ᠭᠠᠭᠴᠠᠮᠤᠳᠤ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠲᠡᠷᠭᠡᠨ ᠵᠣᠭᠰᠣᠭᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠦ ᠪᠤᠢ
ᠨᠡᠶᠢᠲᠡᠯᠡᠭᠰᠡᠨ ᠴᠠᠭ᠄
2023/11/7
      ᠣᠶᠢᠯᠠᠭᠠᠭᠰᠠᠨ ᠢᠶᠠᠷ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠲᠡᠷᠭᠡᠨ ᠵᠣᠭᠰᠣᠭᠠᠯ ᠵᠢᠴᠢ ᠢᠵᠢ ᠪᠦᠷᠢᠳᠦᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠨᠡ ᠵᠢᠯ ᠤᠨ 11 ᠰᠠᠷ᠎ᠠ ᠳᠤ ᠪᠥᠬᠦ ᠲᠠᠯ᠎ᠠ ᠪᠠᠷ ᠳᠠᠭᠤᠰᠬᠠᠬᠤ ᠪᠠᠷ ᠴᠢᠷᠮᠠᠶᠢᠵᠦ ᠪᠠᠶᠢᠨ᠎ᠠ᠃       ᠶᠡᠷᠦᠩᠬᠡᠶᠢᠯᠡᠭᠰᠡᠨ ᠲᠡᠷᠭᠡᠨ ᠵᠣᠭᠰᠣᠭᠠᠯ ᠵᠢᠴᠢ ᠢᠵᠢ ᠪᠥᠷᠢᠳᠦᠭᠦᠯᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠠᠶᠤᠯᠲᠠᠶ ᠬᠢᠮᠢ  ᠶᠢᠨ ᠪᠣᠳᠠᠰ ᠤᠨ ᠲᠡᠷᠭᠡᠨ ᠵᠣᠭᠰᠣᠭᠠᠯ ᠤᠨ ᠣᠷᠣᠨ ᠪᠠ ᠡᠩ ᠤᠨ ᠪᠠᠷᠠᠭᠠᠨ ᠤ ᠲᠡᠷᠭᠡᠨ ᠵᠣᠭᠰᠣᠭᠠᠯ ᠤᠨ ᠣᠷᠣᠨ ᠭᠡᠵᠦ ᠬᠤᠪᠢᠶᠠᠵᠤ᠂ ᠲᠥᠷᠥᠯ  ᠵᠦᠢᠯ ᠤᠨ ᠶᠡᠷᠦᠩᠬᠡᠶ ᠡᠵᠡᠯᠡᠬᠦ ᠲᠠᠯᠠᠪᠠᠶ ᠨᠢ ᠪᠠᠷᠤᠭ 26 ᠲᠦᠮᠡᠨ ᠲᠡᠭᠰᠢ ᠳᠥᠷᠪᠡᠯᠵᠢᠨ  ᠮᠧᠲᠷ ᠬᠦᠷᠴᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 1.2 ᠲᠦᠮᠡᠨ ᠲᠡᠭᠰᠢ ᠳᠥᠷᠪᠡᠯᠵᠢᠨ  ᠮᠧᠲᠷ ᠪᠠᠶᠢᠵᠦ᠂ ᠶᠡᠷᠦᠩᠬᠡᠶ ᠪᠠᠯᠠ ᠣᠷᠣᠭᠤᠯᠤᠯᠲᠠ ᠨᠢ 7627 ᠲᠦᠮᠡᠨ ᠲᠥᠭᠦᠷᠢᠭ ᠪᠣᠯᠤᠨ᠎ᠠ᠃ ᠠᠶᠤᠯᠲᠠᠶ ᠬᠢᠮᠢ ᠶᠢᠨ ᠪᠣᠳᠠᠰ ᠤᠨ ᠲᠡᠷᠭᠡᠨ ᠵᠣᠭᠰᠣᠭᠠᠯ ᠤᠨ ᠣᠷᠣᠨ ᠳᠤ 48 ᠬᠤᠭᠤᠰᠣᠨ ᠲᠡᠷᠭᠡᠨ ᠵᠣᠭᠰᠣᠭᠠᠯ ᠭᠠᠷᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠭᠡᠷ᠂ ᠭᠠᠯ ᠤᠨᠲᠠᠷᠠᠭᠠᠬᠤ ᠬᠥᠭᠡᠷᠭᠡ ᠶᠢᠨ ᠭᠡᠷ᠂ ᠪᠤᠵᠠᠷ ᠤᠰᠤ ᠴᠤᠭᠯᠠᠭᠤᠯᠬᠤ ᠴᠦᠬᠦᠷᠦᠮ ᠵᠡᠷᠭᠡ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠪᠠ᠃ ᠡᠩ ᠤᠨ ᠪᠠᠷᠠᠭᠠᠨ ᠤ ᠲᠡᠷᠭᠡᠨ ᠵᠣᠭᠰᠣᠭᠠᠯ ᠤᠨ ᠣᠷᠣᠨ  ᠳᠤ 208 ᠡᠩ ᠤᠨ ᠪᠠᠷᠠᠭᠠᠨ ᠤ ᠲᠡᠷᠭᠡᠨ ᠵᠣᠭᠰᠣᠭᠠᠯ ᠭᠠᠷᠭᠠᠵᠦ᠂ ᠵᠢᠵᠢᠭ ᠬᠡᠯᠪᠡᠷᠢ ᠶᠢᠨ ᠮᠠᠰᠢᠨ ᠲᠡᠷᠭᠡᠨ ᠤ 248 ᠲᠡᠷᠭᠡᠨ ᠵᠣᠭᠰᠣᠭᠠᠯ ᠭᠠᠷᠭᠠᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ᠂ ᠰᠡᠯᠪᠢᠨ ᠵᠠᠰᠠᠬᠤ ᠲᠣᠭᠤᠷᠢᠭ ᠵᠡᠷᠭᠡ ᠶᠢ ᠢᠵᠢ ᠪᠦᠷᠢᠳᠦᠬᠦᠯᠦᠨ ᠪᠦᠳᠦᠭᠡᠨ ᠪᠠᠶᠢᠭᠤᠯᠪᠠ᠃       ᠲᠤᠰ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠲᠣᠭᠤᠷᠢᠭ ᠤᠨ ᠲᠡᠷᠭᠡ ᠵᠣᠭᠰᠣᠬᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠢ ᠨᠠᠮᠳᠠᠭᠤᠯᠵᠤ᠂ ᠲᠣᠭᠤᠷᠢᠭ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠠᠮᠤᠷ ᠲᠦᠪᠰᠢᠨ ᠤ ᠭᠡᠮ ᠰᠣᠭᠤᠭ ᠢ ᠪᠦᠳᠦᠮᠵᠢᠳᠡᠢ ᠰᠢᠢᠤᠨᠪᠦᠷᠢᠯᠡᠵᠦ ᠴᠢᠳᠠᠨ᠎ᠠ᠃ ᠡᠭᠦᠨ ᠤ ᠬᠠᠮᠲᠤ᠂ ᠲᠣᠭᠤᠷᠢᠭ ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠣᠭᠤᠷᠢᠭ  ᠤᠨ ᠶᠡᠷᠦᠩᠬᠡᠶᠢᠯᠡᠭᠰᠡᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠤᠨ᠂ ᠲᠣᠭᠤᠷᠢᠭ ᠤᠨ ᠬᠢᠮᠢ ᠶᠢᠨ ᠠᠵᠤ  ᠦᠢᠯᠡᠳᠪᠦᠷᠢ ᠶᠢᠨ ᠲᠥᠷᠥᠯ ᠤᠨ ᠠᠵᠤ  ᠦᠢᠯᠡᠰ ᠤᠨ ᠲᠥᠷᠥᠯ  ᠵᠦᠢᠯ ᠤᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ