ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠰᠤᠷᠭᠠᠨ ᠬᠥᠮᠦᠵᠢᠯ ᠤᠨ ᠬᠠᠷᠠᠯᠲᠠ ᠳᠤ | ᠲᠦᠪᠯᠡᠷᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠤᠯᠴᠠᠯᠭ᠎ᠠ ᠶᠢ | ᠣᠯᠠᠨ ᠠᠷᠭ᠎ᠠ ᠵᠠᠮ᠂ ᠣᠯᠠᠨ ᠬᠠᠷᠠᠭᠠᠰᠤ ᠠᠴᠠ ᠪᠠᠶᠢᠩᠭᠤᠵᠢᠭᠤᠯᠤᠨ ᠥᠷᠨᠢᠭᠦᠯᠵᠦ᠂ ᠬᠢᠯᠢ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠭᠠᠵᠠᠷ | ᠣᠷᠣᠨ ᠤ ᠰᠤᠷᠤᠭᠴᠢᠳ ᠤᠨ ᠨᠠᠰᠤᠨ ᠲᠤᠷᠰᠢᠲᠠ ᠶᠢᠨ ᠬᠥᠭᠵᠢᠯᠲᠡ ᠳᠤ ᠰᠠᠭᠤᠷᠢ ᠲᠠᠯᠪᠢᠵᠤ ᠪᠠᠶᠢᠨ᠎ᠠ᠃ | ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠡᠯ᠎ᠡ ᠰᠤᠷᠭᠠᠭᠤᠯᠢ ︽ᠠᠨᠠᠷ ᠤᠨ ᠦᠷ᠎ᠡ ᠰᠢᠭ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ | ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠵᠤ᠂ ︽ᠨᠠᠢᠮᠠᠨ ᠨᠢᠭᠡ︾ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠵᠢᠷᠤᠮᠵᠢᠯ ᠤᠨ ᠰᠤᠷᠭᠠᠭᠤᠯᠢ ᠶᠢᠨ ᠪᠠᠷᠢᠮᠵᠢᠶ᠎ᠠ ᠳᠤ ᠬᠦᠷᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠪᠠᠭᠠᠴᠤᠳ ᠬᠡᠦᠬᠡᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠭᠦᠨᠵᠡᠭᠡᠶᠢᠷᠡᠭᠦᠯᠦᠨ᠂ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠦᠴᠦ ᠨᠡᠮᠡᠷᠢᠯᠡᠵᠦ ᠪᠠᠶᠢᠨ᠎ᠠ᠃ ᠣᠲᠣ ᠪᠣᠯᠲᠠᠯ᠎ᠠ᠂ | ᠣᠷᠠᠳ ᠤᠨ ᠲᠣᠮᠳᠠᠳᠣ ᠬᠤᠰᠢᠭᠤ ᠨᠢᠭᠡᠨᠲᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ | ᠪᠠᠷᠢᠮᠵᠢᠶ᠎ᠠ ᠳᠤ ᠬᠦᠷᠬᠦ 13 ᠰᠤᠷᠭᠠᠭᠤᠯᠢ ᠶᠢ ᠡᠭᠦᠳᠦᠨ ᠪᠠᠶᠢᠭᠤᠯᠵᠤ᠂ ᠪᠠᠷᠢᠮᠵᠢᠶ᠎ᠠ ᠳᠤ ᠬᠦᠷᠬᠦ ᠨᠣᠷᠮ᠎ᠠ ᠨᠢ 87.5% ᠳᠤ ᠬᠦᠷᠪᠡ᠃ | ᠰᠤᠷᠭᠠᠭᠤᠯᠢ ᠨᠢ ᠰᠠᠭᠤᠷᠢ ᠪᠣᠯᠬᠤ ᠦᠢᠯᠡᠳᠦᠯ᠂ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠪᠠᠳᠠᠷᠠᠭᠤᠯᠵᠤ᠂ ᠤᠷᠠᠳ ᠤᠨ ᠳᠤᠮᠳᠠᠳᠤ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠦᠭᠡ ᠬᠡᠯᠡ ᠦᠰᠦᠭ ᠪᠢᠴᠢᠭ ᠤᠨ ᠠᠵᠢᠯ ᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠠ | ᠪᠣᠯᠪᠠᠰᠤᠨ ᠢ ᠡᠭᠦᠳᠦᠨ ᠪᠠᠶᠢᠭᠤᠯᠬᠤ ᠪᠦᠬᠦ᠋ᠢᠯᠡ ᠠᠵᠢᠯ ᠳᠤ ᠣᠷᠣᠭᠤᠯᠵᠤ᠂ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠢᠨᠵᠧᠨᠧᠷᠢᠩ ᠳᠤ | ᠣᠷᠣᠭᠤᠯᠵᠤ᠂ ᠪᠠᠭᠰᠢ ᠶᠢᠨ ᠦᠨᠳᠦᠰᠦᠨ ᠪᠣᠯᠪᠠᠰᠤᠷᠠᠯ᠂ ᠬᠢᠷᠢ ᠬᠡᠮ ᠤᠨ ᠮᠠᠭᠠᠳᠯᠠᠯᠲᠠ ᠪᠠ ᠲᠤᠰᠢᠶᠠᠯ ᠤᠨ ᠰᠢᠯᠭᠠᠷᠠᠭᠤᠯᠤᠯᠲᠠ ᠤᠷᠢᠯᠭ᠎ᠠ ᠶᠢᠨ ᠴᠢᠬᠤᠯᠠ ᠨᠥᠬᠦᠴᠡᠯ | ᠪᠣᠯᠭᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠩ ᠤᠨ ᠬᠠᠮᠢᠶᠠᠷᠤᠯᠲᠠ ᠪᠠ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠦᠨᠡᠯᠡᠯᠲᠡ ᠶᠢᠨ ᠪᠠᠷᠢᠮᠵᠢᠶ᠎ᠠ ᠳᠤ ᠣᠷᠣᠭᠤᠯᠬᠤ ᠶᠢᠨ ᠬᠠᠮᠲᠤ ᠰᠤᠷᠤᠭᠴᠢᠳ ᠤᠨ ᠪᠥᠬᠦ ᠲᠠᠯ᠎ᠠ ᠶᠢᠨ ᠬᠦᠭᠵᠢᠯᠳᠡ ᠶᠢᠨ ᠰᠤᠷᠭᠠᠨ ᠬᠥᠮᠦᠵᠢᠯ ᠤᠨ | ᠠᠵᠢᠯᠯᠠᠭ᠎ᠠ ᠳᠤ ᠨᠡᠪᠴᠢᠭᠦᠯᠪᠡ᠃ ᠡᠭᠦᠨ ᠤ ᠬᠠᠮᠲᠤ᠂ ᠦᠨᠳᠦᠰᠦᠲᠡᠨ ᠤ ᠬᠢᠴᠢᠶᠡᠯᠯᠡᠭᠡ ᠶᠢᠨ ᠪᠠᠭᠰᠢ ᠶᠢᠨ ᠨᠡᠶᠢᠳᠡᠯᠢᠭ ᠬᠡᠯᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠨᠡᠶᠢᠳᠡᠯᠢᠭ ᠬᠡᠯᠡᠨ ᠤ ᠬᠢᠷᠢ ᠬᠡᠮᠵᠢᠶ᠎ᠡ ᠨᠢ ᠬᠤᠶᠠᠳᠤᠭᠠᠷ ᠳᠡᠰ ᠤᠨ ᠬᠥᠬᠡᠭᠴᠢᠨ ᠲᠠᠰ ᠠᠴᠠ ᠳᠣᠷᠣᠭᠰᠢᠬᠢ ᠪᠤᠶᠤ ᠨᠡᠶᠢᠳᠡᠯᠢᠭ ᠬᠡᠯᠡᠨ ᠤ ᠦᠨᠡᠮᠯᠡᠯ ᠦᠭᠡᠢ ᠪᠠᠭᠰᠢ ᠳᠤ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠥᠪᠯᠡᠷᠡᠩᠭᠦᠢ ᠪᠣᠯᠪᠠᠰᠤᠷᠠᠯ ᠬᠢᠵᠦ᠂ ᠮᠣᠩᠭᠤᠯ ᠦᠨᠳᠦᠰᠦᠲᠡᠨ ᠤ ᠰᠤᠷᠭᠠᠭᠤᠯᠢ ᠶᠢᠨ 58 ᠪᠠᠭᠰᠢ ᠪᠠ | ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ 34 ᠪᠠᠭᠰᠢ ᠳᠤ ᠨᠡᠶᠢᠳᠡᠯᠢᠭ ᠬᠡᠯᠡᠨ ᠤ ᠰᠢᠯᠭᠠᠯᠲᠠ ᠬᠢᠵᠦ᠂ ᠰᠢᠯᠭᠠᠯᠲᠠ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠨᠢ 87% ᠳᠤ ᠬᠦᠷᠪᠡ᠃ | ᠬᠤᠶᠢᠰᠢᠳᠠ᠂ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ | ᠶᠠᠪᠤᠳᠠᠯ ᠢ ᠨᠢᠭᠡ ᠵᠦᠢᠯ ᠤᠨ ᠦᠷᠭᠦᠯᠵᠢᠯᠡᠭᠰᠡᠨ᠂ ᠤᠷᠲᠤ ᠬᠤᠭᠤᠴᠠᠭᠠᠨ ᠤ ᠠᠵᠢᠯ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠳᠤᠮᠳᠠᠳᠤ ᠶᠢᠨ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠢᠯᠢ ᠬᠢᠵᠠᠭᠠᠷ ᠤᠨ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠤ ᠰᠤᠷᠤᠭᠴᠢᠳ ᠤᠨ ᠨᠠᠰᠤᠨ ᠲᠤᠷᠰᠢᠲᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠥᠷᠭᠡᠨ ᠠᠭᠤᠳᠠᠮ ᠣᠷᠣᠨ | ᠵᠠᠢ ᠶᠢ ᠥᠷᠭᠡᠳᠬᠡᠨ᠂ ᠤᠷᠤᠭᠰᠢᠯᠠᠬᠤ ᠠᠯᠬᠤᠴᠠ ᠪᠠᠨ ᠲᠦᠷᠭᠡᠳᠬᠡᠵᠦ᠂ ᠪᠥᠬᠦ ᠨᠡᠶᠢᠭᠡᠮ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠰᠤᠷᠤᠯᠴᠠᠵᠤ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠭᠡ ᠬᠡᠯᠡ ᠥᠰᠥᠭ ᠪᠢᠴᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠬᠤ ᠪᠠᠷ ᠪᠣᠢ᠃ | | | |