ᠰᠢᠰᠢ ᠶᠢᠨ ᠮᠠᠰᠢᠨ ᠢᠶᠠᠷ ᠬᠤᠷᠢᠶᠠᠭᠰᠠᠨ ᠲᠠᠯᠠᠪᠠᠶ 523.75 ᠲᠦᠮᠡᠨ ᠮᠦ ᠳᠤ ᠬᠦᠷᠴᠦ᠂ ᠮᠠᠰᠢᠨ ᠢᠶᠠᠷ ᠬᠤᠷᠢᠶᠠᠭᠰᠠᠨ ᠨᠣᠷᠮ᠎ᠠ 98% ᠬᠦᠷᠴᠡᠢ︔ ᠪᠤᠭᠤᠳᠠᠢ ᠶᠢᠨ ᠮᠠᠰᠢᠨ ᠢᠶᠠᠷ ᠬᠤᠷᠢᠶᠠᠭᠰᠠᠨ ᠲᠠᠯᠠᠪᠠᠢ 79.97 ᠲᠦᠮᠡᠨ ᠮᠦ ᠳᠤ ᠬᠦᠷᠴᠦ᠂ ᠮᠠᠰᠢᠨ ᠢᠶᠠᠷ ᠬᠤᠷᠢᠶᠠᠭᠰᠠᠨ ᠨᠤᠷᠮ᠎ᠠ 100% ᠳᠤ ᠬᠦᠷᠴᠡᠢ︔ ᠰᠢᠷ᠎ᠠ ᠪᠤᠷᠴᠠᠭ ᠤᠨ ᠮᠠᠰᠢᠨ ᠢᠶᠠᠷ ᠬᠤᠷᠢᠶᠠᠭᠰᠠᠨ ᠲᠠᠯᠠᠪᠠᠶ ᠨᠢ 11.05 ᠲᠦᠮᠡᠨ ᠮᠦ ᠪᠠᠶᠢᠵᠤ᠂ ᠮᠠᠰᠢᠨ ᠢᠶᠠᠷ ᠬᠤᠷᠢᠶᠠᠭᠰᠠᠨ ᠨᠣᠷᠮ᠎ᠠ ᠨᠢ 94% ᠪᠣᠯᠣᠨ᠎ᠠ᠃ ᠮᠠᠰᠢᠨ ᠢᠶᠠᠷ ᠬᠤᠷᠢᠶᠠᠬᠤ ᠨᠢ ᠠᠵᠢᠯ ᠤᠨ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠮᠥᠷᠲᠡᠭᠡᠨ ᠠᠵᠢᠯ ᠤᠨ ᠥᠪᠡᠷ ᠤᠨ ᠥᠷᠲᠡᠭ ᠢ ᠴᠦ ᠪᠠᠭᠤᠷᠠᠭᠤᠯᠤᠭᠰᠠᠨ ᠪᠠᠶᠢᠨ᠎ᠠ᠃ ᠡᠭᠦᠨ ᠤ ᠵᠡᠷᠭᠡ ᠳᠤ᠂ ᠪᠥᠬᠦ ᠬᠤᠲᠠ ᠶᠢᠨ ᠮᠠᠰᠢᠨ ᠢᠶᠠᠷ ᠲᠠᠷᠢᠶᠠᠨ ᠭᠠᠵᠠᠷ ᠲᠡᠭᠰᠢᠯᠡᠭᠰᠡᠨ ᠲᠠᠯᠠᠪᠠᠶ 323.7 ᠲᠦᠮᠡᠨ ᠮᠦ ᠳᠤ ᠬᠦᠷᠴᠦ᠂ ᠭᠦᠨ ᠨᠠᠷᠠᠰᠤᠨ ᠤ ᠲᠠᠯᠠᠪᠠᠶ 57.8 ᠲᠦᠮᠡᠨ ᠮᠦ ᠳᠤ ᠬᠦᠷᠴᠡᠢ᠃       ᠣᠶᠢᠯᠠᠭᠠᠭᠰᠠᠨ ᠢᠶᠠᠷ᠂ ᠪᠥᠬᠦ ᠬᠤᠲᠠ ᠳᠤ ᠨᠡᠶᠢᠲᠡ 120163 ᠲᠷᠠᠺᠲ᠋ᠣᠷ᠂ 2258 ᠡᠷᠳᠡᠨᠢ ᠰᠢᠰᠢ ᠬᠤᠷᠢᠶᠠᠬᠤ ᠮᠠᠰᠢᠨ᠂ 831 ᠪᠤᠭᠤᠳᠠᠢ ᠬᠤᠷᠢᠶᠠᠬᠤ ᠮᠠᠰᠢᠨ᠂ 42 ᠰᠢᠷ᠎ᠠ ᠪᠤᠷᠴᠠᠭ ᠬᠤᠷᠢᠶᠠᠬᠤ ᠮᠠᠰᠢᠨ᠂ 172716 ᠲᠠᠷᠢᠶᠠᠯᠠᠵᠤ ᠭᠠᠵᠠᠷ ᠲᠡᠭᠰᠢᠯᠡᠬᠦ ᠮᠠᠰᠢᠨ᠂ 186800 ᠭᠠᠷᠤᠢ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠵᠤ᠂ 3830 ᠲᠠᠷᠢᠶᠠᠯᠠᠩ ᠤᠨ ᠮᠠᠰᠢᠨ᠂ ᠰᠡᠯᠪᠢᠨ ᠵᠠᠰᠠᠬᠤ ᠠᠵᠢᠯᠲᠠᠨ ᠢ ᠪᠣᠯᠪᠠᠰᠤᠷᠠᠭᠤᠯᠵᠠᠢ᠃       ᠵᠠᠯᠭᠠᠭᠠᠳ᠂ ᠮᠠᠨ ᠤ ᠬᠤᠲᠠ ᠶᠢᠨ ᠲᠠᠷᠢᠶᠠᠯᠠᠩ ᠤᠨ ᠮᠠᠰᠢᠨᠴᠢᠯᠠᠯᠲᠠ ᠶᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠬᠤᠷᠢᠶᠠᠯᠲᠠ ᠶᠢᠨ ᠠᠬᠢᠴᠠ ᠶᠢ ᠦᠷᠭᠦᠯᠵᠢᠯᠡᠨ ᠴᠢᠩᠭ᠎ᠠ ᠠᠩᠬᠠᠷᠴᠤ᠂ ᠮᠥᠬᠦᠯᠢᠭ ᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠡᠯᠪᠡᠭ ᠬᠤᠷᠢᠶᠠᠯᠲᠠ ᠶᠢ ᠬᠠᠮᠠᠭᠠᠯᠠᠨ᠎ᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ