ᠣᠶᠢᠷ᠎ᠠ ᠳᠤ᠂ ᠬᠠᠯᠢᠭᠤᠳᠣ ᠪᠠᠯᠭᠠᠰᠤᠨ ᠤ ᠵᠡᠭᠦᠨ ᠬᠤᠶᠢᠲᠤ ᠬᠡᠰᠡᠭ ᠲᠤ ᠪᠠᠶᠢᠭ᠎ᠠ ᠴᠢ ᠸᠧᠢ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ | ᠠᠰᠢᠭᠯᠠᠯᠲᠠ ᠳᠤ ᠣᠷᠣᠵᠤ᠂ ᠤᠷᠠᠳ ᠤᠨ ᠳᠤᠮᠳᠠᠳᠤ ᠬᠤᠰᠢᠭᠤᠨ ᠤ ᠨᠡᠩ ᠲᠦᠷᠢᠮᠵᠢᠭᠰᠡᠨ ᠠᠮᠢᠳᠤ ᠮᠠᠯ ᠤᠨ ᠠᠷᠠᠯᠵᠢᠶᠠᠨ ᠤ ᠲᠠᠪᠴᠠᠩ ᠢ ᠪᠠᠶᠢᠭᠤᠯᠬᠤ ᠳᠤ | ᠬᠥᠳᠡᠯᠭᠡᠬᠦ ᠬᠦᠴᠦᠨ ᠨᠡᠮᠡᠷᠢᠯᠡᠪᠡ᠃ | ᠣᠶᠢᠯᠠᠭᠠᠭᠰᠠᠨ ᠢᠶᠠᠷ᠂ ᠴᠢ ᠸᠧᠢ ᠠᠮᠢᠳᠤ ᠮᠠᠯ ᠤᠨ ᠪᠠᠷᠢᠮᠵᠢᠶᠠᠵᠢᠭᠰᠠᠨ ᠠᠷᠠᠯᠵᠢᠶᠠᠨ ᠤ ᠵᠠᠬ᠎ᠠ ᠳᠡᠯᠭᠡᠭᠦᠷ ᠨᠢ ᠠᠮᠢᠳᠤ ᠮᠠᠯ ᠤᠨ ᠠᠷᠠᠯᠵᠢᠶ᠎ᠠ᠂ ᠮᠠᠯ ᠤᠨ ᠠᠰᠢᠭ | ᠰᠢᠮ᠎ᠡ ᠶᠢᠨ ᠳᠡᠯᠭᠡᠨ ᠪᠣᠷᠣᠯᠠᠭᠤᠯᠤᠯᠲᠠ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠵᠤ᠂ ᠲᠥᠷᠥᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ ᠨᠢ 4800 ᠲᠦᠮᠡᠨ ᠲᠥᠭᠦᠷᠢᠭ ᠪᠠᠶᠢᠵᠤ᠂ ᠶᠡᠷᠦᠩᠬᠡᠢ ᠲᠠᠯᠠᠪᠠᠶ ᠨᠢ 4.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ | ᠬᠠᠮᠢᠶᠠᠷᠤᠯᠲᠠ ᠳᠤ ᠬᠡᠷᠡᠭᠯᠡᠬᠦ ᠭᠡᠷ ᠪᠠᠶᠢᠰᠢᠩ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠵᠢᠴᠢ ᠪᠤᠰᠤᠳ ᠢᠵᠢ ᠪᠦᠷᠢᠳᠦᠭᠰᠡᠨ | ᠲᠥᠬᠦᠭᠡᠷᠦᠮᠵᠢ ᠲᠠᠢ ᠪᠠᠶᠢᠵᠣ᠂ ᠪᠠᠷᠢᠮᠵᠢᠶᠠᠵᠢᠭᠤᠯᠤᠭᠰᠠᠨ ᠬᠠᠰᠢᠶ᠎ᠠ ᠳᠤ ᠦᠬᠡᠷ᠂ ᠬᠤᠨᠢ᠂ ᠠᠳᠣᠭᠤ ᠵᠡᠷᠭᠡ ᠡᠯ᠎ᠡ ᠲᠥᠷᠥᠯ ᠤᠨ ᠠᠮᠢᠳᠤ ᠮᠠᠯ ᠢ ᠬᠠᠮᠲᠤ ᠳᠤᠨᠢ 2 | ᠲᠦᠮᠡ ᠭᠠᠷᠤᠢ ᠪᠠᠭᠲᠠᠭᠠᠵᠤ᠂ ᠵᠢᠱᠢᠯᠲᠡ ᠪᠠᠷ ᠵᠢᠯ ᠤᠨ ᠠᠷᠠᠯᠵᠢᠶᠠᠨ ᠤ ᠬᠡᠮᠵᠢᠶ᠎ᠡ ᠨᠢ 100 ᠲᠦᠮᠡᠨ ᠲᠣᠯᠣᠭᠠᠢ ᠳᠤ ᠬᠦᠷᠴᠦ ᠲᠡᠶᠢᠯᠦᠨ᠎ᠡ᠃ | | | |