ᠲᠦᠷᠦᠭᠦᠸ ᠭᠤᠷᠪᠠᠨ ᠤᠯᠠᠷᠢᠯ ᠳᠤ ᠮᠠᠨ ᠤ ᠬᠤᠲᠠ ᠶᠢᠨ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 109 ᠪᠣᠶ
ᠨᠡᠶᠢᠲᠡᠯᠡᠭᠰᠡᠨ ᠴᠠᠭ᠄
2023/11/6
      ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 1269.5 ᠳ᠋ᠦᠩᠰᠢᠭᠤᠷ ᠲᠥᠭᠦᠷᠢᠭ ᠲᠤ ᠬᠦᠷᠴᠡᠢ       ᠣᠶᠢᠷ᠎ᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠲᠦᠷᠦᠭᠦᠸ ᠭᠤᠷᠪᠠᠨ ᠤᠯᠠᠷᠢᠯ ᠳᠤ᠂ ᠮᠠᠨ ᠤ ᠬᠤᠲᠠ ᠶᠢᠨ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 109 ᠪᠠᠶᠢᠵᠤ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 1269.5 ᠳ᠋ᠦᠩᠰᠢᠭᠤᠷ ᠲᠥᠭᠦᠷᠢᠭ ᠲᠤ ᠬᠦᠷᠴᠦ᠂ 59 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 54.1% ᠳᠤ ᠬᠦᠷᠴᠡᠢ︔ ᠪᠠᠷᠢᠯᠭ᠎ᠠ ᠳᠠᠭᠤᠰᠤᠭᠰᠠᠨ ᠨᠣᠷᠮ᠎ᠠ 6.8% ᠳᠤ ᠬᠥᠷᠪᠡ︔ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ 30.7% ᠪᠣᠯᠪᠠ᠃       ᠡᠭᠦᠨ ᠳᠤ᠂ ᠣᠷᠣᠨ ᠤ ᠭᠠᠳᠠᠨᠠᠬᠢ 83 ᠲᠥᠷᠥᠯ ᠵᠦᠢᠯ ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 847.3 ᠳ᠋ᠦᠩᠰᠢᠭᠤᠷ ᠲᠥᠭᠦᠷᠢᠭ ᠲᠤ ᠬᠦᠷᠴᠦ᠂ 46 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 55.4% ᠪᠣᠯᠣᠨ᠎ᠠ︔ ᠪᠠᠷᠢᠯᠭ᠎ᠠ ᠳᠠᠭᠤᠰᠤᠭᠰᠠᠨ ᠨᠣᠷᠮ᠎ᠠ 6.5% ᠳᠤ ᠬᠥᠷᠪᠡ︔ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ 28% ᠪᠣᠯᠪᠠ᠃ ᠣᠷᠣᠨ ᠤ ᠳᠣᠲᠣᠷᠠᠬᠢ ᠲᠥᠷᠥᠯ ᠵᠦᠢᠯ 26 ᠪᠠᠶᠢᠵᠤ᠂ ᠵᠥᠪᠳᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 422.2 ᠳ᠋ᠦᠩᠰᠢᠭᠤᠷ ᠲᠥᠭᠦᠷᠢᠭ ᠲᠤ ᠬᠦᠷᠴᠦ᠂ 13 ᠲᠥᠷᠥᠯ ᠵᠦᠢᠯ ᠢ ᠨᠢᠭᠡᠳᠦᠯᠲᠡᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ 50% ᠳᠤ ᠬᠥᠷᠪᠡ︔ ᠪᠠᠷᠢᠯᠭ᠎ᠠ ᠳᠠᠭᠤᠰᠤᠭᠰᠠᠨ ᠨᠣᠷᠮ᠎ᠠ 7.7% ᠳᠤ ᠬᠥᠷᠪᠡ︔ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠶᠢᠵᠢᠭᠰᠠᠨ ᠨᠣᠷᠮ᠎ᠠ 33.4% ᠳᠤ ᠬᠥᠷᠪᠡ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ