ᠡᠨᠡ ᠵᠢᠯ ᠮᠠᠨ ᠤ ᠬᠤᠲᠠ ᠨᠢᠭᠡᠨᠲᠡ 46257 ᠲᠦᠮᠡᠨ ᠲᠥᠭᠦᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2023/11/6
      ᠣᠶᠢᠷ᠎ᠠ ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠨᠢᠭᠡᠨᠲᠡ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ 46257 ᠲᠦᠮᠡᠨ ᠲᠥᠭᠦᠷᠢᠭ ᠪᠠᠭᠤᠯᠭᠠᠪᠠ᠃       ᠡᠨᠡ ᠵᠢᠯ ᠠᠴᠠ ᠨᠠᠰᠢ᠂ ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ ᠱᠠᠩᠨᠠᠨ ᠬᠥᠬᠢᠭᠦᠯᠬᠦ ᠪᠠ ᠨᠥᠬᠦᠪᠦᠷᠢ ᠥᠭᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠪᠠ᠃ ᠣᠲᠣ ᠪᠣᠯᠲᠠᠯ᠎ᠠ᠂ ᠮᠠᠨ ᠤ ᠬᠤᠲᠠ ᠨᠢᠭᠡᠨᠲᠡ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠦᠷᠢ ᠪᠡᠯᠡ ᠮᠥᠩᠭᠦ 46257 ᠲᠦᠮᠡᠨ ᠲᠥᠭᠦᠷᠢᠭ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ 33765 ᠲᠦᠮᠡᠨ ᠲᠥᠭᠦᠷᠢᠭ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠪᠡᠯᠡ ᠮᠥᠩᠭᠦ 19872 ᠲᠦᠮᠡᠨ ᠲᠥᠭᠦᠷᠢᠭ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠪᠡᠯᠡ ᠮᠥᠩᠭᠦ 20700 ᠲᠦᠮᠡᠨ ᠲᠥᠭᠦᠷᠢᠭ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠪᠡᠯᠡ ᠮᠥᠩᠭᠦ 3649 ᠲᠦᠮᠡᠨ ᠲᠥᠭᠦᠷᠢᠭ ᠪᠠᠭᠤᠯᠭᠠᠵᠤ᠂ ᠬᠥᠷᠥᠰᠥ ᠰᠢᠷᠣᠢ ᠶᠢᠨ ᠬᠦᠴᠦ ᠰᠢᠮ᠎ᠡ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ ᠪᠠ ᠳᠡᠭᠡᠭᠰᠢᠯᠡᠭᠦᠯᠬᠦ ᠠᠵᠢᠯ ᠢ ᠬᠦᠴᠦᠲᠡᠢ ᠳᠡᠮᠵᠢᠵᠦ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠪᠠ᠃ 
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ